ᠪᠠᠶ᠋ᠬᠠᠤᠯᠠᠭᠠᠨ ᠰᠤᠮᠤ᠄  ᠲᠤᠳᠤᠨᠠᠬᠢ ᠭᠠᠳᠠᠨᠠᠬᠢ ᠶᠢ ᠵᠡᠷᠭᠡᠪᠡᠷ  ᠵᠠᠰᠠᠨ ᠴᠡᠪᠡᠷᠯᠡᠵᠦ ᠦᠵᠡᠰᠬᠦᠯᠡᠩᠲᠦ ᠰᠠᠶᠢᠬᠠᠨ ᠬᠡᠷ ᠤᠷᠤᠨ ᠢᠶᠠᠨ ᠴᠤᠬᠴᠠᠯᠠᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2021/12/2
    ᠲᠣᠰᠬᠤᠨ ᠤ ᠵᠠᠮ ᠨᠢ ᠴᠡᠪᠡᠷ ᠴᠡᠮᠴᠡᠭᠡᠷ᠂ ᠬᠦᠷᠢᠶ᠎ᠡ  ᠬᠠᠰᠢᠶ᠎ᠠ ᠨᠢ ᠡᠮᠬᠢ ᠳᠢᠭᠯᠢᠮ ᠲᠠᠢ᠂ ᠠᠷᠠᠳ ᠤᠨ ᠣᠷᠣᠨ ᠰᠠᠭᠤᠴᠠ ᠨᠢ ᠲᠡᠷᠢ ᠲᠡᠭᠰᠢ᠃ ᠡᠨᠡ ᠪᠣᠯ ᠡᠪᠦᠯ ᠤᠨ ᠤᠯᠠᠷᠢᠯ ᠤᠨ ᠪᠠᠶ᠋ᠬᠠᠤᠯᠠᠭᠠᠨ ᠰᠤᠮᠤ ᠶᠢᠨ ᠵᠢᠷᠭᠤᠭᠠᠳᠠᠢ ᠭᠠᠴᠠᠭ᠎ᠠ ᠶᠢᠨ ︽ᠰᠢᠨ᠎ᠡ ᠳᠦᠷᠰᠦ ᠪᠠᠶᠢᠳᠠᠯ︾᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠤ ︽ᠰᠢᠨ᠎ᠡ ᠦᠷ᠎ᠡ ᠪᠦᠲᠦᠭᠡᠯ︾ ᠪᠣᠯᠤᠨ᠎ᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠵᠠᠯᠠᠶᠢᠳ ᠬᠤᠰᠢᠭᠤᠨ ᠤ ᠪᠠᠶ᠋ᠬᠠᠤᠯᠠᠭᠠᠨ ᠰᠤᠮᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ︽ᠭᠠᠳᠠᠷ ᠲᠠᠯ᠎ᠠ︾ ᠶᠢᠨ ᠣᠷᠴᠢᠨ ᠲᠣᠭᠤᠷᠢᠨ ᠢ ᠴᠡᠪᠡᠷᠰᠢᠭᠦᠯᠬᠦ ᠪᠠ ᠬᠥᠮᠦᠰ ᠤᠨ ᠣᠷᠣᠰᠢᠨ ᠰᠠᠭᠤᠬᠤ ︽ᠲᠤᠳᠤᠷ ᠲᠠᠯ᠎ᠠ︾ ᠶᠢᠨ ᠣᠷᠴᠢᠨ ᠲᠣᠭᠤᠷᠢᠨ ᠢ ᠭᠤᠶᠤᠵᠢᠭᠤᠯᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠳᠣᠲᠣᠨ᠎ᠠ ᠭᠠᠳᠠᠨᠠᠬᠢ ᠶᠢ ᠬᠠᠮᠲᠤ ᠳᠤᠨᠢ ᠵᠠᠰᠠᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ  ᠨᠡᠩ ᠭᠤᠶᠣ ᠰᠠᠶᠢᠬᠠᠨ ᠪᠤᠯᠭᠠᠵᠤ ᠪᠤᠢ᠃
   ︽ᠲᠠᠪᠤ ᠶᠢ ᠴᠡᠪᠡᠷᠯᠡᠬᠦ︾ ᠪᠠᠷ ᠭᠤᠤᠯᠳᠠᠯᠭ᠎ᠠ ᠪᠣᠯᠭᠠᠵᠤ  ᠶᠡᠷᠦᠩᠬᠡᠶᠢᠯᠡᠨ ᠴᠡᠭᠴᠡᠯᠡᠨ ᠵᠠᠰᠠᠬᠤ ︽ ᠤᠶᠢᠯᠡᠴᠢᠯᠡᠭᠡᠨ ᠤ ᠫᠠᠶᠢᠰᠠ︾ ᠶᠢ ᠰᠠᠶᠢᠲᠤᠷ ᠪᠣᠶ ᠪᠣᠯᠭᠠᠨ᠎ᠡ    ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦ ᠣᠷᠣᠨ ᠪᠦᠰᠡ ᠪᠠᠷ ᠪᠦᠷᠬᠦᠭᠦᠯᠬᠦ ᠶᠢ ᠪᠡᠶᠡᠯᠡᠭᠦᠯᠬᠦ ᠶᠢᠨ ᠲᠥᠯᠥᠭᠡ᠂ ᠪᠠᠶ᠋ᠬᠠᠤᠯᠠᠭᠠᠨ ᠰᠤᠮᠤ ︽ᠲᠠᠪᠤ ᠶᠢ ᠴᠡᠪᠡᠷᠯᠡᠬᠦ︾ ᠪᠠᠷ ᠭᠤᠣᠯᠳᠠᠯᠭ᠎ᠠ ᠪᠣᠯᠭᠠᠨ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ︾ ᠲᠠᠢ ᠤᠶᠠᠯᠳᠤᠭᠤᠯᠵᠤ᠂ ᠭᠠᠴᠠᠭ᠎ᠠ ᠪᠠᠷ ᠨᠢᠭᠡᠴᠢ ᠪᠣᠯᠭᠠᠨ 44 ᠲᠣᠣᠷᠵᠢᠯ ᠢ ᠬᠤᠪᠢᠶᠠᠷᠢᠯᠠᠵᠤ᠂ ᠬᠤᠭ ᠨᠣᠪᠰᠢ᠂ ᠬᠦᠷᠢᠶ᠎ᠡ ᠬᠠᠰᠢᠶ᠎ᠠ ᠂ ᠭᠤᠣᠯ ᠤᠨ ᠭᠤᠤ ᠂ ᠲᠠᠷᠢᠶᠠᠨ ᠭᠠᠵᠠᠷ ᠢ ᠴᠡᠪᠡᠷᠯᠡᠬᠦ᠂ ᠵᠠᠮ ᠱᠤᠭᠤᠮ ᠢ  ᠰᠢᠯᠤᠭᠤᠳᠬᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠵᠡᠢ᠃    ᠵᠢᠷᠭᠤᠭᠠᠳᠠᠢ ᠭᠠᠴᠠᠭ᠎ᠠ ᠶᠢᠨ ᠪᠠᠮᠪᠠᠷ ᠤᠨ ᠭᠡᠷ ᠲᠤ᠂ ᠨᠠᠮ ᠤᠨ ᠭᠡᠰᠢᠭᠦᠨ ᠺᠠᠳ᠋ᠷ ᠬᠠᠨ ᠴᠧᠩ ᠯᠢᠨ ᠪᠠᠮᠪᠡᠷ ᠢ ᠬᠦᠲᠦᠯᠦᠨ ᠵᠢᠯᠣᠭᠤᠳᠴᠤ ᠪᠠᠶᠢᠭᠠᠳ ᠥᠷᠥᠭᠡᠨ ᠤ ᠳᠣᠲᠣᠨ᠎ᠠ ᠭᠠᠳᠠᠨᠠᠬᠢ ᠡᠷᠡᠭᠦᠯ ᠬᠠᠮᠠᠭᠠᠯᠠᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠴᠡᠪᠡᠷᠯᠡᠵᠦ᠂ ︽ᠡᠭᠦᠳᠡᠨ ᠡᠮᠦᠨᠡᠬᠢ ᠲᠦᠷᠪᠡ ᠶᠢ ᠳᠠᠭᠠᠭᠠᠴᠢᠯᠠᠭᠤᠯᠬᠤ︾ ᠲᠦᠷᠢᠮ ᠢ ᠭᠦᠨᠵᠡᠭᠡᠢ ᠲᠦᠭᠡᠮᠡᠯᠵᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠮᠡᠳᠡᠯᠭᠡ ᠶᠢ ᠲᠦᠭᠡᠮᠡᠯᠵᠢᠭᠦᠯᠵᠤ ᠪᠠᠶᠢᠬᠤ ᠶᠢ ᠤᠯᠵᠤ ᠬᠠᠷᠠᠵᠠᠢ᠃     ︽ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠳᠤ ᠨᠠᠮ ᠤᠨ ᠭᠡᠰᠢᠭᠦᠨ ᠺᠠᠳ᠋ᠷ᠂ ᠰᠠᠶᠢᠨ ᠲᠤᠷᠠᠴᠤᠤᠯ ᠵᠡᠷᠭᠡ ᠬᠥᠮᠦᠰ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠴᠢᠬᠤᠯᠠᠲᠠᠢ ᠪᠠᠷ ᠪᠠᠷᠠᠬᠤ ᠦᠬᠡᠢ᠂ ᠨᠡᠩ ᠴᠤ ᠤᠯᠠᠨ ᠲᠦᠮᠡᠨ ᠤ ᠬᠠᠯᠠᠭᠤᠨ ᠰᠡᠳᠬᠢᠯᠭᠡ ᠪᠠᠷ ᠣᠷᠣᠯᠴᠠᠬᠤ ᠶᠢ ᠱᠠᠭᠠᠷᠳᠠᠪᠠᠯ ᠰᠠᠶ᠋ᠢ ᠦᠨᠡᠨ ᠬᠦ ᠪᠣᠳᠠᠲᠠᠢ ᠦᠷ᠎ᠡ ᠪᠦᠲᠦᠮᠵᠢ ᠣᠯᠵᠤ ᠴᠢᠳᠠᠨ᠎ᠠ︾  ᠭᠡᠵᠦ ᠬᠠᠨ ᠴᠧᠩ ᠯᠢᠨ ᠬᠡᠯᠡᠨ᠎ᠡ᠃
    ᠪᠠᠶ᠋ᠬᠠᠤᠯᠠᠭᠠᠨ ᠰᠤᠮᠤ ᠶᠢᠨ ᠨᠠᠮ ᠤᠨ ᠭᠡᠰᠢᠭᠦᠨ ᠺᠠᠳ᠋ᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂  ᠲᠤᠤᠷᠵᠢᠭᠤᠯᠤᠭᠴᠢ ᠵᠠᠯᠭᠠᠭ᠎ᠠ ᠪᠠᠷ ᠰᠠᠶᠢᠨ ᠲᠤᠷᠠᠴᠤᠤᠯ ᠤᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠤᠶᠢᠯᠡᠳᠤᠯ ᠢ ᠪᠠᠳᠠᠷᠠᠭᠤᠯᠵᠤ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠨ᠂ ᠣᠯᠠᠨ ᠲᠦᠮᠡᠨ ᠢ ᠳᠠᠶᠢᠴᠢᠯᠠᠨ ᠲᠣᠭᠲᠠᠮᠠᠯ ᠬᠤᠭᠤᠴᠠᠭ᠎ᠠ ᠲᠠᠢ ᠪᠠᠷ ᠬᠤᠭ ᠨᠣᠪᠰᠢ ᠶᠢ ᠠᠷᠢᠯᠭᠠᠨ ᠴᠡᠪᠡᠷᠯᠡᠬᠦ᠂ ᠬᠦᠷᠢᠶ᠎ᠡ ᠬᠠᠰᠢᠶ᠎ᠠ ᠪᠠᠨ ᠴᠡᠪᠡᠷᠯᠡᠨ ᠲᠡᠭᠰᠢᠯᠡᠬᠦ ᠵᠡᠷᠭᠡ ᠠᠵᠢᠯᠯᠠᠭ᠎ᠠ ᠶᠢ ᠥᠷᠨᠢᠭᠦᠯᠪᠡ᠃ ᠡᠭᠦᠨ ᠤ ᠬᠠᠮᠲᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠤᠨ ᠵᠠᠮ᠂ ᠭᠤᠣᠯ ᠤᠨ ᠭᠤᠤ ᠶᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠬᠦ ᠪᠠ ᠲᠣᠭᠤᠷᠢᠨ ᠬᠠᠮᠠᠭᠠᠯᠠᠵᠤ᠂ ᠭᠤᠣᠯ ᠤᠨ ᠵᠠᠮ᠂ ᠭᠤᠣᠯ ᠤᠨ ᠭᠤᠤ ᠶᠢᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠵᠦ᠂ ᠭᠤᠤᠯ ᠮᠦᠷᠡᠨ ᠨᠢ ᠲᠤᠩᠭᠠᠯᠠᠭ ᠪᠥᠭᠡᠳ ᠤᠰᠤ ᠨᠢ ᠴᠡᠪᠡᠷ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠪᠤᠢ ᠪᠣᠯᠭᠠᠵᠤ ᠪᠤᠢ᠃
    ︽ᠲᠠᠪᠤ ᠶᠢ ᠪᠦᠷᠢᠳᠦᠭᠦᠯᠬᠦ︾ ᠪᠠᠷ ᠱᠠᠭᠠᠷᠳᠠᠯᠭ᠎ᠠ ᠪᠣᠯᠭᠠᠵᠤ  ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ︽ᠤᠷᠤᠭᠰᠢᠯᠠᠯᠲᠠ ᠶᠢᠨ ᠠᠶᠠᠰ︾ ᠢ ᠴᠢᠪᠬᠠᠳᠠᠨ᠎ᠠ     ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠶ᠋ᠬᠠᠤᠯᠠᠭᠠᠨ ᠰᠤᠮᠤ ᠨᠢᠭᠡᠨᠲᠡ ︽ᠲᠠᠪᠤ ᠶᠢ ᠪᠦᠷᠢᠳᠦᠭᠦᠯᠬᠦ︾ ᠪᠠᠷ ᠱᠠᠭᠠᠷᠳᠠᠯᠭ᠎ᠠ ᠪᠣᠯᠭᠠᠵᠤ᠂ ᠰᠤᠮᠤ ᠶᠢᠨ ᠪᠣᠳᠠᠲᠠᠶ ᠪᠠᠶᠢᠳᠠᠯ ᠢ ᠦᠨᠳᠦᠰᠦᠯᠡᠨ ᠦᠨᠡᠨ ᠬᠦ ᠬᠡᠷᠡᠭᠵᠢᠭᠦᠯᠵᠦ ᠪᠣᠯᠬᠤ ︽ᠪᠠᠶ᠋ᠬᠠᠤᠯᠠᠭᠠᠨ ᠰᠤᠮᠤ ᠶᠢᠨ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ︾ ᠢ ᠲᠣᠭᠲᠠᠭᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠠᠭᠤᠯᠭ᠎ᠠ ᠶᠢ ᠨᠠᠷᠢᠯᠢᠬᠵᠢᠭᠤᠯᠬᠤ ᠶᠢᠨ ᠬᠠᠮᠲᠤ᠂ ᠲᠤᠰᠬᠠᠶ ᠲᠥᠷᠥᠯ ᠤᠨ ᠤᠳᠤᠷᠢᠳᠤᠯᠭ᠎ᠠ ᠶᠢᠨ ᠠᠬᠢᠭᠤᠯᠬᠤ ᠳᠤᠭᠤᠶᠢᠯᠠᠩ ᠪᠠᠶᠢᠭᠤᠯᠵᠤ᠂ ᠭᠠᠴᠠᠭ᠎ᠠ ᠪᠠᠷ ᠨᠢᠭᠡᠴᠢ ᠪᠣᠯᠭᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠨ ᠬᠠᠮᠠᠭᠠᠯᠠᠬᠤ ᠡᠩᠨᠡᠭᠡ ᠶᠢ ᠪᠠᠶᠢᠭᠤᠯᠵᠤ᠂ ᠪᠦᠷᠢᠯᠳᠦᠬᠦᠨ ᠢ ᠭᠠᠴᠠᠭ᠎ᠠ ᠶᠢᠨ ︽ᠬᠤᠶᠠᠷ ᠵᠥᠪᠯᠡᠯ︾᠂ ᠨᠠᠮ ᠤᠨ ᠭᠡᠰᠢᠭᠦᠨ᠂ ᠲᠤᠤᠷᠵᠢᠭᠤᠯᠤᠭᠴᠢ᠂ ᠰᠠᠶᠢᠨ ᠲᠤᠷᠠᠴᠤᠤᠯ ᠵᠡᠷᠭᠡ ᠬᠥᠮᠦᠰ ᠢᠶᠠᠷ ᠪᠦᠷᠢᠯᠳᠦᠭᠦᠯᠬᠦ ᠶᠢᠨ ᠬᠠᠮᠲᠤ᠂ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤᠮᠳᠠ ᠤᠳᠬᠤᠭᠤᠷ ᠲᠡᠷᠭᠡ᠂ ᠭᠤᠷᠪᠠᠨ ᠬᠦᠷᠳᠦᠲᠦ ᠲᠡᠷᠭᠡ ᠵᠡᠷᠭᠡ ᠶᠢ ᠴᠡᠭᠴᠡᠯᠡᠨ ᠵᠠᠰᠠᠬᠤ ᠬᠠᠮᠢᠶ᠎ᠠ ᠪᠥᠬᠦᠶ ᠲᠥᠬᠦᠭᠡᠷᠦᠮᠵᠢ ᠶᠢ ᠭᠦᠢᠴᠡᠳ ᠠᠰᠢᠭᠯᠠᠨ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠨᠳᠥᠷ ᠪᠦᠲᠦᠮᠵᠢᠲᠡᠶ ᠪᠥᠭᠡᠳ ᠬᠦᠴᠦᠲᠡᠶ ᠠᠬᠢᠭᠤᠯᠵᠤ ᠪᠤᠢ᠃
   ︽ᠲᠠᠪᠤ ᠶᠢ ᠣᠳᠣᠬᠢᠴᠢᠯᠠᠬᠤ︾ ᠪᠠᠷ ᠬᠠᠷᠠᠯᠲᠠ ᠪᠣᠯᠭᠠᠵᠤ  ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠰᠢᠨ᠎ᠡ ᠵᠢᠷᠤᠭ︾ ᠢ ᠵᠢᠷᠤᠭᠯᠠᠨ᠎ᠠ    ᠠᠶᠢᠯ ᠲᠣᠰᠬᠤᠨ ᠭᠤᠶᠣ ᠰᠠᠶᠢᠬᠠᠨ᠂ ᠴᠡᠪᠡᠷᠰᠢᠭᠦᠯᠬᠦ᠂ ᠭᠤᠶᠤᠵᠢᠭᠤᠯᠬᠤ᠂ ᠨᠣᠭᠤᠭᠠᠷᠠᠭᠤᠯᠬᠤ᠂  ᠲᠦᠷᠢᠮᠵᠢᠬᠦᠯᠬᠦ᠂ ᠪᠠᠶᠢᠩᠭᠤᠵᠢᠭᠤᠯᠬᠤ ᠶᠢ ᠪᠡᠶᠡᠯᠡᠭᠦᠯᠬᠦ ᠪᠣᠯ ᠪᠠᠶ᠋ᠬᠠᠤᠯᠠᠭᠠᠨ ᠰᠤᠮᠤ ᠶᠢᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠷᠠᠯᠲᠠ ᠪᠣᠯᠤᠨ᠎ᠠ᠃ ᠪᠠᠶ᠋ᠬᠠᠤᠯᠠᠭᠠᠨ ᠰᠤᠮᠤ ᠤᠬᠠᠭᠤᠯᠤᠨ ᠬᠥᠲᠥᠯᠦᠨ ᠵᠢᠯᠣᠭᠤᠳᠬᠤ ᠶᠢ ︽ᠲᠠᠪᠤ ᠶᠢ ᠤᠳᠤᠬᠢᠴᠢᠯᠠᠬᠤ︾ ᠬᠠᠷᠠᠯᠲᠠ ᠶᠢ ᠪᠡᠶᠡᠯᠡᠭᠦᠯᠬᠦ ᠶᠢᠨ ᠵᠠᠩᠭᠢᠯᠠᠭ᠎ᠠ ᠪᠣᠯᠭᠠᠵᠤ᠂ ᠲᠣᠰᠬᠤᠨ ᠪᠣᠯᠭᠠᠨ ᠳᠤ ᠳᠠᠭᠤᠷᠢᠰᠬᠤ᠂ ᠨᠡᠭᠦᠳᠡᠯ ᠤᠬᠠᠭᠤᠯᠭ᠎ᠠ ᠶᠢᠨ ᠲᠡᠷᠭᠡ᠂ ᠸᠢᠴᠠᠲ ᠤᠨ  ᠴᠤᠬᠯᠠᠷᠠᠯ ᠢ ᠭᠦᠢᠴᠡᠳ ᠠᠰᠢᠭᠯᠠᠨ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠠᠶᠢᠯ ᠲᠣᠰᠬᠤᠨ ᠢᠶᠠᠷ ᠬᠦᠷᠴᠦ ᠨᠢᠭᠤᠷᠲᠠᠨ ᠤᠬᠠᠭᠤᠯᠤᠨ ᠬᠥᠲᠥᠯᠦᠨ ᠵᠢᠯᠣᠭᠤᠳᠬᠤ ᠠᠵᠢᠯ ᠢ ᠥᠷᠨᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠠᠶ᠃ ᠡᠭᠦᠨ ᠤ ᠬᠠᠮᠲᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ ︽ ᠲᠠᠪᠤ ᠶᠢ ᠤᠳᠤᠬᠢᠴᠢᠯᠠᠬᠤ︾  ᠬᠠᠷᠠᠯᠲᠠ ᠶᠢ ᠪᠡᠶᠡᠯᠡᠭᠦᠯᠬᠦ ᠴᠢᠬᠤᠯᠠ ᠠᠷᠭ᠎ᠠ ᠪᠠᠷᠢᠯ ᠪᠣᠯᠭᠠᠵᠤ᠂ ︽ᠬᠠᠮᠤᠭ ᠤᠨ ᠭᠤᠶᠤ ᠬᠦᠷᠢᠶ᠎ᠡ ᠬᠠᠰᠢᠶ᠎ᠠ︾᠂ ︽ᠬᠠᠮᠤᠭ ᠤᠨ ᠭᠤᠶᠤ ᠭᠡᠷ ᠪᠦᠯᠢ︾ ᠵᠡᠷᠭᠡ ᠰᠢᠯᠭᠠᠷᠠᠭᠤᠯᠬᠤ ᠠᠵᠢᠯᠯᠠᠭ᠎ᠠ ᠪᠠᠷ ᠳᠠᠮᠵᠢᠭᠤᠯᠵᠤ᠂ ᠤᠯᠠᠨ ᠲᠦᠮᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤ ᠣᠷᠣᠯᠴᠠᠬᠤ ᠤᠷᠮ᠎ᠠ ᠵᠣᠷᠢᠭ ᠢ ᠬᠥᠭᠵᠢᠭᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠷᠤᠭ ᠳᠡᠭᠡᠷ᠎ᠡ ᠴᠣ᠋ ᠰᠢᠨ᠎ᠡ ᠬᠠᠭᠤᠳᠠᠰᠤ ᠶᠢ ᠵᠢᠷᠤᠭᠯᠠᠵᠤ ᠪᠠᠶᠢᠨ᠎ᠠ᠃  
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号