ᠬᠦᠬᠡᠬᠤᠳᠠ ᠶᠢᠨ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠭᠧ ᡁᠢ ᠮᠢᠨ ᠨᠡᠷ ᠵᠠᠯᠠᠶᠢᠳ ᠬᠤᠰᠢᠭᠤᠨ ᠳᠤ  ᠢᠷᠡᠵᠦ  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/12/2
    ᠤᠶᠢᠷ᠎ᠠ ᠳᠤ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠨᠡᠷ ᠵᠠᠯᠠᠶᠢᠳ ᠬᠤᠰᠢᠭᠤᠨ ᠳᠤ  ᠢᠷᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠪᠠᠶᠢᠴᠠᠭᠠᠨ ᠰᠤᠳᠤᠯᠪᠠ᠃     ᠢᠨᠳᠡᠷ ᠪᠠᠯᠭᠠᠰᠤᠨ ᠤ ᠴᠠᠩ ᠹᠠ ᠲᠣᠰᠬᠤᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠨᠢᠯᠴᠠᠭᠤᠯᠭ᠎ᠠ ᠶᠢ ᠰᠣᠨᠣᠰᠬᠤ ᠪᠠ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠬᠡᠯᠪᠡᠷᠢ ᠪᠠᠷ ᠳᠠᠮᠵᠢᠭᠤᠯᠵᠤ᠂ ᠴᠠᠩ ᠹᠠ ᠲᠣᠰᠬᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ  ᠪᠠᠳᠤ ᠴᠤᠭᠴᠠᠯᠠᠬᠤ ᠤᠬᠠᠮᠰᠠᠷ ᠢ ᠠᠬᠢᠭᠤᠯᠬᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠨᠠᠮ ᠤᠨ ᠭᠡᠰᠢᠭᠦᠨ ᠢ ᠲᠦᠷᠦᠯ ᠬᠤᠪᠢᠶᠠᠨ ᠤᠳᠤᠨ ᠲᠡᠰ ᠢ ᠲᠣᠭᠲᠠᠭᠠᠬᠤ᠂ ᠪᠣᠯᠪᠠᠰᠤᠨ ᠪᠦᠯᠬᠦᠮᠳᠡᠯ ᠲᠠᠢ ᠴᠢᠯᠦᠭᠡᠳᠤ ᠳᠡᠯᠭᠡᠭᠦᠷ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ ᠵᠠᠯᠠᠶᠢᠳ ᠬᠤᠰᠢᠭᠤᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠤᠶᠢᠯᠡᠰ ᠤᠨ ᠬᠦᠷᠢᠶᠡᠯᠡᠩ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ︽ᠦᠨᠳᠦᠰᠦᠲᠡᠨ ᠤ ᠪᠦᠯᠬᠦᠮᠳᠡᠯ ᠳᠤ ᠭᠠᠷ ᠭᠠᠷ ᠢᠶᠠᠨ ᠬᠤᠯᠪᠣᠯᠴᠠᠨ ᠡᠶ᠎ᠡ ᠨᠠᠶᠢᠷᠠᠮᠳᠠᠭᠤ  ᠬᠦᠭᠵᠢᠯᠳᠡ ᠳᠤ ᠰᠡᠳᠬᠢᠯ ᠵᠢᠷᠦᠬᠡ ᠪᠠᠨ ᠬᠤᠯᠪᠣᠶ᠎ᠠ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠹᠢᠯᠢᠮ ᠢ ᠦᠵᠡᠵᠦ᠂ ᠠᠵᠢᠯᠲᠠᠳ ᠤᠨ ᠲᠠᠨᠢᠯᠴᠠᠭᠤᠯᠭ᠎ᠠ ᠪᠠᠷ ᠵᠠᠯᠠᠶᠢᠳ ᠬᠤᠰᠢᠭᠤᠨ ᠤ ᠲᠠᠷᠢᠶᠠᠯᠠᠩ ᠤᠨ ᠠᠵᠤ ᠦᠶᠢᠯᠡᠰᠵᠢᠭᠰᠡᠨ᠂  ᠲᠤᠭᠠᠴᠠᠯᠠᠭᠰᠠᠨ᠂ ᠨᠠᠷᠠᠲᠤ ᠲᠡᠮᠳᠡᠭᠴᠢᠯᠡᠭᠰᠡᠨ ᠬᠥᠭᠵᠢᠯᠲᠡ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠭ᠎ᠠ ᠶᠢ ᠡᠭᠦᠳᠦᠨ ᠪᠠᠶᠢᠭᠤᠯᠤᠭᠰᠠᠨ ᠪᠠᠶᠢᠳᠠᠯ ᠢ ᠭᠦᠨᠵᠡᠭᠡᠶ ᠣᠶᠢᠯᠠᠭᠠᠪᠠ᠃      ᠭᠧ ᡁᠢ ᠮᠢᠨ ᠵᠠᠯᠠᠶᠢᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︾ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠪᠣᠯᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠠᠢ᠃ ᠵᠠᠯᠠᠶᠢᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠬᠢᠯᠠᠰ ᠴᠡᠭ ᠲᠣᠪᠤᠶᠢᠮ᠎ᠠ ᠪᠠᠶᠢᠵᠤ᠂ ᠦᠨᠳᠦᠰᠦᠲᠡᠨ ᠤ ᠪᠦᠯᠬᠦᠮᠳᠡᠯ ᠢ ᠡᠯ᠎ᠡ ᠵᠤᠶᠢᠯ ᠤᠨ ᠠᠵᠢᠯ ᠤᠨ ᠪᠥᠬᠦ ᠲᠠᠯ᠎ᠠ ᠶᠢᠨ ᠬᠥᠭᠵᠢᠯᠲᠡ ᠳᠤ ᠠᠭᠤᠰᠬᠠᠨ ᠣᠷᠣᠭᠤᠯᠵᠤ᠂ ᠰᠤᠷᠤᠯᠴᠠᠬᠤ᠂ ᠯᠠᠪᠯᠠᠯᠲᠠ ᠪᠣᠯᠭᠠᠬᠤ ᠮᠠᠰᠢ ᠰᠠᠶᠢᠨ ᠬᠡᠷᠡᠭ ᠤᠨ ᠵᠢᠱᠢᠶ᠎ᠡ ᠶᠢ ᠬᠠᠩᠭᠠᠭᠰᠠᠨ ᠪᠠᠶᠢᠨ᠎ᠠ᠂ ᠬᠤᠶᠠᠷ ᠭᠠᠵᠠᠷ ᠤᠨ ᠬᠢᠨ ᠬᠤᠶᠢᠰᠢᠳᠠ ᠶᠢᠨ ᠠᠵᠢᠯ ᠤᠨ ᠳᠤᠮᠳᠠ ᠪᠠᠨ ᠰᠣᠯᠢᠯᠴᠠᠭ᠎ᠠ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠰᠢᠨ᠎ᠡ ᠪᠠᠶᠢᠳᠠᠯ ᠢ ᠬᠠᠮᠲᠤ ᠪᠠᠷ ᠡᠭᠦᠳᠦᠨ ᠨᠡᠭᠡᠭᠡᠬᠦ ᠶᠢ ᠬᠦᠰᠡᠵᠦ ᠪᠠᠶᠢᠨ᠎ᠠ ᠭᠡᠵᠡᠶ᠃     ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠭᠦᠸᠧ ᠬᠤᠩ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠾᠧ ᠸᠧᠶ ᠯᠢ᠂ ᠵᠠᠯᠠᠶᠢᠳ ᠬᠤᠰᠢᠭᠤᠨ ᠤ ᠤᠳᠤᠷᠢᠳᠤᠯᠭ᠎ᠠ ᠴᠢ ᠯᠢᠨ᠂ ᠴᠧᠩ ᠮᠢᠩ ᠯᠢ᠂ ᠮᠠ ᠮᠧᠩ᠂ ᠵᠧᠩ ᠶᠢᠨ ᠯᠢᠩ᠂ ᠮᠧᠩ ᠰᠢᠶᠠᠩ ᠢᠦᠶ ᠨᠡᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号