ᠴᠢ ᠯᠢᠨ ᠪᠦᠯᠬᠦᠮ ᠳᠠᠭᠠᠭᠤᠯᠤᠨ ᠭᠠᠳᠠᠷ ᠣᠷᠣᠨ ᠳᠤ ᠬᠦᠷᠴᠦ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2021/12/2
    11 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠴᠢ ᠯᠢᠨ ᠪᠦᠯᠬᠦᠮ ᠳᠠᠭᠠᠭᠤᠯᠤᠨ ᠭᠠᠳᠠᠷ ᠣᠷᠣᠨ ᠳᠤ ᠬᠦᠷᠴᠦ ᠵᠤᠭᠠᠴᠠᠯ ᠤᠨ ᠠᠵᠤ ᠤᠶᠢᠯᠡᠰ ᠤᠨ ᠬᠥᠭᠵᠢᠯᠲᠡ ᠶᠢᠨ ᠠᠵᠢᠯ ᠢ ᠰᠢᠨᠵᠢᠯᠡᠨ ᠪᠠᠶᠢᠴᠠᠭᠠᠵᠤ ᠰᠤᠷᠤᠯᠴᠠᠨ᠂ ᠵᠤᠭᠠᠴᠠᠯ ᠤᠨ ᠬᠤᠳᠠᠯᠳᠤᠭᠠᠴᠢᠨ ᠤᠷᠢᠬᠤ ᠠᠵᠤ ᠠᠬᠤᠶᠢᠯᠠᠯ ᠢᠶᠠᠷ ᠲᠣᠭᠤᠷᠢᠨ ᠦᠵᠡᠵᠦ᠂ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠳᠥᠯᠭᠢᠨ ᠠᠬᠢᠭᠤᠯᠪᠠ᠃     ᠴᠢ ᠯᠢᠨ ᠨᠡᠷ ᠬᠥᠳᠡᠭᠡ ᠲᠣᠰᠬᠤᠨ ᠤ ᠵᠤᠭᠠᠴᠠᠯ ᠤᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠬᠦ ᠶᠢᠨ ᠳᠠᠭᠠᠤ ᠰᠤᠨᠤᠰᠴᠤ᠂  ᠰᠠᠨᠠᠯ ᠪᠤᠳᠤᠯ ᠢᠶᠠᠨ ᠰᠤᠯᠢᠯᠴᠠᠬᠤ ᠶᠢᠨ ᠲᠠᠭᠠᠤ ᠪᠤᠳᠤᠯᠬᠢᠯᠠᠵᠤ᠂ ᠤᠷᠢᠳ ᠬᠤᠵᠢᠳ ᠵᠢᠩ ᠢᠦᠶ ᠯᠢᠤᠢ ᠮᠠ ᠮᠠ ᠪᠦᠯᠦᠭᠯᠡᠯ ᠪᠣᠯᠤᠨ ᠸᠧᠢ ᠯᠠᠢ ᠭᠠᠴᠠᠭ᠎ᠠ ᠲᠣᠰᠬᠤᠨ ᠤ ᠪᠦᠯᠦᠭᠯᠡᠯ ᠢ ᠰᠤᠷᠪᠤᠯᠵᠢᠯᠠᠵᠤ᠂ ᠬᠠᠮᠲᠤᠷᠠᠯᠴᠠᠭᠠᠨ ᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠵᠣᠯᠭᠠᠭᠤᠯᠤᠨ ᠵᠥᠪᠳᠡᠯᠴᠡᠵᠦ᠂  ᠸᠧᠨᠵᠸᠦ ᠬᠤᠳᠠ ᠶᠢᠨ ᠶᠠᠨ ᠳ᠋ᠠᠩ ᠱᠠᠨ ᠠᠭᠤᠯᠠ ᠵᠡᠷᠭᠡ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠤᠬᠠᠢ ᠶᠢᠨ ᠭᠠᠵᠠᠷ ᠤᠨ ᠵᠤᠭᠠᠴᠠᠯ ᠤᠨ ᠬᠥᠭᠵᠢᠯᠲᠡ ᠶᠢᠨ ᠣᠶᠢᠯᠠᠭᠠᠭᠳᠠᠬᠤᠨ᠂ ᠪᠦᠬᠦ ᠣᠷᠣᠨ ᠪᠦᠰᠡ ᠶᠢᠨ ᠵᠤᠭᠠᠴᠠᠯ ᠵᠢᠴᠢ ᠦᠵᠡᠮᠵᠢ ᠶᠢᠨ ᠣᠷᠣᠨ ᠤ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ᠂ ᠡᠵᠡᠩᠨᠡᠯᠲᠡ ᠬᠠᠮᠢᠶᠠᠷᠤᠯᠲᠠ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠰᠣᠶᠣᠯ ᠤᠨ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠠᠯ᠎ᠠ ᠶᠢᠨ ᠲᠤᠷᠰᠢᠯᠭ᠎ᠠ ᠬᠢᠳᠡᠯ ᠢ ᠭᠦᠨᠵᠡᠭᠡᠢ ᠣᠶᠢᠯᠠᠭᠠᠪᠠ᠃     ᠰᠢᠨᠵᠢᠯᠡᠨ ᠪᠠᠶᠢᠴᠠᠭᠠᠬᠤ ᠶᠠᠪᠤᠴᠠ ᠳᠤ᠂ ᠴᠢ ᠯᠢᠨ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠬᠢᠨᠠᠮᠠᠭᠠᠶ ᠰᠤᠷᠤᠯᠴᠠᠨ ᠲᠣᠯᠢᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠭᠡ ᠨᠠᠶᠢᠷᠠᠭᠤᠯᠤᠨ ᠵᠣᠬᠢᠶᠠᠵᠤ᠂ ᠰᠢᠯᠢᠳᠡᠭ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ᠂ ᠨᠠᠩ ᠴᠤ ᠰᠣᠷᠣᠭᠰᠠᠨ ᠲᠡᠷᠢᠭᠦᠨ ᠤ ᠲᠤᠷᠰᠢᠯᠭ᠎ᠠ ᠪᠠᠨ ᠠᠵᠢᠯ ᠢᠶᠠᠨ ᠲᠥᠯᠥᠪᠵᠢᠭᠦᠯᠬᠦ ᠰᠡᠳᠬᠢᠴᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠵᠢᠯ ᠢᠶᠠᠨ ᠠᠬᠢᠭᠤᠯᠬᠤ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠵᠤᠭᠠᠴᠠᠯ  ᠤᠨ ᠤᠶᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ  ᠭᠡᠵᠤ ᠱᠠᠭᠠᠷᠳᠠᠵᠠᠢ᠃     ᠬᠤᠰᠢᠭᠤᠨ   ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠢᠦᠶ ᠪᠥᠸᠧ ᠵᠢᠴᠢ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠠᠮᠲᠤ ᠪᠠᠷ ᠰᠢᠨᠵᠢᠯᠡᠨ ᠪᠠᠶᠢᠴᠠᠭᠠᠵᠤ ᠰᠤᠷᠤᠯᠴᠠᠬᠤ ᠳᠤ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号