ᠵᠠᠰᠠᠭ ᠤᠨ ᠤᠷᠳᠤᠨ ᠤ ᠠᠵᠢᠯ ᠤᠨ ᠮᠡᠳᠡᠬᠦᠯᠦᠯᠳᠡ
ᠨᠡᠶᠢᠲᠡᠯᠡᠭᠰᠡᠨ ᠴᠠᠭ᠄
2021/12/23
   ᠲᠥᠯᠥᠭᠡᠯᠡᠭᠴᠢᠳ ᠡ᠄    ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠶ᠎ᠡ᠂ ᠬᠢᠨᠠᠨ ᠵᠥᠪᠯᠡᠬᠦ ᠪᠤᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠬᠦᠨ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠤᠯᠪᠠᠤ᠃    ᠨᠢᠭᠡ᠂ 2020 ᠤᠨ ᠵᠢᠴᠢ  ︽ ᠠᠷᠪᠠᠨ ᠭᠤᠷᠪᠠᠳᠤᠭᠠᠷ ᠲᠠᠪᠤᠨ ᠵᠢᠯ︾ ᠤᠨ  ᠲᠦᠯᠤᠪᠵᠢᠬᠦᠯᠭᠡ ᠶᠢᠨ ᠬᠤᠭᠤᠴᠠᠭᠠᠨ ᠤ ᠠᠵᠢᠯ ᠤᠨ ᠡᠷᠬᠢᠴᠡᠬᠦᠯᠤᠯ     2020 ᠣᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠮᠥᠨ ᠴᠦ ᠵᠠᠯᠠᠶᠢᠳ ᠬᠤᠰᠢᠭᠤᠨ ᠤ ᠥᠷᠢᠰᠥᠯᠳᠦᠭᠡᠨ ᠢ ᠠᠷᠭᠠᠴᠠᠭᠠᠵᠤ᠂ ᠪᠣᠳᠠᠲᠠᠶ ᠠᠵᠢᠯᠯᠠᠵᠤ ᠡᠷᠡᠮᠡᠬᠡᠶᠢᠯᠡᠨ ᠤᠷᠤᠭᠰᠢᠯᠠᠵᠤ ᠢᠯᠠᠯᠳᠠ ᠣᠯᠤᠯᠲᠠ  ᠲᠠᠢ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠳᠠᠯᠠᠨ᠂ ︽ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ︾ ᠤ ᠰᠢᠢᠳᠪᠤᠷᠢᠳᠤ ᠢᠯᠠᠯᠲᠠ ᠶᠢ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠠᠰᠢᠭ ᠥᠬᠡᠶ ᠨᠥᠯᠥᠭᠡ ᠳᠤ ᠵᠣᠷᠢᠭᠲᠠᠶ ᠪᠠᠷ ᠬᠠᠨᠳᠤᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠳᠤ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠵᠠᠶ᠃       ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠦᠷ᠎ᠡ ᠪᠦᠲᠦᠭᠡᠯ ᠤᠯᠪᠠ᠃ ᠤᠯᠤᠰ ᠤᠨ ᠳᠣᠲᠣᠭᠠᠳᠤ ᠭᠠᠳᠠᠭᠠᠳᠤ ᠢᠯᠠᠩᠭᠤᠶ᠎ᠠ ᠬᠥᠷᠰᠢ ᠵᠡᠷᠭᠡᠯᠡᠳᠡᠭᠡ ᠭᠠᠵᠠᠷ ᠣᠷᠣᠨ ᠤ ᠬᠢᠵᠢᠭ ᠤᠨ ᠪᠠᠶᠢᠳᠠᠯ ᠤᠯᠠᠩᠭᠢ ᠭᠠᠵᠠᠷ ᠲᠤ ᠣᠯᠠᠨᠲᠠ ᠡᠭᠦᠰᠴᠦ ᠪᠠᠶᠢᠭ᠎ᠠ ᠬᠦᠨᠳᠦ ᠨᠣᠴᠢᠲᠠᠢ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠵᠤ᠂ ᠠᠮᠢ ᠨᠠᠰᠤ ᠡᠷᠬᠢᠮ ᠳᠡᠭᠡᠳᠦ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠤ᠂ ᠳᠣᠲᠣᠭᠠᠳᠤ ᠳᠠᠭᠠᠨ ᠴᠢᠩᠭ᠎ᠠ ᠬᠠᠮᠢᠶᠠᠷᠤᠨ ᠡᠵᠡᠮᠳᠡᠬᠦ︾ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ   ᠪᠤᠳᠠᠳᠠᠶᠢᠵᠢᠭᠤᠯᠵᠠᠢ᠃ ᠬᠤᠰᠢᠭᠤ ᠰᠢᠶᠠᠩ ᠬᠥᠳᠡᠭᠡ ᠲᠣᠰᠬᠤᠨ ᠤ ᠭᠤᠷᠪᠠᠨ ᠱᠠᠲᠤᠨ ᠤ ᠲᠤᠤᠷᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠢᠯᠢ ᠶᠢᠨ ᠵᠠᠭᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠵᠤ ᠪᠠᠶᠢᠴᠠᠭᠠᠨ ᠬᠡᠮᠵᠢᠬᠦ ᠥᠷᠲᠡᠭᠡ ᠶᠢ ᠡᠷᠡᠰ ᠰᠢᠭᠤᠷᠬᠠᠶ ᠪᠠᠷ ᠪᠠᠶᠢᠭᠤᠯᠵᠤ᠂ ᠰᠠᠭᠤᠭᠠᠯᠢ ᠠᠷᠠᠳ ᠤᠨ ᠲᠣᠭᠤᠷᠢᠭ  ᠢ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ᠂ ᠭᠠᠴᠠᠭ᠎ᠠ ᠲᠣᠰᠬᠤᠨ ᠢ ᠪᠢᠳᠡᠬᠦᠮᠵᠢᠯᠡᠨ ᠵᠠᠮ ᠢ  ᠦᠯᠤ ᠪᠢᠲᠡᠭᠦᠮᠵᠢᠯᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ  ᠲᠡᠭᠡᠳᠤ ᠱᠠᠳᠤᠨ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠠᠢ᠃ ᠡᠯ᠎ᠡ ᠲᠥᠷᠥᠯ ᠤᠨ ᠪᠡᠯᠡ ᠮᠥᠩᠭᠦ ᠶᠢ 7790 ᠲᠦᠮᠡᠨ ᠲᠥᠭᠦᠷᠢᠭ ᠵᠠᠷᠤᠴᠠᠭᠤᠯᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠵᠢᠴᠢ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ   ᠪᠠᠨ ᠢᠯᠡᠳᠲᠡ ᠲᠡᠭᠡᠭᠰᠢᠯᠡᠬᠦᠯᠵᠤ᠂ ᠪᠦᠬᠦ ᠵᠢᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ︽ᠰᠡᠵᠢᠭᠯᠡᠯ  ᠲᠠᠢ ᠡᠪᠡᠳᠴᠢᠳᠡᠨ ᠦᠭᠡᠢ᠂  ᠤᠨᠤᠰᠢᠯᠠᠭᠰᠠᠨ ᠡᠪᠡᠳᠴᠢᠳᠡᠨ ᠦᠭᠡᠢ ᠪᠠᠶᠢᠬᠤ︾ ᠶᠢ ᠪᠠᠳᠤᠯᠠᠵᠠᠢ᠃ ᠡᠨᠡ ᠤᠳᠠᠭ᠎ᠠ ᠶᠢᠨ ᠬᠢᠵᠢᠭ ᠲᠠᠢ ᠲᠡᠮᠡᠴᠡᠬᠦ ᠳᠠᠶᠢᠯᠠᠯᠳᠤᠭᠠᠨ ᠳᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠡᠮᠴᠢ ᠰᠤᠪᠢᠯᠠᠭᠴᠢ᠂ ᠰᠠᠶᠢᠨ ᠲᠤᠷᠠᠴᠤᠤᠯ  ᠤᠯᠠᠨ ᠤ ᠡᠮᠦᠨ᠎ᠡ ᠭᠠᠪᠰᠢᠭᠠᠶᠢᠯᠠᠵᠤ᠂ ᠦᠭᠡ ᠲᠠᠭᠤᠨ ᠥᠬᠡᠶ ᠪᠠᠷ ᠬᠤᠪᠢ ᠨᠡᠮᠡᠷᠢ ᠦᠵᠡᠬᠦᠯᠵᠠᠢ᠃  ᠪᠠᠰᠠ ᠥᠨᠳᠥᠷ ᠬᠡᠪ ᠪᠣᠯᠪᠠᠰᠤᠷᠠᠯ ᠲᠠᠢ ᠡᠮᠴᠢᠯᠡᠭᠡᠨ ᠤ ᠠᠵᠢᠯᠲᠠᠨ ᠢ ᠰᠣᠩᠭᠤᠨ ᠲᠣᠮᠢᠯᠠᠵᠤ ᠰᠥᠷᠥᠨ ᠤᠷᠤᠭᠰᠢᠯᠠᠭᠤᠯᠵᠤ᠂ ᠦᠬᠠᠨ ᠢ ᠲᠤᠰᠠᠯᠠᠨ᠂ ᠡᠯ᠎ᠡ ᠠᠵᠢᠯ ᠲᠥᠷᠥᠯ ᠤᠨ ᠬᠥᠳᠡᠯᠮᠦᠷᠢᠴᠢᠳ ᠡᠳᠦᠷ ᠰᠥᠨᠢ ᠥᠬᠡᠶ ᠦᠷᠭᠦᠯᠵᠢᠯᠡᠨ ᠠᠵᠢᠯᠯᠠᠵᠤ᠂ ᠪᠥᠬᠦ ᠬᠤᠰᠢᠭᠤᠨ ᠤ 40 ᠲᠦᠮᠡᠨ ᠦᠨᠳᠦᠰᠦᠲᠡᠨ ᠨᠦᠭᠦᠳ ᠤᠨ ᠣᠯᠠᠨ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠲᠦᠮᠡᠨ ᠣᠯᠠᠨ ᠢᠶᠠᠷ ᠢᠶᠠᠨ ᠲᠡᠮᠦᠷ ᠬᠡᠷᠡᠮ ᠪᠤᠯᠤᠳ ᠬᠠᠨ᠎ᠠ ᠮᠡᠳᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠴᠣᠭᠴᠠᠯᠠᠪᠠ᠃      ︵ᠬᠤᠶᠠᠷ︶ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠡᠯᠪᠡᠭ ᠪᠠᠶᠠᠯᠢᠭ᠃ ︽ᠳᠥᠷᠪᠡ ᠶᠢ ᠦᠯᠤ  ᠲᠠᠶᠠᠬᠳᠠᠬᠤ︾ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠡᠯ᠎ᠡ ᠵᠤᠶᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠤᠴᠠᠳᠠᠢ ᠨᠠᠶᠢᠳᠠᠪᠤᠷᠢᠵᠢᠭᠤᠯᠤᠨ᠂ ᠶᠠᠳᠠᠭᠤ ᠶᠢ ᠲᠡᠳᠬᠦᠬᠦ ᠠᠵᠤ ᠤᠶᠢᠯᠡᠰ ᠢ ᠪᠠᠬᠢᠵᠢᠭᠦᠯᠦᠨ ᠳᠡᠭᠡᠭᠰᠢᠯᠡᠭᠦᠯᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠤᠷᠠᠬᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂  ᠲᠤᠬᠳᠠᠪᠦᠷᠢ ᠦᠬᠡᠢ ᠡᠷᠦᠬᠡ ᠪᠠ  ᠶᠠᠳᠠᠭᠤᠷᠠᠮᠠᠷ ᠪᠠᠶᠢᠭ᠎ᠠ ᠡᠷᠦᠬᠡ ᠶᠢ ᠲᠣᠰ ᠲᠣᠰ 26 ᠡᠷᠦᠬᠡ 81 ᠬᠥᠮᠦᠨ᠂ 29 ᠡᠷᠦᠬᠡ 72 ᠬᠥᠮᠦᠨ ᠪᠣᠯᠭᠠᠨ ᠪᠠᠭᠠᠰᠬᠠᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠷᠬᠡ ᠶᠢ ᠨᠤᠲᠠᠯᠠᠬᠤ ᠶᠢ ᠪᠦᠬᠦᠨ ᠢ ᠪᠡᠶᠡᠯᠡᠭᠦᠯᠵᠦ᠂ ᠲᠦᠷᠢᠮᠵᠢᠭᠰᠡᠨ ᠬᠠᠮᠢᠶᠠᠷᠤᠯᠲᠠ ᠶᠢ ᠪᠡᠶᠡᠯᠡᠭᠦᠯᠪᠡ᠃ ᠤᠯᠤᠰ ᠤᠨ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠱᠠᠯᠠᠪᠳᠠᠭᠤᠯᠤᠨ ᠪᠠᠶᠢᠴᠠᠭᠠᠯᠲᠠ᠂ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠠᠩᠰᠠ ᠺᠠᠷᠲ ᠲᠠᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠭᠤᠷᠪᠠᠳᠡᠬᠢ ᠡᠳᠡᠭᠡᠳ ᠠᠴᠠ ᠦᠨᠡᠯᠡᠨ ᠵᠢᠱᠢᠬᠦ ᠪᠠ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠰᠢᠯᠭᠠᠨ ᠠᠪᠬᠤ ᠶᠢ ᠴᠢᠨᠠᠷ ᠰᠠᠶᠢᠲᠠᠢ ᠪᠡᠶᠡᠯᠡᠬᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠯᠠᠪᠳᠠᠭᠤᠨ ᠪᠠᠲᠤᠲᠠᠶ ᠪᠦᠲᠦᠮᠵᠢᠲᠡᠶ ᠶᠠᠪᠤᠭᠳᠠᠪᠠ᠃ ᠢᠨᠳᠡᠷ ᠪᠠᠯᠭᠠᠰᠤᠨ ᠤ ᠱᠤᠤᠬᠢᠶᠠᠨᠳᠤ ᠣᠷᠴᠢᠨ ᠲᠣᠭᠤᠷᠢᠨ ᠤ ᠡᠭᠦᠷᠭᠡ ᠴᠢᠳᠠᠪᠬᠢᠳᠤ ᠣᠷᠣᠨ ᠪᠠ ᠭᠠᠳᠠᠭᠰᠢᠯᠠᠭᠤᠯᠤᠯᠲᠠ ᠶᠡᠬᠡᠲᠡᠶ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠤᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠠᠭᠠᠷ ᠤᠨ ᠴᠢᠨᠠᠷ ᠰᠠᠶᠢᠲᠠᠶ ᠡᠳᠦᠷ ᠤᠨ ᠲᠤᠭ᠎ᠠ ᠶᠢ 93% ᠠᠴᠠ ᠳᠡᠭᠡᠭᠰᠢ ᠳᠤ ᠬᠦᠷᠭᠡᠵᠠᠢ᠃ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠶᠢ  ᠮᠡᠳᠡᠬᠦᠯᠤᠨ ᠲᠠᠩᠰᠠᠯᠠᠭᠤᠯᠬᠤ ᠪᠠ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠲᠥᠪᠯᠡᠷᠡᠩᠭᠦᠶ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ 7 ᠬᠠᠮᠠᠭᠠᠯᠠᠯᠲᠠ ᠶᠢᠨ ᠣᠷᠣᠨ ᠢ ᠲᠣᠬᠢᠷᠠᠭᠤᠯᠬᠤ ᠪᠠ ᠬᠤᠪᠢᠶᠠᠷᠢᠯᠠᠨ ᠲᠤᠭᠳᠠᠭᠠᠵᠠᠢ᠃ ︽ᠳᠥᠷᠪᠡ ᠶᠢ ᠠᠬᠢᠭᠤᠯᠵᠤ ᠳᠥᠷᠪᠡ ᠶᠢ ᠡᠵᠡᠮᠳᠡᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 5% ᠪᠠᠷ ᠪᠠᠭᠠᠰᠬᠠᠵᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠪᠤᠴᠠᠭᠠᠨ ᠠᠪᠬᠤ ᠨᠣᠷᠮ᠎ᠠ ᠶᠢ 85% ᠠᠴᠠ ᠳᠡᠭᠡᠭᠰᠢ ᠳᠤ ᠬᠦᠷᠬᠡᠵᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠲᠡᠶ ᠰᠡᠷᠭᠡᠶᠢᠯᠡᠪᠡ᠃ ᠪᠠᠷᠢᠯᠭ᠎ᠠ ᠶᠢᠨ ᠲᠥᠷᠥᠯ ᠵᠦᠢᠯ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠵᠥᠪᠰᠢᠶᠡᠷᠡᠵᠦ ᠮᠡᠳᠡᠭᠦᠯᠦᠨ ᠳᠠᠩᠰᠠᠯᠠᠭᠤᠯᠬᠤ ᠳᠦᠷᠢᠮ ᠢ ᠰᠠᠶᠢᠳᠤᠷ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠰᠣᠬᠤᠷ ᠪᠠᠯᠠᠢ ᠵᠢᠭᠡᠯᠡᠯᠭᠡ ᠶᠢ ᠡᠷᠡᠰ ᠬᠤᠷᠢᠭᠯᠠᠵᠠᠢ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ 1.4 ᠳ᠋ᠦᠩᠰᠢᠭᠤᠷ ᠲᠥᠭᠦᠷᠢᠭ ᠯᠠᠪᠳᠠᠭᠤᠨ ᠢᠶᠠᠷ ᠰᠢᠢᠳᠪᠤᠷᠢᠯᠡᠵᠤ᠂ ᠥᠷᠢ ᠥᠭᠴᠡᠭᠡ ᠶᠢᠨ ᠨᠣᠷᠮ᠎ᠠ ᠶᠢ 84.45% ᠬᠦᠷᠲᠡᠯ᠎ᠡ  ᠪᠠᠭᠤᠷᠠᠭᠤᠯᠤᠭᠠᠳ᠂ ᠪᠥᠬᠦ ᠣᠷᠣᠨ ᠳᠤ ᠥᠷᠢ ᠥᠭᠴᠡᠭᠡ ᠶᠢᠨ ᠨᠣᠷᠮ᠎ᠠ ᠪᠠᠷ ᠬᠠᠮᠤᠭ ᠤᠨ ᠳᠣᠤᠷ᠎ᠠ ᠬᠤᠰᠢᠭᠤ ᠰᠢᠶᠠᠨ ᠤ ᠨᠢᠭᠡ ᠪᠣᠯᠪᠠ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ᠶᠢ ᠥᠷᠨᠢᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠥᠩᠭᠦᠨ ᠭᠦᠢᠯᠭᠡᠭᠡᠨ ᠤ  ᠬᠦᠷᠢᠶᠡᠨ ᠳᠠᠬᠢ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ  ᠦᠭᠴᠠᠢ᠃     ︵ᠭᠤᠷᠪᠠ︶ ᠠᠵᠤ ᠦᠢᠯᠡᠰ ᠤᠨ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠤᠶᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠬᠦᠯᠵᠠᠢ᠃ ︽ ᠡᠷᠳᠡᠨᠢ ᠰᠢᠰᠢ  ᠲᠤᠳᠤᠷᠭ᠎ᠠ᠂  ᠮᠢᠬᠠᠨ ᠦᠭᠡᠷ  ᠰᠠᠭᠠᠯᠢ ᠶᠢᠨ ᠦᠨᠢᠶ᠎ᠡ᠂  ᠰᠢᠬᠢᠷ ᠯᠤᠤᠪᠠᠩ  ᠰᠢᠬᠢᠷᠯᠢᠭ ᠤᠳᠪᠠᠯᠠ  ︾  ᠶᠢᠨ ᠳᠠᠪᠠᠭᠤᠯᠢᠭ ᠪᠦᠬᠦᠢ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠨ ᠬᠦᠴᠦᠷᠬᠡᠭᠵᠢᠭᠦᠯᠵᠦ᠂ 370 ᠲᠦᠮᠡᠨ ᠮᠦ ᠡᠷᠳᠡᠨᠢ ᠰᠢᠰᠢ᠂ 90.7 ᠲᠦᠮᠡᠨ ᠮᠦ ᠤᠰᠤᠨ ᠲᠤᠲᠤᠷᠭ᠎ᠠ  ᠲᠠᠷᠢᠵᠤ᠂ ᠡᠭᠦᠨ ᠳᠤ ᠬᠠᠭᠤᠷᠠᠶ ᠲᠤᠲᠤᠷᠭ᠎ᠠ 12 ᠲᠦᠮᠡᠨ ᠮᠦ᠂ ᠰᠢᠬᠢᠷ ᠯᠤᠤᠪᠠᠩ ᠰᠢᠬᠢᠷᠯᠢᠭ ᠤᠳᠪᠠᠯᠠ 10.4 ᠲᠦᠮᠡᠨ ᠮᠦ᠂ ᠬᠢᠲᠠᠳ ᠡᠪᠡᠰᠦᠨ ᠡᠮ 5 ᠲᠦᠮᠡᠨ ᠮᠦ ᠲᠠᠷᠢᠵᠤ᠂ ᠰᠢᠷ᠎ᠠ ᠪᠤᠷᠴᠠᠭ ᠤᠨ ᠮᠦ ᠪᠦᠷᠢ ᠶᠢᠨ ᠤᠨᠠᠯᠲᠠ ᠲᠠᠬᠢᠨᠳᠠ ᠵᠡᠭᠦᠨ ᠬᠤᠶᠢᠲᠤ ᠣᠷᠣᠨ ᠤ ᠰᠢᠨ᠎ᠡ   ᠶᠢ ᠡᠭᠦᠳᠴᠦ᠂ ᠠᠮᠤ ᠪᠤᠳᠠᠭᠠᠨ ᠤ ᠤᠨᠠᠯᠲᠠ 43.6 ᠳ᠋ᠦᠩᠰᠢᠭᠤᠷ ᠵᠢᠩ ᠳᠤ ᠬᠦᠷᠪᠡ᠃ ᠮᠠᠯ ᠤᠨ ᠡᠭᠦᠯᠳᠡᠷ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ 7.3 ᠲᠦᠮᠡᠨ ᠮᠠᠯ  ᠢ ᠡᠭᠦᠯᠳᠡᠷ ᠰᠠᠶᠢᠵᠢᠷᠠᠭᠤᠯᠵᠤ᠂ 4 ᠲᠦᠮᠡᠨ ᠴᠢᠨᠠᠷ ᠰᠠᠶᠢᠲᠠᠶ ᠠᠩᠭᠧᠰ ᠦᠬᠡᠷ ᠂ 40 ᠲᠦᠮᠡᠨ ᠦᠯᠴᠢᠷ ᠬᠤᠨᠢ ᠶᠢ ᠲᠡᠵᠢᠭᠡᠨ ᠦᠷᠡᠵᠢᠬᠦᠯᠵᠤ᠂ ᠮᠠᠯ ᠠᠵᠤ ᠠᠬᠤᠢ ᠶᠢᠨ ᠣᠨ ᠤ ᠬᠡᠷ ᠤᠨ ᠲᠡᠵᠢᠭᠡᠪᠦᠷᠢ ᠶᠢᠨ ᠶᠡᠷᠦᠩᠬᠡᠶ ᠬᠡᠮᠵᠢᠶ᠎ᠡ ᠶᠢ 290 ᠲᠦᠮᠡ ᠳᠤ ᠲᠣᠭᠲᠠᠪᠤᠷᠢᠵᠢᠭᠤᠯᠵᠤ᠂ ᠤᠯᠤᠰ ᠤᠨ ᠮᠢᠬᠠᠨ ᠬᠤᠨᠢᠨ ᠤ ᠰᠢᠰᠲ᠋ᠧᠮ ᠤᠨ ︽ᠨᠢᠭᠡ  ᠬᠤᠰᠢᠭᠤ ᠰᠢᠶᠠᠨ ᠨᠢᠭᠡ  ᠤᠶᠢᠯᠡᠰ  ᠡᠷᠬᠢᠯᠡᠬᠦ︾     ᠶᠢᠨ ᠮᠢᠬᠠᠨ ᠬᠤᠨᠢᠨ ᠤ ᠠᠵᠤ ᠤᠶᠢᠯᠡᠰ ᠤᠨ ᠥᠯᠢᠭᠡᠷ ᠲᠠᠭᠤᠷᠢᠶᠠᠯᠳᠤ ᠬᠤᠰᠢᠭᠤ ᠰᠢᠶᠠᠨ ᠢᠶᠠᠷ ᠲᠣᠭᠲᠠᠭᠠᠭᠳᠠᠪᠠ᠃ ᠠᠵᠤ ᠤᠶᠢᠯᠡᠳᠪᠤᠷᠢ ᠶᠢᠨ ᠠᠵᠤ ᠠᠬᠤᠢ ᠲᠣᠭᠲᠠᠭᠤᠨ ᠡᠷᠭᠢᠯᠲᠡ ᠪᠠᠨ ᠪᠠᠳᠤᠯᠠᠪᠠ᠃ ᠠᠵᠤ ᠤᠶᠢᠯᠡᠳᠪᠤᠷᠢ ᠶᠢᠨ 8 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 2.46 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠬᠦᠯᠤᠨ᠂ ᠬᠤᠸᠠ ᠮᠤᠤ ᠤᠰᠤᠨ ᠲᠤᠲᠤᠷᠭ᠎ᠠ ᠡᠳ᠋ᠰᠢᠬᠦᠯᠬᠦ᠂ ᠾᠧ ᠹᠧᠩ ᠰᠢᠬᠢᠷ ᠯᠤᠤᠪᠠᠩ ᠢᠶᠠᠷ ᠰᠢᠬᠢᠷ ᠬᠢᠬᠦ᠂ ᠲᠢᠶᠠᠨ ᠮᠦ ᠵᠧᠨ ᠦᠬᠡᠷ ᠬᠤᠨᠢ ᠨᠢᠲᠤᠯᠬᠤ᠂ ᠳ᠋ᠢ ᠸᠧ ᠨᠡᠭᠦᠷᠡᠰᠦ ᠪᠠᠷ ᠰᠠᠭᠤᠷᠢ ᠪᠣᠯᠭᠠᠭᠰᠠᠨ ᠪᠣᠷᠳᠣᠭᠤᠷ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ᠂ ᠮᠤ᠋ ᠶᠤᠸᠠᠨ ᠲᠡᠵᠢᠭᠡᠯ ᠪᠣᠷᠳᠤᠭ᠎ᠠ ᠡᠳ᠋ᠰᠢᠬᠦᠯᠬᠦ  ᠂ ᠶᠦᠩ ᠯᠢᠨ ᠠᠮᠢᠳᠤ ᠪᠣᠳᠠᠰ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠡᠬᠢᠯᠡᠭᠦᠯᠦᠨ ᠪᠠᠶᠢᠭᠤᠯᠵᠤ᠂ ᠬᠥ᠋ ᠢᠦᠢ ᠲᠠᠷᠢᠶᠠᠯᠠᠩ᠂ ᠾᠧᠩ ᠳ᠋ᠡ ᠠᠮᠤ ᠲᠣᠰᠣ᠂ ᠭᠤᠤ ᠢ ᠠᠮᠤ ᠪᠤᠳᠠᠭᠠᠨ ᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠠᠵᠤ ᠤᠶᠢᠯᠡᠳᠪᠤᠷᠢ ᠶᠢᠨ ᠲᠣᠭᠤᠷᠢᠭ ᠤᠨ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠢᠵᠢ  ᠪᠦᠷᠢᠳᠦᠭᠰᠡᠨ ᠲᠤᠨᠤᠭ ᠲᠦᠬᠦᠭᠡᠷᠤᠮᠵᠢ ᠶᠢᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠪᠡ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠠᠵᠤ ᠠᠬᠤᠶᠢᠯᠠᠯ 18 ᠪᠣᠯᠵᠤ᠂ 13.13 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ  ᠤᠶᠢᠯᠡᠳᠪᠤᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠵᠠᠢ  ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠰᠡᠷᠭᠦᠪᠡ᠃  ᠲᠠᠷᠢᠶᠠᠯᠠᠩ ᠪᠤᠯᠤᠨ ᠵᠤᠭᠠᠴᠠᠯ ᠤᠨ ᠠᠵᠤ ᠤᠶᠢᠯᠡᠰ  ᠢ ᠠᠭᠤᠰᠤᠯᠴᠠᠭᠤᠯᠵᠤ᠂ ᠵᠢᠶᠠ ᠳ᠋ᠤᠤ ᠯᠢ ᠠᠷᠠᠳ ᠤᠨ ᠬᠤᠨᠤᠭᠯᠠᠯ ᠤᠨ ᠠᠮᠠᠷᠠᠯᠲᠠ ᠶᠢᠨ ᠲᠣᠰᠬᠤᠨ ᠤ ᠭᠤᠣᠯ ᠴᠣᠭᠴᠠ ᠶᠢᠨ ᠪᠠᠷᠢᠯᠭ᠎ᠠ ᠶᠢᠨ ᠠᠳᠠᠷ ᠢ ᠪᠢᠳᠡᠬᠦᠮᠵᠢᠯᠠᠵᠤ᠂  ᠲᠤᠲᠤᠷᠭ᠎ᠠ  ᠶᠢᠨ  ᠲᠠᠷᠢᠶᠠᠨ ᠳᠠᠬᠢ ᠮᠣᠳᠣᠨ  ᠪᠠᠶᠢᠰᠢᠩ   ᠤᠳ ᠢ ᠠᠰᠢᠭᠯᠠᠯᠲᠠ ᠳᠤ ᠤᠷᠤᠭᠤᠯᠵᠤ᠂ ᠣᠨᠴᠠᠯᠢᠭᠲᠤ ᠵᠤᠭᠠᠴᠠᠯ ᠤᠨ ᠥᠷᠲᠡᠭᠡ ᠶᠢᠨ ᠪᠠᠶᠢᠭᠤᠯᠤᠯᠲᠠ ᠶᠢ ᠡᠬᠢᠯᠡᠭᠦᠯᠵᠦ᠂ ︽ ᠬᠢᠩᠭᠠᠨᠴᠤᠳ ᠬᠢᠩᠭᠠᠨ ᠢᠶᠠᠷ ᠢᠶᠠᠨ ᠵᠤᠭᠠᠴᠠᠬᠤ︾ ᠵᠡᠷᠭᠡ ᠰᠢᠷᠢᠰ ᠰᠣᠶᠣᠯ ᠵᠤᠭᠠᠴᠠᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 120.58 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ 92.63 ᠳ᠋ᠦᠩᠰᠢᠭᠤᠷ ᠲᠥᠭᠦᠷᠢᠭ ᠪᠠᠶᠢᠵᠤ  ᠂  ᠬᠠᠳᠠᠭᠠᠯᠠᠮᠵᠢ  ᠪᠤᠯᠤᠨ ᠵᠢᠭᠡᠯᠡᠯᠭᠡ ᠶᠢᠨ ᠬᠠᠷᠢᠴᠠᠯ   ᠢ 76.82 % ᠲᠤ  ᠬᠦᠷᠭᠡᠵᠤ᠂ ᠵᠢᠭᠡᠯᠡᠯᠭᠡ ᠶᠢᠨ ᠶᠡᠷᠦᠩᠬᠡᠢ ᠲᠤᠭ᠎ᠠ ᠨᠢ ᠪᠦᠬᠦ ᠠᠶᠢᠮᠠᠭ ᠲᠤ ᠲᠡᠳ᠋ᠯᠡᠵᠠᠢ᠃ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠤᠶᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠪᠠᠬᠢᠵᠢᠭᠦᠯᠵᠦ᠂ ᠲᠦᠷᠭᠡᠨ ᠬᠦᠷᠭᠡᠯᠳᠡ ᠶᠢᠨ ᠬᠠᠭᠤᠳᠠᠰᠤ ᠲᠤᠰᠤᠭᠰᠠᠨ ᠬᠡᠮᠵᠢᠶ᠎ᠡ   ᠶᠢ 875.8 ᠲᠦᠮᠡᠨ ᠬᠤᠪᠢ ᠳᠤ ᠬᠦᠷᠭᠡᠵᠤ᠂ ᠠᠳᠠᠯᠢ ᠬᠤᠭᠤᠴᠠᠭᠠᠨ ᠤ ᠬᠢ ᠠᠴᠠ 124% ᠪᠠᠷ ᠨᠡᠮᠡᠭᠳᠡᠵᠦ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠣᠷᠣᠯᠠᠭᠤᠯᠤᠭᠰᠠᠨ ᠲᠤᠭ᠎ᠠ 1093 ᠲᠦᠮᠡᠨ ᠲᠥᠭᠦᠷᠢᠭ ᠲᠤ ᠬᠥᠷᠪᠡ᠃     ︵ᠲᠦᠷᠪᠡ︶  ᠦᠭᠡᠷᠡᠴᠢᠯᠡᠯᠳᠡ ᠬᠦᠭᠵᠢᠯᠳᠡ ᠶᠢᠨ ᠬᠦᠳᠡᠯᠭᠡᠬᠦ ᠬᠦᠴᠤᠨ ᠲᠦᠷᠭᠡᠨ ᠲᠦᠪᠯᠡᠷᠡᠪᠡ᠃ ᠭᠤᠣᠯᠳᠠᠯᠭ᠎ᠠ ᠲᠠᠢ ᠲᠥᠷᠥᠯ ᠵᠦᠢᠯ ᠯᠠᠪᠳᠠᠭᠤᠨ ᠢᠶᠠᠷ ᠠᠬᠢᠪᠠ᠃ 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠤᠨ ᠪᠡᠯᠡ ᠣᠷᠣᠭᠤᠯᠤᠯᠲᠠ   ᠶᠢᠨ 29 ᠴᠢᠬᠤᠯᠠ ᠶᠡᠭᠡ ᠵᠦᠢᠯᠡᠰ ᠢ ᠬᠡᠷᠡᠭᠵᠢᠬᠦᠯᠵᠤ᠂  ᠴᠤᠤᠯ ᠭᠤᠤᠯ ᠤᠨ ᠤᠰᠤ ᠶᠢ ᠯᠢᠶᠤᠤ ᠡᠾᠧ ᠭᠤᠤᠯ ᠳᠤ ᠲᠠᠳᠠᠵᠤ ᠤᠷᠤᠭᠤᠯᠬᠤ ᠢᠨᠵᠧᠨᠧᠷᠢᠩ ᠤᠨ ᠨᠢᠭᠡᠳᠦᠭᠡᠷ ᠬᠤᠭᠤᠴᠠᠭᠠᠨ ᠤ ᠨᠡᠭᠦᠳᠡᠯ ᠠᠷᠠᠳ ᠢ ᠲᠥᠪᠬᠢᠨᠡᠭᠦᠯᠬᠦ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠠᠢ᠃ ᠪᠠᠶᠠᠬᠤᠯᠠᠭᠠᠨ ᠰᠤᠮᠤ  ᠳᠠᠬᠢ ᠰᠢᠨ᠎ᠡ ᠪᠠᠯᠭᠠᠰᠤ ᠲᠣᠭᠤᠷᠢᠭ ᠵᠢᠴᠢ ᠪᠠᠶᠠᠵᠢᠨ᠎ᠠ ᠲᠥᠪᠬᠢᠨᠡᠭᠦᠯᠬᠦ ᠴᠡᠭ  ᠤᠨ ᠠᠵᠢᠯ ᠢ ᠡᠬᠢᠯᠡᠭᠦᠯᠦᠨ ᠪᠠᠶᠢᠭᠤᠯᠵᠤ᠂ 183 ᠡᠷᠦᠬᠡ ᠶᠢᠨ 665 ᠬᠥᠮᠦᠨ ᠢ ᠨᠡᠭᠦᠯᠭᠡᠬᠦ ᠠᠵᠢᠯ ᠢ ᠪᠡᠶᠡᠯᠡᠭᠦᠯᠵᠦ᠂ ᠠᠵᠤ ᠠᠬᠤᠶᠢᠯᠠᠯ ᠢ ᠨᠡᠭᠦᠯᠭᠡᠨ ᠪᠠᠶᠢᠭᠤᠯᠬᠤ᠂ ᠬᠥᠮᠥᠷᠭᠡ ᠶᠢᠨ ᠢᠷᠣᠭᠠᠷ ᠢ ᠠᠷᠢᠯᠭᠠᠨ ᠴᠡᠪᠡᠷᠯᠡᠬᠦ  ︾ ᠠᠵᠢᠯ ᠤᠷᠤᠭᠰᠢᠲᠠᠶ ᠶᠠᠪᠤᠭᠳᠠᠵᠤ᠂ ᠬᠤᠶᠠᠳᠤᠭᠠᠷ ᠬᠤᠭᠤᠴᠠᠭᠠᠨ ᠤ ᠨᠡᠭᠦᠳᠡᠯ ᠠᠷᠠᠳ ᠢ ᠲᠥᠪᠬᠢᠨᠡᠭᠦᠯᠬᠦ ᠡᠮᠦᠨᠡᠬᠢ ᠬᠤᠭᠤᠴᠠᠭᠠᠨ ᠤ ᠠᠵᠢᠯ ᠢ ᠵᠡᠷᠭᠡ ᠳᠤᠨᠢ ᠡᠬᠢᠯᠡᠭᠦᠯᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 9 ᠲᠦᠮᠡᠨ ᠮᠦ᠂ ᠴᠤᠤᠯ  ᠭᠤᠤᠯ ᠤᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠤᠨ ᠢᠨᠵᠧᠨᠧᠷᠢᠩ ᠢ 4 ᠲᠦᠮᠡᠨ ᠮᠦ ᠪᠠᠶᠢᠭᠤᠯᠵᠠᠢ᠃ ᠮᠤ᠋ ᠶᠤᠸᠠᠨ ᠭᠠᠭ᠋ᠠᠢ ᠲᠡᠵᠢᠭᠡᠨ ᠦᠷᠡᠵᠢᠬᠦᠯᠬᠦ ᠲᠥᠷᠥᠯ ᠵᠦᠢᠯ ᠨᠢ ᠭᠤᠷᠪᠠᠨ ᠲᠠᠯᠠᠪᠠᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠱᠧᠨ ᠨᠸᠡᠭ ᠤᠨ 48 ᠰᠠᠶ᠎ᠠ ᠸᠠᠲ ᠤᠨ ᠰᠠᠯᠬᠢᠨ ᠴᠠᠬᠢᠯᠭᠠᠨ ᠤ ᠲᠦᠷᠥᠯ ᠵᠦᠢᠯ ᠢ ᠴᠠᠬᠢᠯᠭᠠᠨ ᠲᠣᠣᠷ ᠲᠤ ᠣᠷᠣᠭᠤᠯᠤᠨ ᠴᠠᠬᠢᠯᠭᠠᠨ ᠭᠠᠷᠭᠠᠵᠤ᠂ ᠷᠠᠰᠢᠶᠠᠨ ᠠᠴᠠ ᠵᠠᠯᠠᠶᠢᠳ ᠤᠨ ᠵᠣᠭᠠᠴᠠᠯ ᠤᠨ ᠵᠠᠰᠠᠮᠠᠯ ᠵᠠᠮ ᠤᠨ ᠲᠤᠯᠤᠭᠠᠨᠬᠡᠷ ᠠᠴᠠ ᠯᠠᠮᠠ ᠶᠢᠨ ᠠᠭᠤᠢ ᠬᠦᠷᠬᠦ ᠶᠡᠭᠡ ᠬᠥᠭᠦᠷᠭᠡ ᠶᠢ ᠠᠰᠢᠭᠯᠠᠯᠲᠠ ᠳᠤ ᠣᠷᠣᠭᠤᠯᠤᠨ ᠂ ᠤᠯᠤᠰ  ᠤᠨ ᠵᠠᠮ ᠤᠨ 111 ᠱᠤᠭᠤᠮ ᠤᠨ ᠢᠨᠳᠡᠷ ᠠᠴᠠ ᠰᠢᠨᠯᠢᠨ ᠤ ᠬᠤᠶᠢᠲᠤ ᠬᠡᠰᠡᠭ ᠲᠤ ᠬᠦᠷᠳᠡᠯ᠎ᠡ ᠲᠡᠷᠭᠡ ᠨᠡᠪᠳᠡᠷᠡᠬᠦᠯᠵᠠᠢ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ᠠᠷᠪᠠᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ  ᠬᠡᠯᠬᠢᠶᠡᠰᠤ︾  ᠶᠢᠨ ᠲᠣᠭᠤᠷᠢᠨ ᠳᠤ᠂ 35 ᠲᠥᠷᠥᠯ ᠵᠦᠢᠯ ᠢ ᠵᠥᠪᠳᠡᠨ ᠶᠠᠷᠢᠯᠴᠠᠵᠤ᠂ ᠱᠧᠤ ᠨᠦᠩ ᠪᠦᠯᠦᠭᠯᠡᠯ᠂ ᠶᠢᠨ ᠹᠧᠩ ᠲᠢᠶᠠᠨ ᠷᠦᠨ ᠵᠡᠷᠭᠡ 18 ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠵᠦᠩ ᠯᠢᠶᠠᠩ ᠪᠦᠯᠦᠭᠯᠡᠯ ᠢ ᠣᠷᠣᠭᠤᠯᠤᠨ ᠠᠪᠴᠢᠷᠠᠵᠤ ᠠᠮᠤ ᠪᠤᠳᠠᠭᠠᠨ ᠤ ᠠᠷᠠᠯᠵᠢᠶ᠎ᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠤᠨ ︽ᠬᠤᠣᠰ ᠵᠠᠭᠤᠨ ᠲᠦᠮᠡᠨ  ᠲᠦᠬᠦᠷᠢᠭ︾    ᠤᠨ ᠲᠥᠷᠥᠯ ᠵᠦᠢᠯ ᠢ ᠬᠡᠷᠡᠭᠵᠢᠭᠦᠯᠵᠦ᠂ ᠴᠧᠩ ᠯᠢᠶᠠᠩ ᠪᠦᠯᠦᠭᠯᠡᠯ ᠤᠨ ᠮᠠᠨ ᠤ ᠬᠤᠰᠢᠭᠤᠨ ᠳᠤ ᠠᠩᠬᠠᠳᠠᠭᠴᠢ ᠬᠤᠯᠢᠮᠠᠭ ᠥᠮᠴᠢᠯᠡᠯ ᠤᠨ ᠳᠦᠷᠢᠮᠲᠦ ᠠᠵᠤ ᠠᠬᠤᠶᠢᠯᠠᠯ ᠪᠠᠶᠢᠭᠤᠯᠬᠤ ᠶᠢ ᠠᠬᠢᠭᠤᠯᠵᠤ᠂ ᠢ ᠮᠢᠨ ᠪᠦᠯᠦᠭᠯᠡᠯ ᠲᠠᠢ ᠬᠤᠯᠪᠣᠭᠠᠯᠠᠨ ᠴᠧᠩᠳᠦ᠋ ᠳᠤ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠵᠢᠨ‌ᠬᠤᠷᠠᠯ  ᠬᠤᠷᠠᠯᠳᠤᠭᠤᠯᠵᠦ᠂  ᠭᠠᠳᠠᠨᠠᠬᠢ ᠲᠠᠢ ᠬᠠᠮᠲᠤᠷᠠᠯᠴᠠᠬᠤ ᠣᠷᠣᠨ ᠵᠠᠢ ᠶᠢ ᠨᠠᠩ ᠭᠦᠨᠵᠡᠭᠡᠢ ᠨᠠᠩ ᠥᠷᠭᠡᠨ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ 47.7 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠤᠳᠠᠯᠳᠤᠭ᠎ᠠ ᠡᠷᠬᠢᠯᠡᠬᠦ ᠣᠷᠴᠢᠨ  ᠨᠥᠬᠦᠴᠡᠯ  ᠢ  ᠤᠯᠠᠮ ᠨᠢᠭᠡ ᠠᠯᠬᠤᠮ ᠰᠢᠯᠢᠳᠡᠭᠵᠢᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠡᠷᠬᠢᠯᠡᠬᠦ ᠲᠤᠰᠬᠠᠢ ᠲᠣᠭᠤᠷᠢᠭ ᠪᠠᠶᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ 3228 ᠡᠷᠦᠬᠡ ᠶᠢ ᠰᠢᠨ᠎ᠡ ᠪᠠᠷ ᠨᠡᠮᠡᠭᠳᠡᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠰᠢᠰᠲ᠋ᠧᠮ ᠢ ᠪᠦᠬᠦ ᠠᠶᠢᠮᠠᠭ ᠲᠤ ᠤᠷᠢᠳᠠᠪᠠᠷ ᠲᠤᠷᠰᠢᠨ  ᠂ ᠵᠠᠯᠠᠶᠢᠳ ᠬᠤᠰᠢᠭᠤ ᠨᠢ ᠠᠶᠢᠮᠠᠭ ᠤᠨ ᠳᠣᠲᠣᠷᠠᠬᠢ ᠠᠩᠬᠠᠳᠠᠭᠴᠢ ᠪᠠᠷᠢᠯᠭ᠎ᠠ ᠶᠢᠨ ᠢᠨᠵᠧᠨᠧᠷᠢᠩ ᠤᠨ ᠠᠵᠢᠯ ᠬᠢᠬᠦ ᠵᠥᠪᠰᠢᠶᠡᠷᠡᠯ ᠤᠨ ᠡᠯᠧᠺᠲᠷᠤᠨ ᠦᠨᠡᠮᠯᠡᠯ ᠢ ᠲᠠᠷᠬᠠᠭᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠲᠢᠩᠬᠢᠮ ᠳᠤ ᠣᠷᠣᠭᠤᠯᠤᠭᠰᠠᠨ ᠨᠣᠷᠮ᠎ᠠ 90%᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 80% ᠳᠤ ᠬᠦᠷᠴᠦ᠂ ᠭᠦᠢᠴᠡᠳᠬᠡᠬᠦ ᠴᠠᠭ ᠬᠤᠭᠤᠴᠠᠭ᠎ᠠ ᠶᠢ ᠳᠤᠮᠳᠠᠴᠢ ᠪᠠᠷ 30 % ᠪᠠᠷ ᠪᠣᠭᠤᠨᠢᠰᠬᠠᠪᠠ᠃ ᠠᠷᠠᠳ ᠤᠨ ᠡᠵᠡᠩᠨᠡᠯᠲᠡ ᠶᠢᠨ ᠠᠵᠤ ᠠᠬᠤᠶ ᠪᠠ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 1356 ᠲᠦᠮᠡᠨ ᠲᠥᠭᠦᠷᠢᠭ ᠤᠨ ᠱᠠᠩᠨᠠᠯ   ᠨᠥᠬᠦᠪᠥᠷᠢ ᠶᠢᠨ ᠪᠠᠯᠠ ᠮᠥᠩᠭᠦ ᠣᠯᠭᠤᠵᠤ᠂ ᠪᠥᠬᠦ ᠵᠢᠯ ᠳᠤ 1.8 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠦᠩᠬᠡᠯᠡᠨ ᠰᠤᠶᠢᠳᠭᠡᠯ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ  ᠭᠦᠢᠴᠡᠳ ᠪᠠᠳᠠᠷᠠᠭᠤᠯᠪᠠ᠃     ︵ᠲᠠᠪᠤ︶  ᠬᠤᠳᠠ ᠬᠦᠳᠡᠭᠡ ᠶᠢᠨ ᠬᠦᠭᠵᠢᠯᠳᠡ ᠶᠢᠨ ᠨᠦᠭᠡᠴᠡ ᠬᠦᠴᠤᠨ ᠲᠠᠰᠤᠷᠠᠯᠳᠠ ᠦᠭᠡᠢ  ᠴᠢᠩᠭᠠᠷᠠᠪᠠ ᠃   ︽ ᠤᠯᠤᠰ ᠤᠨ ᠴᠡᠴᠡᠷᠯᠢᠭᠳᠦ  ᠬᠤᠰᠢᠭᠤ ᠰᠢᠶᠠᠨ ᠤ ᠬᠤᠳᠠ︾   ᠶᠢ ᠡᠭᠦᠳᠤᠨ ᠪᠠᠶᠢᠭᠤᠯᠬᠤ ᠶᠢ ᠦᠷᠬᠦᠯᠵᠢᠯᠡᠨ ᠠᠬᠢᠭᠤᠯᠵᠤ᠂ ᠲᠤᠷᠠᠨ ᠨᠠᠭᠤᠷ ᠴᠡᠴᠡᠷᠯᠢᠭ ᠢ 24 ᠾᠧᠺᠲ᠋ᠠᠷ ᠥᠭᠡᠷᠡᠴᠢᠯᠡᠨ ᠥᠷᠭᠡᠳᠬᠡᠵᠦ᠂ ᠪᠠᠶᠢᠭᠤᠯᠤᠭᠰᠠᠨ ᠲᠣᠭᠤᠷᠢᠭ ᠤᠨ ᠬᠥᠮᠦᠨ ᠳᠤᠮᠳᠠᠴᠢ ᠶᠢᠨ ᠬᠦᠷᠳᠡᠬᠦ ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠶ ᠶᠢ 20 ᠲᠡᠭᠰᠢ ᠳᠥᠷᠪᠡᠯᠵᠢᠨ ᠮᠧᠲᠷ ᠲᠤ ᠬᠦᠷᠭᠡᠵᠤ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠠᠯᠠᠪᠠᠶ ᠶᠢ 2 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠪᠦᠷᠬᠦᠴᠡ ᠶᠢᠨ ᠨᠣᠷᠮ᠎ᠠ ᠶᠢ 32.83 % ᠪᠣᠯᠲᠠᠯ᠎ᠠ ᠲᠡᠭᠡᠭᠰᠢᠯᠡᠬᠦᠯᠵᠠᠢ᠃ 17 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ 34 ᠠᠰᠠᠭᠤᠳᠠᠯ ᠢ ᠵᠤᠬᠢᠰᠳᠠᠢ ᠰᠢᠢᠳᠪᠤᠷᠢᠯᠡᠵᠤ᠂ ᠢᠯᠴᠢ ᠬᠠᠩᠭᠠᠬᠤ᠂ ᠤᠰᠤ ᠬᠠᠩᠭᠠᠬᠤ᠂ ᠪᠤᠬᠢᠷ ᠤᠰᠤᠨ ᠤ ᠬᠤᠭᠤᠯᠠᠶ ᠶᠢᠨ ᠲᠣᠤᠷ ᠢ 28.6 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠵᠠᠰᠠᠵᠤ᠂  ᠲᠦᠩ ᠬᠠᠢ ᠵᠠᠮ ᠤᠨ ᠪᠣᠷᠣᠭᠠᠨ ᠤ ᠤᠰᠤ ᠶᠢ ᠲᠥᠪᠯᠡᠷᠡᠭᠦᠯᠦᠨ ᠭᠠᠳᠠᠭᠰᠢᠯᠠᠭᠤᠯᠬᠤ ᠵᠢᠴᠢ ᠵᠠᠮ ᠤᠨ ᠢᠯᠴᠢ ᠬᠠᠩᠭᠠᠬᠤ ᠢᠨᠵᠧᠨᠧᠷᠢᠩ ᠢ ᠪᠡᠶᠡᠯᠡᠭᠦᠯᠪᠡ᠃ ᠬᠤᠲᠠ ᠶᠢᠨ ᠵᠠᠮ ᠤᠨ  ᠴᠢᠭᠯᠡᠯ ᠲᠡᠮᠳᠡᠭ ᠵᠢᠷᠤᠭᠠᠰᠤ ᠶᠢ 7 ᠲᠦᠮᠡᠨ ᠲᠡᠭᠰᠢ ᠳᠥᠷᠪᠡᠯᠵᠢᠨ ᠮᠧᠲᠷ ᠲᠡᠬᠦᠯᠳᠡᠷᠵᠢᠬᠦᠯᠵᠤ᠂  ᠲᠡᠷᠭᠡᠨ ᠵᠣᠭᠰᠣᠭᠠᠯ ᠢ4417 ᠰᠢᠨ᠎ᠡ ᠪᠠᠷ ᠨᠡᠮᠡᠭᠳᠡᠭᠦᠯᠵᠦ᠂  ᠡᠾᠦ᠋ᠢ ᠮᠢᠨ ᠵᠠᠮ ᠤᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠲᠠ ᠶᠢᠨ ᠦᠢᠯᠡᠴᠢᠯᠡᠭᠡᠨ ᠤ ᠡᠭᠦᠷᠭᠡ ᠴᠢᠳᠠᠪᠬᠢ ᠶᠢ ᠪᠦᠲᠦᠮᠵᠢᠲᠡᠢ ᠳᠡᠭᠡᠭᠰᠢᠯᠡᠭᠦᠯᠪᠡ᠃  ᠬᠦᠳᠡᠭᠡ ᠲᠤᠰᠬᠤᠨ ᠮᠠᠯᠵᠢᠬᠤ ᠣᠷᠣᠨ ᠤ  ᠬᠦᠮᠤᠨ ᠠᠷᠠᠳ ᠤᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ︽ᠵᠣᠷᠯᠣᠩ ᠤᠨ ᠬᠤᠪᠢᠰᠬᠠᠯ︾ ᠤᠨ ᠬᠥᠳᠡᠭᠡ ᠲᠣᠰᠬᠤᠨ ᠤ ᠡᠷᠦᠬᠡ ᠪᠦᠷᠢ ᠶᠢᠨ ᠵᠣᠷᠯᠣᠩ ᠤᠨ ᠥᠭᠡᠷᠡᠴᠢᠯᠡᠯᠲᠡ ᠶᠢ 1.5 ᠲᠦᠮᠡ ᠬᠢᠵᠤ᠂ ᠰᠤᠮᠤ ᠰᠢᠶᠠᠩ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠰᠢᠲᠠᠭᠠᠬᠤ ᠵᠢᠵᠢᠭ ᠬᠡᠯᠪᠡᠷᠢ ᠶᠢᠨ ᠤᠶᠢᠯᠡᠳᠪᠤᠷᠢ ᠶᠢ 3 ᠪᠠᠶᠢᠭᠤᠯᠪᠠ᠃ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ  1 ᠪᠠᠶᠢᠭᠤᠯᠵᠤ᠂  ᠺᠢᠯᠤᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ462 ᠦᠭᠡᠷᠡᠴᠢᠯᠡᠵᠠᠢ  ᠃  ᠲᠦᠷᠢᠮᠵᠢᠭᠰᠡᠨ ᠡᠵᠡᠩᠨᠡᠯᠲᠡ ᠶᠢᠨ ᠬᠤᠷᠰᠢᠶᠠᠵᠢᠯ 339 ᠡᠷᠦᠬᠡ ᠳᠤ ᠬᠦᠷᠴᠦ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ 404 ᠡᠷᠦᠬᠡ᠂ ᠬᠥᠳᠡᠭᠡ ᠲᠣᠰᠬᠤᠨ ᠤ ᠤᠷ᠎ᠠ ᠮᠡᠷᠭᠡᠵᠢᠯ ᠤᠨ ᠴᠢᠳᠠᠪᠤᠷᠢᠲᠠᠨ 640 ᠬᠥᠮᠦᠨ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ2020 ᠲᠠᠷᠢᠶᠠᠴᠢᠨ ᠳᠤ  ᠪᠤᠯᠪᠠᠰᠤᠷᠠᠯ ᠬᠦᠷᠳᠡᠭᠡᠵᠤ᠂ ᠮᠠᠯᠴᠢᠨ ᠲᠠᠷᠢᠶᠠᠴᠢᠨ ᠤ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠵᠦ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠲᠤᠷᠰᠢᠯᠲᠠ ᠶᠢᠨ ᠴᠡᠭ ᠲᠤ ᠠᠮᠵᠢᠯᠲᠠ ᠲᠠᠢ ᠵᠢᠭᠰᠠᠭᠠᠭᠳᠠᠪᠠ᠃     ︵ᠵᠢᠷᠭᠤᠭ᠎ᠠ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ ᠣᠶ ᠰᠢᠭᠤᠶ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ  ᠤᠨ ᠲᠡᠩᠴᠡᠬᠦᠷᠢ ᠲᠠᠢ  ᠪᠠᠶᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠭᠤᠷᠪᠠᠨ ᠤᠮᠠᠷᠠᠲᠤ ᠶᠢᠨ ᠬᠠᠯᠬᠠᠪᠴᠢ ᠣᠶ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ᠂ ᠲᠠᠷᠢᠶᠠᠯᠠᠬᠤ ᠶᠢ ᠵᠣᠭᠰᠣᠭᠠᠵᠤ ᠤᠶᠢᠵᠢᠭᠤᠯᠬᠤ ᠵᠡᠷᠭᠡ 15.47 ᠲᠦᠮᠡᠨ ᠮᠥ ᠢᠨᠵᠧᠨᠧᠷᠢᠩ ᠢ ᠬᠡᠷᠡᠭᠵᠢᠭᠦᠯᠵᠦ᠂ 2 ᠲᠦᠮᠡᠨ ᠮᠥ  ᠪᠡᠯᠴᠢᠬᠡᠷ ᠲᠤ ᠮᠠᠯᠵᠢᠬᠤ ᠶᠢ ᠵᠣᠭᠰᠣᠭᠠᠨ ᠡᠪᠡᠰᠦ ᠪᠡᠯᠴᠢᠭᠡᠷ ᠢ ᠰᠡᠷᠭᠦᠭᠡᠵᠦ᠂ 2 ᠣᠶ ᠰᠢᠭᠤᠶ ᠶᠢᠨ ᠵᠢᠵᠢᠭ ᠪᠠᠯᠭᠠᠰᠤ᠂ 20 ᠭᠠᠴᠠᠭ᠎ᠠ ᠠᠶᠢᠯ ᠢ ᠪᠠᠶᠢᠭᠤᠯᠵᠠᠢ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ︽ᠴᠣᠣᠯ ᠭᠤᠤᠯ ᠤᠨ ᠤᠰᠤ ᠪᠤᠯᠤᠨ ᠲᠡᠮᠡᠭᠡᠴᠢ ᠴᠦᠬᠦᠷᠤᠮ︾ ᠤᠨ ᠠᠮᠢ ᠠᠬᠤᠶ ᠶᠢᠨ ᠤᠰᠤ ᠨᠥᠬᠦᠪᠥᠷᠢᠯᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠲᠡᠮᠡᠭᠡᠴᠢ ᠴᠥᠭᠦᠷᠥᠮ ᠤᠨ ᠨᠤᠭᠤ ᠭᠠᠵᠠᠷ ᠤᠨ ᠲᠠᠯᠠᠪᠠᠶ ᠶᠢ 10 ᠲᠦᠮᠡᠨ ᠮᠥ ᠠᠴᠠ ᠳᠡᠭᠡᠭᠰᠢ ᠪᠠᠶᠢᠯᠭᠠᠬᠤ ᠶᠢ  ᠪᠠᠳᠤᠯᠠᠵᠠᠢ᠃ ᠭᠤᠣᠯ ᠮᠥᠷᠡᠨ ᠢ 68 ᠵᠤᠷᠪᠤᠰ ᠵᠠᠭᠠᠭᠯᠠᠨ ᠲᠣᠭᠲᠠᠭᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠠᠠᠭᠠᠯᠠᠯᠳᠠ᠂ ᠭᠤᠣᠯ ᠮᠥᠷᠡᠨ ᠨᠠᠭᠤᠷ ᠴᠥᠭᠦᠷᠥᠮ ᠤᠨ ᠡᠷᠬᠢᠨ ᠲᠣᠭᠤᠷᠢᠨ ᠤ ᠬᠤᠭ ᠨᠣᠪᠰᠢ ᠶᠢ ᠴᠡᠪᠡᠷᠯᠡᠨ ᠠᠷᠢᠯᠭᠠᠬᠤ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠵᠦ᠂ 8.2 ᠺᠢᠯᠣᠮᠧᠲᠷ ᠭᠤᠣᠯ ᠮᠥᠷᠡᠨ ᠨᠠᠭᠤᠷ ᠴᠥᠭᠦᠷᠥᠮ ᠤᠨ  ᠬᠦᠪᠡᠭᠡ ᠡᠷᠭᠢ᠂ 2.2 ᠺᠢᠯᠣᠮᠧᠲᠷ ᠭᠤᠣᠯ ᠤᠨ  ᠭᠤᠯᠳᠤᠷᠢᠯ  ᠂ 15 ᠵᠤᠷᠪᠤᠰ ᠠᠭᠤᠯᠠᠨ ᠦᠶᠡᠷ  ᠢ ᠵᠠᠯᠠᠬᠤ ᠭᠤᠤ ᠰᠤᠪᠠᠭ ᠢ ᠵᠠᠰᠠᠵᠤ᠂ 50 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠪᠡᠶᠡᠯᠡᠭᠦᠯᠵᠦ᠂ ᠪᠦᠬᠦ ᠤᠯᠤᠰ ᠤᠨ ᠭᠤᠷᠪᠠᠳᠤᠭᠠᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠬᠤᠰᠢᠭᠤ ᠰᠢᠶᠠᠨ ᠢᠶᠠᠷ ᠦᠨᠡᠯᠡᠭᠳᠡᠪᠡ᠃     ︵ᠳᠣᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠳᠡᠭᠡᠭᠰᠢᠯᠡᠪᠡ᠃ ᠬᠤᠲᠠ ᠪᠠᠯᠭᠠᠰᠤᠨ ᠤ 1420 ᠬᠥᠮᠦᠨ ᠳᠤ ᠰᠢᠨ᠎ᠡ ᠪᠠᠷ ᠠᠵᠢᠯ ᠣᠯᠭᠤᠵᠤ᠂  ᠬᠦᠳᠡᠭᠡ ᠲᠤᠰᠬᠤᠨ ᠮᠠᠯᠵᠢᠬᠤ ᠤᠷᠤᠨ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠨᠢ 2.2 ᠲᠦᠮᠡᠨ ᠬᠥᠮᠦᠨ ᠤᠳᠠᠭ᠎ᠠ ᠳᠤ ᠬᠦᠷᠴᠦ᠂ ᠴᠡᠷᠢᠭ ᠠᠴᠠ ᠬᠠᠯᠠᠭᠳᠠᠭᠰᠠᠨ 14 ᠲᠠᠷᠤᠭ᠎ᠠ ᠪᠠᠶᠢᠯᠳᠤᠭᠴᠢ ᠶᠢ ᠲᠥᠪᠬᠢᠨᠡᠭᠦᠯᠵᠦ᠂ ᠠᠵᠢᠯ ᠤᠨ ᠪᠠᠶᠢᠷᠢ ᠠᠴᠠ ᠪᠠᠨ ᠪᠠᠭᠤᠵᠤ ᠴᠡᠷᠢᠭ ᠠᠴᠠ ᠬᠠᠯᠠᠭᠳᠠᠭᠰᠠᠨ 35 ᠬᠥᠮᠦᠨ ᠢ ᠲᠤᠰᠠᠯᠠᠨ ᠠᠵᠢᠯ ᠤᠯᠭᠤᠪᠠ᠃ 1551 ᠲᠦᠮᠡᠨ ᠲᠥᠭᠦᠷᠢᠭ ᠤᠨ ᠦᠢᠯᠡᠰ ᠪᠣᠰᠬᠠᠬᠤ ᠵᠢᠭᠡᠯᠡᠯᠭᠡ ᠲᠠᠯᠪᠢᠪᠠ᠃  ᠨᠡᠶᠢᠭᠡᠮ ᠤᠨ  ᠪᠠᠳᠤᠯᠠᠪᠤᠷᠢ ᠶᠢᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠢᠶᠠᠷ 2.93 ᠳ᠋ᠦᠩᠰᠢᠭᠤᠷ ᠲᠥᠭᠦᠷᠢᠭ   ᠤᠨ ᠡᠮᠴᠢᠯᠡᠭᠡᠨ ᠤ ᠰᠤᠶᠢᠳᠭᠡᠯ ᠢ  ᠲᠠᠩᠰᠠᠨ ᠠᠴᠠ  ᠳᠡᠶᠢᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢ 3.9 ᠳ᠋ᠦᠩᠰᠢᠭᠤᠷ ᠲᠥᠭᠦᠷᠢᠭ ᠲᠠᠷᠬᠠᠭᠠᠪᠠ᠃ ᠬᠦᠴᠢᠷᠳᠡᠯᠲᠡᠶ ᠣᠯᠠᠨ ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ᠂ ᠠᠮᠢᠳᠤᠷᠠᠯ ᠤᠨ ᠠᠪᠤᠷᠠᠨ ᠲᠤᠰᠠᠯᠠᠯᠲᠠ ᠵᠡᠷᠭᠡ ᠡᠯ᠎ᠡ ᠲᠥᠷᠥᠯ ᠤᠨ ᠪᠠᠯᠠ ᠮᠥᠩᠭᠦ ᠶᠢ 1000 ᠲᠦᠮᠡᠨ ᠲᠥᠭᠦᠷᠢᠭ ᠲᠠᠷᠬᠠᠭᠠᠪᠠ᠃  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠲᠡᠤᠬᠡᠲᠦ ᠴᠢᠨᠠᠷᠲᠠᠶ ᠰᠢᠪᠲᠤᠯᠤᠯᠲᠠ ᠲᠠᠢ ᠪᠣᠯᠵᠣ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠤᠷᠭᠠᠭᠤᠯᠢ ᠲᠠᠪᠰᠢᠭᠰᠠᠨ ᠨᠣᠷᠮ᠎ᠠ ᠪᠠ ᠠᠵᠢᠯ ᠣᠯᠤᠭᠰᠠᠨ ᠨᠣᠷᠮ᠎ᠠ 97% ᠠᠴᠠ ᠳᠡᠭᠡᠭᠰᠢ ᠳᠤ ᠬᠥᠷᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠠᠢ᠃ ᠢᠨᠳᠡᠷ ᠲᠠᠬᠢ ᠨᠢᠭᠡᠳᠦᠭᠡᠷ ᠲᠤᠮᠳᠠᠳᠤ ᠰᠤᠷᠭᠠᠭᠤᠯᠢ᠂ ᠢᠨᠳᠡᠷ  ᠲᠠᠬᠢ ᠭᠤᠷᠪᠠᠳᠤᠭᠠᠷ ᠲᠤᠮᠳᠠᠳᠤ ᠰᠤᠷᠭᠠᠭᠤᠯᠢ ᠨᠢ ᠪᠦᠷᠢᠨ ᠳᠤᠮᠳᠠᠳᠤ ᠰᠤᠷᠭᠠᠭᠤᠯᠢ ᠪᠣᠯᠵᠤ ᠬᠤᠪᠢᠷᠠᠪᠠ᠃ ᠳᠣᠯᠣᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠬᠡᠤᠬᠡᠳ ᠤᠨ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠳᠥᠷᠪᠡᠳᠦᠭᠡᠷ ᠬᠡᠤᠬᠡᠳ ᠤᠨ ᠴᠡᠴᠡᠷᠯᠢᠭ ᠤᠨ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 92.4% ᠳᠤ ᠬᠥᠷᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠲᠠᠰᠤᠷᠠᠯᠳᠠ ᠦᠭᠡᠢ ᠭᠦᠨᠵᠡᠭᠡᠶᠢᠷᠡᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠪᠠ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ ᠦᠷᠭᠦᠯᠵᠢᠯᠡᠨ ᠲᠡᠭᠦᠯᠳᠡᠷᠵᠢᠪᠡ᠃ 3200 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂  ᠴᠢᠰᠤ ᠨᠡᠪᠴᠢᠭᠦᠯᠦᠨ ᠢᠯᠭᠠᠷᠠᠭᠤᠯᠬᠤ ᠮᠠᠰᠢᠨ᠂ ᠲᠦᠷᠭᠡᠨ ᠠᠪᠤᠷᠬᠠᠤ ᠲᠡᠷᠭᠡ ᠵᠡᠷᠭᠡ ᠡᠮᠴᠢᠯᠡᠭᠡᠨ ᠤ ᠲᠥᠬᠦᠭᠡᠷᠦᠮᠵᠢ ᠶᠢ 140 ᠢᠵᠢ ᠬᠤᠳᠠᠯᠳᠤᠨ ᠠᠪᠴᠤ᠂ ᠡᠮᠴᠢᠯᠡᠭᠡᠨ ᠤ ᠤᠶᠢᠯᠡᠴᠢᠯᠡᠭᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠬᠦᠯᠪᠡ᠃  ᠪᠠᠷᠠᠭᠤᠨ ᠠᠭᠤᠯᠠᠨ ᠤ ᠰᠢᠨ᠎ᠡ ᠲᠣᠭᠤᠷᠢᠭ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢ ᠡᠬᠢᠯᠡᠨ ᠪᠠᠶᠢᠭᠤᠯᠵᠤ᠂ ᠠᠷᠪᠠᠳᠤᠭᠠᠷ ᠬᠤᠭᠤᠴᠠᠭᠠᠨ ᠤ ᠴᠤᠤᠯ ᠭᠤᠣᠯ ᠤᠨ ᠰᠣᠶᠣᠯ ᠤᠷᠠᠯᠢᠭ ᠤᠨ ᠨᠠᠶᠢᠷ᠂ ᠲᠠᠷᠢᠶᠠᠴᠢᠳ ᠤᠨ ᠴᠢᠬᠢ ᠰᠠᠭᠤᠯᠭᠠᠬᠤ ᠨᠠᠶᠢᠷ᠂ ᠡᠯᠪᠡᠭ ᠬᠤᠷᠢᠶᠠᠯᠲᠠ ᠶᠢᠨ ᠪᠠᠶᠠᠷ ᠵᠡᠷᠭᠡ ᠰᠢᠷᠢᠰ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠠᠮᠵᠢᠯᠲᠠᠲᠠᠢ ᠡᠷᠬᠢᠯᠡᠵᠦ᠂ ᠤᠯᠠᠭᠠᠨᠮᠥ᠋ᠴᠢᠷ ᠤᠨ ᠵᠣᠬᠢᠶᠠᠨ ᠪᠦᠲᠦᠭᠡᠵᠦ ᠨᠠᠶᠢᠷᠠᠭᠤᠯᠤᠭᠰᠠᠨ ᠰᠣᠳᠣᠨ ᠲᠣᠭᠯᠠᠯᠲᠠ 50 ᠭᠠᠷᠤᠢ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ   ᠶᠢ 100 ᠭᠠᠷᠤᠢ ᠲᠠᠯᠠᠪᠤᠷ ᠲᠤᠭᠯᠠᠵᠠᠢ᠃   ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠪᠥᠬᠦ ᠤᠯᠤᠰ ᠤᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠲᠡᠷᠢᠭᠦᠨ ᠤ ᠬᠤᠰᠢᠭᠤ ᠰᠢᠶᠠᠨ︾ ᠢ ᠡᠭᠦᠳᠤᠨ ᠪᠠᠶᠢᠭᠤᠯᠬᠤ ᠦᠷ᠎ᠡ ᠪᠦᠳᠤᠭᠡᠯ  ᠢ ᠪᠠᠬᠢᠵᠢᠬᠦᠯᠵᠤ  ︽ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ  ︾ ᠲᠤᠰᠬᠠᠢ ᠲᠡᠮᠡᠴᠡᠯ ᠢ ᠭᠦᠨᠵᠡᠬᠡᠢ ᠦᠷᠨᠢᠬᠦᠯᠵᠠᠢ᠃ ᠠᠶᠤᠯᠬᠦᠢ ᠤᠶᠢᠯᠡᠳᠪᠤᠷᠢᠯᠠᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ   ᠶᠢ ᠲᠦᠭᠡᠮᠡᠯᠵᠢᠭᠦᠯᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠶᠠᠳᠤᠭᠠᠷ ᠪᠦᠯᠦᠭ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠲᠣᠭᠲᠠᠭᠠᠭᠳᠠᠪᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠱᠠᠳᠤᠴᠢ ᠴᠢᠨᠠᠷᠲᠠᠢ ᠡᠭᠦᠷᠭᠡ ᠶᠢ ᠴᠢᠨᠠᠷ ᠰᠠᠶᠢᠲᠠᠢ ᠪᠡᠶᠡᠯᠡᠬᠦᠯᠵᠠᠢ᠃ ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠪᠠ ᠰᠠᠨᠠᠭᠤᠯᠭ᠎ᠠ 31 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 116 ᠬᠤᠪᠢ ᠰᠢᠢᠳᠪᠦᠷᠢᠯᠡᠪᠡ᠃ ᠬᠡᠯᠪᠡᠷᠢᠴᠢ ᠦᠵᠡᠯ ᠨᠣᠶᠠᠨᠴᠢ ᠰᠤᠷᠲᠠᠯ ᠢ ᠶᠡᠬᠡᠪᠡᠷ ᠴᠡᠭᠴᠡᠯᠡᠨ ᠵᠠᠰᠠᠵᠤ᠂ ᠪᠢᠴᠢᠭ ᠮᠠᠲ᠋ᠧᠷᠢᠶᠠᠯ ᠢᠶᠠᠨ ᠴᠢᠨᠠᠷᠯᠢᠬᠵᠢᠭᠤᠯᠵᠤ ᠬᠤᠷᠠᠯ ᠢᠶᠠᠨ  ᠴᠦᠬᠡᠳᠭᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠡᠯ᠎ᠡ ᠲᠥᠷᠥᠯ ᠤᠨ 43 ᠲᠥᠷᠥᠯ ᠵᠤᠶᠢᠯ   ᠳᠤ ᠬᠢᠨᠠᠨ  ᠪᠤᠳᠤᠯᠳᠠ ᠬᠢᠵᠦ᠂ 6975 ᠲᠦᠮᠡᠨ ᠲᠥᠭᠦᠷᠢᠭ ᠤᠨ ᠪᠠᠯᠠ ᠮᠥᠩᠭᠦ ᠶᠢ ᠬᠢᠨᠠᠨ ᠬᠠᠰᠤᠵᠤ᠂ ︽ᠵᠠᠬᠢᠳᠠᠯ  ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠤᠷᠢᠯᠡᠬᠦ ᠣᠨ︾ ᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠤᠶᠢᠯᠡᠰ ᠢ ᠪᠥᠬᠦ ᠬᠦᠴᠦᠨ ᠢᠶᠠᠷ ᠰᠢᠢᠳᠪᠤᠷᠢᠯᠡᠵᠤ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 34 % ᠪᠠᠷ ᠪᠠᠭᠤᠷᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠪᠠ ᠨᠡᠶᠢᠲᠡ ᠤᠯᠠᠨ ᠤ ᠢᠲᠡᠭᠡᠭᠦᠯᠬᠦ ᠬᠦᠴᠦᠨ ᠤᠯᠠᠮ   ᠢᠶᠠᠷ ᠳᠡᠭᠡᠭᠰᠢᠯᠡᠪᠡ᠃     ᠲᠥᠯᠥᠭᠡᠯᠡᠭᠴᠢᠳ ᠡ᠂ ᠪᠦᠬᠦ ᠬᠤᠰᠢᠭᠤ ᠪᠠᠷ ᠢᠶᠠᠨ ᠪᠦᠯᠬᠦᠮᠳᠡᠨ ᠲᠡᠮᠡᠴᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠠᠮᠵᠢᠯᠲᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠯᠠᠯᠲᠠ ᠶᠢ ᠲᠡᠮᠡᠴᠡᠨ ᠣᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠤᠯᠤᠯ᠎ᠠ᠃     ᠥᠩᠭᠡᠷᠡᠭᠰᠡᠨ ᠲᠠᠪᠤᠨ ᠵᠢᠯ ᠳᠤ᠂ ᠪᠢᠳᠡ ᠠᠵᠤ ᠠᠬᠤᠢ ᠶᠢ ᠲᠣᠭᠲᠠᠪᠤᠷᠢᠵᠢᠭᠤᠯᠵᠤ᠂ ᠠᠵᠤ ᠣᠶᠢᠯᠡᠰ ᠢ ᠴᠢᠬᠤᠯᠠᠴᠢᠯᠠᠨ᠂  ᠶᠡᠷᠦᠩᠬᠡᠶᠢᠯᠡᠭᠰᠡᠨ ᠪᠣᠳᠠᠲᠤ ᠬᠦᠴᠦᠨ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠡᠢ᠃ ᠭᠠᠵᠠᠷ ᠣᠷᠣᠨ ᠤ ᠣᠶᠢᠯᠡᠳᠪᠦᠷᠢᠯᠡᠯ ᠤᠨ ᠶᠡᠷᠦᠩᠬᠡᠶ ᠥᠷᠲᠡᠭ 100 ᠳ᠋ᠦᠩᠰᠢᠭᠤᠷ ᠲᠥᠭᠦᠷᠢᠭ ᠢ ᠳᠠᠪᠠᠵᠤ᠂ ︽ᠠᠷᠪᠡᠨ ᠭᠤᠷᠪᠠᠳᠣᠭᠠᠷ ᠲᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠨᠠᠶᠢᠳᠡ 42 ᠳ᠋ᠦᠩᠰᠢᠭᠤᠷ ᠲᠥᠭᠦᠷᠢᠭ ᠢ ᠪᠠᠶᠠᠯᠠᠬᠦᠯᠵᠣ᠂ ︽ᠠᠷᠪᠡᠨ ᠬᠤᠶᠠᠳᠣᠭᠠᠷ ᠲᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 35 ᠳ᠋ᠦᠩᠰᠢᠭᠤᠷ ᠲᠥᠭᠦᠷᠢᠭ ᠨᠡᠮᠡᠭᠳᠡᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠵᠢᠯ ᠪᠦᠷᠢ ᠳᠤᠮᠳᠠᠴᠢ ᠪᠠᠷ 6.79 % ᠪᠠᠷ ᠨᠡᠮᠡᠭᠳᠡᠵᠣ᠂ 50 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠭᠰᠠᠨ ᠪᠠᠶᠢᠨ᠎ᠠ᠂ ᠬᠤᠶᠠᠷ ᠵᠦᠢᠯ ᠤᠨ ᠭᠦᠢᠴᠡᠳᠬᠡᠯ ᠲᠤᠭ᠎ᠠ ᠢᠮᠠᠭᠲᠠ ᠪᠦᠬᠦ ᠠᠶᠢᠮᠠᠭ ᠤᠨ ᠡᠮᠦᠨ᠎ᠡ ᠬᠤᠶᠠᠷ ᠲᠤ ᠣᠷᠣᠵᠣ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠲᠣᠭᠲᠠᠭᠤᠨ ᠢᠶᠠᠷ ᠡᠮᠦᠨ᠎ᠡ ᠭᠤᠷᠪᠡ ᠳᠤ ᠣᠷᠣᠬᠰᠠᠨ ᠪᠠᠶᠢᠨ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠨᠢ ᠲᠣᠰ ᠲᠣᠰ 2 ᠲᠦᠮᠡ 0921 ᠲᠥᠭᠦᠷᠢᠭ ᠪᠠ 7803 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2 ᠲᠦᠮᠡ 9997 ᠲᠥᠭᠦᠷᠢᠭ ᠪᠠ 1 ᠲᠦᠮᠡ 2678 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 7.5 % ᠪᠠ 10.2 % ᠢᠶᠠᠷ ᠨᠠᠮᠡᠭᠳᠡᠵᠡᠢ᠃ ᠮᠠᠨ ᠤ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠮᠣ ᠬᠤᠰᠢᠭᠤ ᠶᠢᠨ ᠪᠠᠶᠢᠷᠢ ᠰᠠᠭᠤᠷᠢ ᠪᠠᠨ ᠦᠷᠭᠦᠯᠵᠢᠯᠡᠨ ᠪᠠᠬᠢᠵᠢᠬᠦᠯᠵᠤ᠂ ᠠᠮᠤ ᠪᠤᠳᠠᠭ᠎ᠠ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠵᠤ᠂ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠨᠢ ᠲᠣᠭᠲᠠᠭᠤᠨ ᠢᠶᠠᠷ ᠳᠡᠭᠡᠭᠰᠢᠯᠡᠭᠰᠠᠨ ᠪᠠᠶᠢᠨ᠎ᠠ᠃ ᠤᠰᠤᠨ ᠲᠤᠲᠤᠷᠭ᠎ᠠ ᠲᠠᠷᠢᠵᠣ ᠣᠷᠭᠤᠭᠤᠯᠬᠤ ᠲᠠᠯᠠᠪᠠᠢ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠢ ᠠᠴᠠ ᠳᠥᠷᠪᠡᠨ ᠳᠠᠬᠢᠨ   ᠢᠶᠠᠷ ᠨᠡᠮᠡᠭᠳᠡᠵᠦ᠂ ︽ᠪᠢ ᠵᠠᠯᠠᠶᠢᠳ ᠲᠤ ᠨᠢᠭᠡ ᠮᠦ ᠲᠠᠷᠢᠶ᠎ᠠ ᠲᠠᠢ︾  ᠭᠡᠬᠦ ᠲᠠᠨᠢᠵᠣ ᠠᠪᠬᠤ ᠲᠦᠷᠣᠯ ᠵᠣᠶᠢᠯ ᠨᠢ ᠲᠦᠮᠡᠨ ᠮᠦ ᠶᠢ ᠳᠠᠪᠠᠵᠤ᠂ ︽ᠬᠢᠩᠭᠠᠨ ᠠᠶᠢᠮᠠᠭ ᠤᠨ ᠲᠤᠲᠤᠷᠭ᠎ᠠ · ᠵᠠᠯᠠᠶᠢᠳ ᠤᠨ ᠠᠮᠲᠠᠲᠤ ᠲᠤᠲᠤᠷᠭ᠎ᠠ︾ ᠶᠢᠨ ᠨᠡᠷᠡᠲᠦ ᠲᠡᠮᠳᠡᠭ ᠢ ᠬᠢᠩᠭᠠᠨ ᠠᠶᠢᠮᠠᠭ ᠴᠢᠨᠠᠬᠰᠢᠯᠠᠭᠠᠳ ᠪᠦᠬᠦ ᠤᠯᠤᠰ ᠲᠤ ᠲᠠᠯᠭᠡᠷᠡᠬᠦᠯᠣᠨ ᠬᠦᠭᠵᠢᠬᠦᠯᠪᠡ᠃  ᠮᠠᠨ ᠤ ᠬᠤᠰᠢᠭᠤ  ᠪᠥᠬᠦ ᠤᠯᠤᠰ ᠤᠨ ᠲᠦᠷᠦᠭᠦᠤ ᠪᠦᠯᠦᠭ᠂ ᠪᠥᠬᠦ ᠣᠷᠣᠨ ᠤ ᠠᠩᠬᠠᠳᠠᠭᠴᠢ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠣᠶᠢᠯᠡᠰ ᠤᠨ ᠬᠦᠷᠢᠶᠡᠯᠡᠩ ᠢ ᠠᠮᠵᠢᠯᠲᠠ ᠲᠠᠢ ᠪᠠᠷ ᠪᠠᠶᠢᠭᠤᠯᠵᠤ᠂ ᠣᠶᠤᠨᠴᠢ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠪᠠ ᠲᠠᠷᠢᠶ᠋ᠯᠠᠩ ᠰᠡᠯᠡᠭᠦᠴᠡᠯ ᠵᠣᠭᠠᠴᠠᠯ ᠢ ᠪᠡᠶᠡᠴᠢᠯᠡᠨ ᠣᠶᠢᠯᠠᠭᠠᠬᠤ ᠲᠣᠭᠤᠷᠢᠭ ᠢ ᠪᠠᠶᠢᠭᠤᠯᠵᠡᠢ᠃ ᠳᠠᠪᠠᠭᠤᠯᠢᠭ ᠡᠬᠢ ᠪᠠᠶᠠᠯᠢᠭ ᠲᠠᠭᠠᠨ ᠰᠠᠭᠤᠷᠢᠯᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠩᠭᠤᠢ ᠬᠥᠭᠵᠢᠯᠳᠡ ᠶᠢ ᠪᠦᠲᠦᠮᠵᠢᠲᠡᠢ ᠠᠬᠢᠭᠤᠯᠵᠤ᠂ ᠠᠵᠤ ᠦᠢᠯᠡᠰ ᠤᠨ ᠬᠥᠳᠡᠯᠭᠡᠭᠴᠢ ᠬᠦᠴᠣᠨ ᠢ ᠦᠷᠭᠦᠯᠵᠢᠯᠡᠨ ᠬᠥᠭᠵᠢᠭᠡᠵᠦ᠂ ᠠᠷᠭ᠎ᠠ ᠪᠦᠬᠦᠨ ᠢ ᠰᠦᠪᠡᠭᠴᠢᠯᠡᠨ᠂ ᠬᠦᠴᠣ  ᠪᠠᠨ ᠲᠥᠪᠯᠡᠷᠡᠭᠦᠯᠵᠤ ᠬᠥᠭᠵᠢᠬᠦ ᠪᠠᠶᠢᠳᠠᠯ ᠡᠳᠦᠷ ᠢᠷᠡᠬᠦᠶ᠎ᠡ ᠲᠣᠳᠣᠷᠡᠨ ᠢᠯᠡᠷᠡᠵᠤ᠂   ᠲᠠᠪᠠᠵᠤ ᠭᠠᠷᠬᠤ ᠠᠯᠬᠤᠴᠠ  ᠨᠢ  ᠴᠤ ᠨᠡᠩ ᠢᠳᠡᠷᠡᠭᠦᠨ ᠪᠣᠯᠣᠬᠰᠠᠨ ᠪᠠᠶᠢᠨ᠎ᠠ᠃    ᠥᠩᠭᠡᠷᠡᠭᠰᠡᠨ ᠲᠠᠪᠤᠨ ᠵᠢᠯ ᠳᠤ᠂ ᠪᠢᠳ᠋ᠨ ᠣᠨᠣᠴᠠᠳᠡᠢ ᠪᠠᠶᠢᠬᠤ ᠶᠢ ᠴᠢᠬᠤᠯᠠᠴᠢᠯᠡᠵᠤ᠂ ᠪᠣᠳᠡᠳᠣ ᠦᠷ᠎ᠡ ᠪᠦᠳᠣᠮᠵᠢ ᠶᠢ ᠬᠦᠭᠡᠭᠡᠴᠠᠯᠳᠣᠨ᠂ ᠶᠠᠳᠡᠭᠤ ᠠᠴᠠ ᠠᠩᠬᠢᠵᠢᠷᠡᠭᠤᠯᠬᠤ ᠪᠣᠭᠤᠮᠳᠡ ᠰᠢᠪᠳᠣᠯᠣᠯᠳᠡ ᠶᠢᠨ ᠲᠠᠶᠢᠯᠠᠯᠳᠤᠭᠠᠨ ᠲᠡᠣᠭᠡᠳᠣ ᠴᠢᠨᠠᠷᠲᠠᠢ ᠠᠮᠵᠢᠯᠲᠠ ᠤᠯᠵᠡᠢ᠃ ᠮᠠᠨ ᠤ ᠬᠤᠰᠢᠭᠤ ᠪᠣᠯ ᠪᠥᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠤᠯᠳᠠᠯᠭ᠎ᠠ ᠲᠠᠢ ᠬᠤᠰᠢᠭᠤ ᠰᠢᠶᠠᠨ ᠪᠦᠭᠡᠳ ᠶᠡᠭᠡ ᠬᠢᠩᠭᠠᠨ ᠲᠠᠪᠠᠭᠠᠨ ᠤ ᠡᠮᠣᠨ᠎ᠠ ᠬᠤᠷᠮᠣᠢ  ᠳᠠᠬᠢ ᠲᠦᠪᠯᠡᠷᠡᠭᠰᠠᠨ ᠣᠨᠴᠠ ᠶᠠᠳᠡᠭᠤ ᠬᠦᠴᠢᠷᠳᠡᠯᠳᠡᠢ ᠭᠠᠵᠡᠷ ᠣᠷᠣᠨ ᠤ  ᠬᠤᠰᠢᠭᠤ ᠰᠢᠶᠠᠨ ᠪᠠᠶᠢᠵᠣ᠂ ᠶᠠᠳᠠᠭᠤ ᠬᠦᠴᠢᠷᠳᠡᠯ ᠤᠨ ᠰᠠᠭᠤᠷᠢ ᠲᠤᠭ᠎ᠠ ᠶᠡᠭᠡ᠂ ᠲᠠᠯᠠᠪᠠᠶ ᠥᠷᠭᠡᠨ᠂ ᠪᠠᠶᠢᠳᠡᠯ ᠬᠦᠨᠳᠣ ᠪᠠᠶᠢᠵᠣ᠂ ᠶᠠᠳᠠᠭᠤ ᠬᠦᠴᠢᠷᠳᠡᠯᠳᠡᠢ ᠪᠠᠶᠢᠳᠠᠯ ᠬᠡᠳᠦᠨ ᠠᠷᠪᠠᠨ ᠵᠢᠯ ᠦᠷᠭᠦᠯᠵᠢᠯᠡᠭᠰᠠᠨ ᠪᠠᠶᠢᠨ᠎ᠠ᠃ ᠪᠢᠳᠡ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠ ᠲᠡᠤᠬᠡᠲᠦ ᠡᠭᠦᠷᠭᠡ ᠪᠠᠨ ᠡᠷᠡᠰ ᠡᠬᠦᠷᠭᠡᠯᠡᠨ᠂ ᠶᠠᠳᠡᠭᠤ ᠠᠴᠠ ᠠᠩᠬᠢᠵᠢᠷᠡᠭᠤᠯᠬᠤ ᠪᠣᠭᠤᠮᠳᠡ ᠰᠢᠪᠳᠣᠯᠬᠤ ᠶᠢ ᠢᠮᠡᠬᠳᠡ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠥᠬᠦ ᠬᠤᠰᠢᠭᠤᠨ ᠤ ᠬᠦᠴᠦᠨ ᠢ ᠳᠠᠶᠢᠴᠢᠯᠠᠨ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶᠡᠨ ᠤ ᠲᠣᠬᠳᠡᠮᠠᠯ ᠴᠡᠭ ᠤᠨ ᠬᠠᠪᠰᠣᠷᠣᠨ ᠲᠡᠳᠬᠦᠬᠦ᠂ ᠪᠡᠭᠡᠵᠢᠩ ᠦᠪᠣᠷ ᠮᠣᠩᠭᠤᠯ ᠢ ᠬᠠᠪᠰᠣᠷᠣᠨ ᠲᠡᠳᠬᠦᠬᠦ ᠬᠠᠮᠵᠢᠯᠴᠠᠭ᠎ᠠ᠂ ᠦᠪᠡᠷᠳᠡᠭᠡᠨ ᠵᠠᠰᠠᠬᠤ ᠣᠷᠣᠨ ᠤ ᠲᠢᠩᠬᠢᠮ ᠲᠣᠪᠴᠢᠶᠠᠨ ᠤ ᠬᠠᠪᠰᠣᠷᠣᠨ ᠲᠡᠳᠬᠦᠬᠦ ᠬᠠᠮᠳᠣᠷᠡᠯ ᠬᠦᠴᠣᠨ ᠢ ᠨᠢᠬᠳᠡᠷᠡᠭᠤᠯᠵᠤ᠂ ᠶᠠᠳᠡᠭᠤ ᠠᠴᠠ ᠠᠩᠭᠢᠵᠢᠷᠠᠭᠤᠯᠬᠤ ᠪᠣᠭᠤᠮᠳᠡ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠣᠬᠰᠠᠨ ᠪᠠᠶᠢᠨ᠎ᠠ᠃ ᠡᠯ᠎ᠠ ᠲᠦᠷᠣᠯ ᠤᠨ ᠪᠠᠯᠠ ᠣᠷᠣᠭᠤᠯᠣᠯᠳᠡ ᠨᠢ ᠨᠠᠶᠢᠳᠡ 15.78 ᠳ᠋ᠦᠩᠰᠢᠭᠤᠷ ᠲᠥᠭᠦᠷᠢᠭ ᠬᠦᠷᠴᠣ᠂ ᠠᠵᠤ ᠣᠶᠢᠯᠡᠰ᠂ ᠣᠷᠣᠨ ᠰᠠᠭᠤᠴᠠ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠣᠨᠳᠣᠤ ᠭᠠᠵᠠᠷ ᠲᠤ ᠨᠡᠭᠦᠯᠭᠡᠬᠦ ᠵᠡᠷᠭᠡ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠣᠨᠣᠴᠠᠲᠠᠶ ᠪᠠᠷ ᠨᠠᠶᠢᠳᠠᠪᠤᠷᠢᠵᠢᠭᠤᠯᠣᠨ᠂ ᠣᠨᠴᠠ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠰᠠᠭᠤᠷᠢ ᠲᠦᠬᠦᠭᠡᠷᠣᠮᠵᠢ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠪᠣᠯᠣᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠶᠡᠷᠦᠩᠬᠡᠶ ᠳᠤᠨᠢ ᠰᠢᠢᠳᠪᠦᠷᠢᠯᠡᠵᠡᠢ᠃ ᠤᠯᠤᠰ ᠠᠴᠠ ᠰᠢᠨ᠎ᠠ ᠡᠨᠧᠷᠬᠢ ᠶᠢᠨ ᠴᠠᠬᠢᠯᠭᠠᠨ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠬᠦ ᠠᠵᠠ ᠲᠣᠬᠢᠶᠠᠯ ᠢ ᠠᠰᠢᠬᠯᠡᠨ᠂ ᠰᠢᠨ᠎ᠠ ᠡᠨᠧᠷᠬᠢ ᠶᠢᠨ ᠴᠠᠬᠢᠯᠭᠠᠨ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 114.2 ᠰᠠᠶ᠎ᠠ ᠸᠠᠲ ᠲᠤ ᠬᠦᠷᠭᠡᠵᠦ᠂ ᠵᠢᠯ ᠤᠨ ᠣᠷᠣᠯᠭ᠎ᠠ ᠨᠢ 8000 ᠲᠦᠮᠡᠨ ᠲᠥᠭᠦᠷᠢᠭ ᠬᠦᠷᠴᠦ᠂ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ ᠴᠥᠮ 20 ᠲᠦᠮᠡᠨ ᠲᠥᠭᠦᠷᠢᠭ ᠢ ᠳᠠᠪᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠡᠢ᠃ 14.2 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠰᠠᠭᠤᠷᠢ ᠲᠤᠭ᠎ᠠ᠂ 42.4 % ᠶᠢᠨ ᠶᠠᠳᠠᠭᠤ ᠬᠦᠴᠢᠷᠳᠡᠯᠲᠡᠶ ᠪᠠᠶᠢᠳᠠᠯ ᠡᠭᠦᠰᠬᠦ ᠨᠣᠷᠮ᠎ᠠ ᠶᠢ ᠲᠦᠢᠯᠪᠤᠷᠢᠲᠠᠶ ᠣᠰᠠᠳᠬᠠᠵᠤ᠂ 146 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠵᠡᠢ᠃ 2019 ᠣᠨ ᠤ 4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠮᠠᠨ ᠤ ᠬᠤᠰᠢᠭᠤᠨ ᠤ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠤᠬᠤᠷᠢᠨ ᠭᠠᠷᠣᠬᠰᠠᠨ ᠢ ᠵᠠᠷᠯᠠᠵᠤ᠂  ᠪᠦᠬᠦ ᠠᠶᠢᠮᠠᠭ ᠤᠨ ᠲᠦᠷᠦᠭᠦᠦ ᠪᠦᠯᠦᠭ ᠤᠯᠤᠰ ᠤᠨ ᠶᠠᠳᠠᠭᠤ ᠬᠦᠴᠢᠷᠳᠠᠯᠳᠠᠢ ︽ᠮᠠᠯᠠᠭᠠᠢ︾  ᠪᠠᠨ ᠠᠪᠴᠤ ᠬᠠᠶᠠᠨ᠂ ᠠᠶᠠᠨ ᠤ ᠬᠤᠪᠴᠠᠰᠤ ᠪᠠᠨ ᠳᠠᠬᠢᠨ ᠲᠡᠭᠰᠢᠯᠡᠵᠤ᠂ ᠲᠤᠮᠤ ᠠᠯᠬᠤᠮ ᠢᠶᠠᠷ  ᠡᠷᠡᠯᠭᠡᠭᠯᠡᠨ ᠤᠷᠤᠭᠰᠢᠯᠠᠬᠤ ᠡᠷᠴᠢ ᠵᠣᠷᠢᠭ ᠨᠡᠩ ᠡᠷᠡᠰ ᠪᠠᠲᠤ ᠪᠣᠯᠪᠠ᠃     ᠥᠩᠭᠡᠷᠡᠭᠰᠡᠨ ᠲᠠᠪᠤᠨ ᠵᠢᠯ ᠳᠤ᠂ ᠪᠢᠳᠡ ᠰᠠᠭᠤᠷᠢ ᠪᠠᠨ ᠪᠠᠬᠢᠵᠢᠬᠦᠯᠵᠤ᠂ ᠠᠮᠢ ᠠᠬᠤᠢ ᠪᠠᠨ ᠰᠢᠯᠢᠳᠡᠭᠵᠢᠭᠦᠯᠣᠨ ᠂  ᠨᠦᠭᠡᠴᠠ ᠬᠦᠴᠣᠨ ᠢᠶᠠᠨ ᠬᠦᠭᠵᠢᠬᠦᠯᠣᠭᠡᠳ ᠲᠡᠦᠬᠡᠲᠦ ᠴᠢᠨᠠᠷᠲᠠᠢ ᠳᠡᠭᠡᠭᠰᠢᠯᠡᠯᠲᠡ ᠶᠢ ᠪᠡᠶᠡᠯᠡᠭᠦᠯᠵᠡᠢ᠃ ᠪᠦᠬᠦ ᠣᠷᠣᠨ ᠤ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ —— ᠴᠤᠤᠯ ᠭᠤᠣᠯ ᠤᠨ ᠣᠰᠣ ᠶᠢ ᠯᠢᠶᠣᠤ ᠾᠧ ᠭᠤᠣᠯ ᠳᠤ ᠲᠠᠲᠠᠵᠤ ᠣᠷᠣᠭᠤᠯᠬᠤ ᠢᠨᠵᠧᠨᠧᠷᠢᠩ  ᠤᠨ ᠠᠵᠢᠯ ᠢ ᠡᠬᠢᠯᠡᠬᠦᠯᠬᠦ ᠶᠢᠨ ᠬᠠᠮᠲᠤ ᠲᠦᠷᠭᠡᠬᠡᠨ ᠠᠬᠢᠭᠤᠯᠵᠤ᠂  ᠨᠤᠨᠮᠦ᠋ᠷᠡᠨ ᠤ ᠭᠤᠣᠯ ᠤᠷᠤᠰᠬᠠᠯ ᠢ ᠵᠠᠰᠠᠬᠤ᠂ ᠴᠤᠤᠯ ᠭᠤᠣᠯ ᠤᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠵᠡᠷᠭᠡ ︽ᠤᠯᠤᠰ ᠤᠨ ᠨᠡᠷᠡᠲᠦ ᠲᠡᠮᠳᠡᠭᠲᠦ ︾ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠪᠣᠳᠠᠲᠠᠶᠢᠵᠢᠭᠤᠯᠤᠨ ᠬᠡᠷᠡᠭᠵᠢᠭᠦᠯᠵᠦ᠂ ᠪᠣᠬᠢᠷ ᠤᠰᠤ ᠶᠢ ᠰᠢᠢᠳᠪᠦᠷᠢᠯᠡᠬᠦ ᠣᠶᠢᠯᠡᠳᠪᠦᠷᠢ᠂ ᠬᠤᠭ ᠨᠣᠪᠰᠢ ᠶᠢ ᠰᠢᠢᠳᠪᠦᠷᠢᠯᠡᠬᠦ ᠣᠶᠢᠯᠡᠳᠪᠦᠷᠢ᠂ ᠠᠵᠤ ᠣᠶᠢᠯᠡᠳᠪᠦᠷᠢ ᠶᠢᠨ ᠲᠣᠭᠤᠷᠢᠭ ᠤᠨ ᠰᠢᠭᠠᠷᠤ ᠶᠢ ᠰᠢᠢᠳᠪᠣᠷᠢᠯᠡᠬᠦ ᠲᠠᠯᠠᠪᠠᠶ ᠵᠡᠷᠭᠡ ᠶᠢ ᠪᠠᠶᠢᠭᠤᠯᠣᠨ ᠠᠰᠢᠭᠯᠠᠯᠲᠠ ᠳᠤ ᠣᠷᠣᠭᠤᠯᠪᠡ᠂ ᠤᠯᠠᠭᠠᠨᠬᠤᠳᠡ ᠠᠴᠠ ᠰᠢᠨᠯᠢᠨ ᠤ ᠬᠤᠭᠤᠷᠣᠨᠳᠣᠬᠢ ᠦᠨᠳᠣᠷ ᠬᠤᠷᠳᠣᠴᠠᠳᠣ ᠵᠠᠰᠠᠮᠠᠯ ᠵᠠᠮ ᠵᠢᠩᠬᠢᠨᠢ ᠪᠠᠷ ᠲᠡᠷᠭᠡ ᠨᠡᠪᠲᠡᠷᠡᠵᠦ᠂ ᠤᠯᠠᠭᠠᠨᠬᠤᠳᠡ ᠠᠴᠠ ᠰᠢᠨᠯᠢᠨ ᠬᠦᠷᠬᠦ  ᠲᠡᠮᠦᠷ ᠵᠠᠮ ᠢ ᠡᠬᠢᠯᠡᠨ ᠪᠠᠶᠢᠭᠤᠯᠵᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠨᠢ ᠠᠭᠠᠷ ᠤᠨ ᠴᠡᠷᠢᠭ ᠤᠨ ᠵᠦᠪᠰᠢᠶᠡᠷᠡᠯ ᠴᠣᠬᠤᠯᠠᠪᠤᠷᠢ ᠶᠢ ᠣᠯᠵᠤ᠂ ᠴᠣᠣᠯ ᠭᠤᠤᠯ ᠢ ᠰᠤᠨᠳᠠᠯᠠᠭᠰᠠᠨ 3 ᠲᠣᠮᠣ ᠬᠥᠭᠦᠷᠭᠡ ᠶᠢ ᠰᠢᠨ᠎ᠡ ᠪᠠᠷ ᠪᠠᠶᠢᠭᠤᠯᠵᠤ᠂ ᠪᠣᠶ ᠪᠥᠬᠦᠶ ᠪᠦᠳᠤᠭᠡᠨ ᠪᠠᠶᠢᠭᠤᠯᠤᠯᠳᠠ ᠳᠤ ᠬᠤᠯᠪᠤᠭᠳᠠᠬᠤ  ᠭᠠᠴᠠᠭ᠎ᠠ ᠲᠣᠰᠬᠤᠨ ᠤ ᠵᠠᠮ ᠤᠨ ᠭᠠᠳᠡᠷᠭᠤ ᠶᠢ ᠬᠠᠲᠠᠭᠤᠷᠠᠭᠤᠯᠬᠤ ᠶᠢ ᠪᠡᠶᠡᠯᠡᠭᠦᠯᠵᠦ᠂ ᠬᠤᠰᠢᠭᠤᠨ ᠲᠠᠰ ᠤᠨ ᠵᠠᠰᠠᠮᠠᠯ ᠵᠠᠮ ᠤᠨ ᠪᠥᠬᠦ ᠣᠷᠳᠣ ᠨᠢ 3000 ᠺᠢᠯᠣᠮᠧᠲᠷ ᠢ ᠳᠠᠪᠠᠭᠰᠠᠨ ᠪᠠᠶᠢᠨ᠎ᠠ᠃  ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠬᠦᠯᠣᠨ᠂ ᠴᠣᠣᠯ ᠲᠤᠰᠢᠶ᠎ᠠ ᠶᠢᠨ ᠭᠤᠣᠯ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ᠂ ᠪᠣᠬᠳᠡ ᠠᠭᠤᠯᠡ ᠤᠯᠤᠰ ᠤᠨ ᠲᠠᠰ ᠤᠨ ᠣᠢ ᠰᠢᠭᠤᠢ ᠶᠢᠨ ᠴᠡᠴᠡᠷᠯᠢᠭ ᠢ ᠰᠢᠨ᠎ᠠ ᠪᠠᠷ ᠨᠠᠮᠠᠵᠣ ᠪᠠᠶᠢᠭᠤᠯᠤᠭᠠᠳ᠂ ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠰᠢᠭᠤ ᠪᠠᠷ ᠦᠨᠡᠯᠡᠭᠳᠡᠭᠰᠠᠨ ᠪᠠᠶᠢᠨ᠎ᠠ  ᠃  ᠲᠥᠪ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠡᠭᠤᠯᠣᠨ  ᠪᠠᠶᠢᠴᠠᠭᠠᠯᠳᠡ  ᠵᠢᠴᠢ ︽ᠡᠷᠬᠢᠨ ᠬᠠᠷᠠᠬᠤ︾ ᠠᠵᠢᠯ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠱᠠᠯᠠᠪᠳᠡᠭᠤᠯᠣᠨ ᠪᠠᠶᠢᠴᠠᠭᠠᠵᠤ ᠬᠠᠷᠢᠭᠤ ᠲᠤᠰᠬᠠᠭᠰᠠᠨ 19 ᠵᠣᠶᠢᠯ ᠤᠨ ᠠᠰᠠᠭᠤᠳᠠᠯ ᠢ ᠪᠦᠬᠦᠨ ᠢ  ᠰᠢᠢᠳᠪᠤᠷᠢᠯᠡᠵᠠᠢ᠃ ᠪᠠᠰᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠡᠭᠤᠯᠣᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠪᠦᠬᠦᠨ ᠢ ᠰᠢᠢᠳᠪᠦᠷᠢᠯᠡᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ 52 ᠵᠣᠶᠢᠯ ᠤᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠡᠢ᠃ 1.4 ᠳ᠋ᠦᠩᠰᠢᠭᠤᠷ ᠲᠥᠭᠦᠷᠢᠭ ᠴᠡᠭᠴᠡᠯᠡᠨ ᠰᠠᠶᠢᠵᠢᠷᠠᠭᠤᠯᠬᠤ ᠪᠠᠯᠠ ᠮᠥᠩᠭᠦ ᠵᠠᠷᠤᠴᠠᠭᠤᠯᠵᠤ᠂ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 16 ᠵᠣᠶᠢᠯ ᠤᠨ ᠠᠰᠠᠭᠤᠳᠠᠯ ᠢ ᠦᠨᠳᠦᠰᠦᠨ ᠳᠡᠭᠡᠨ ᠴᠡᠭᠴᠡᠯᠡᠨ ᠰᠠᠶᠢᠵᠢᠷᠠᠭᠤᠯᠪᠠ᠃ ︽ᠲᠦᠬᠦᠮ ᠪᠦᠳᠣᠴᠠᠳᠣ ᠣᠷᠣᠨ ᠰᠠᠭᠤᠴᠠ︾  ᠶᠢ ᠲᠤᠰᠬᠠᠢ ᠰᠢᠨᠡᠳᠭᠡᠨ ᠵᠠᠰᠠᠬᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠣᠷ᠎ᠡ ᠪᠠᠷ ᠡᠵᠡᠯᠡᠬᠦ᠂ ᠲᠣᠷ᠎ᠡ ᠪᠠᠷ ᠮᠠᠯᠳᠡᠬᠤ᠂ ᠲᠣᠷ᠎ᠡ ᠪᠠᠷ ᠣᠪᠣᠭᠠᠯᠠᠬᠤ᠂ ᠲᠣᠷ᠎ᠡ ᠪᠠᠷ ᠪᠠᠶᠢᠭᠤᠯᠬᠤ︾ ᠦᠵᠡᠭᠳᠡᠯ ᠢ ᠠᠷᠢᠯᠭᠠᠨ  ᠴᠡᠪᠡᠷᠯᠡᠬᠦ᠂ ᠨᠤᠲᠤᠭ ᠪᠡᠯᠴᠢᠭᠡᠷ ᠲᠠᠬᠢ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠠᠷᠢᠯᠭᠠᠬᠤ᠂ ᠳᠦᠷᠢᠮ ᠠᠴᠠ ᠵᠥᠷᠢᠴᠡᠨ ᠵᠤᠰᠠᠯᠠᠩ ᠪᠠᠷᠢᠬᠤ ᠵᠡᠷᠭᠡ ᠨᠢᠭᠡ ᠪᠦᠯᠦᠭ ᠵᠠᠰᠠᠯᠲᠠ ᠶᠢᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠬᠦᠭᠵᠢᠯᠳᠡ ᠶᠢᠨ ᠠᠵᠢᠯ ᠢ ᠰᠠᠶᠢᠳᠤᠷ ᠬᠢᠵᠠᠢ  ᠃    ᠥᠩᠭᠡᠷᠡᠭᠰᠡᠨ ᠲᠠᠪᠤᠨ ᠵᠢᠯ ᠳᠤ᠂ ᠪᠢᠳᠡ ᠪᠣᠳᠠᠲᠤ ᠶᠠᠪᠤᠳᠠᠯ ᠬᠢᠵᠦ᠂ ᠪᠠᠳᠤᠯᠠᠪᠤᠷᠢ ᠶᠢ ᠴᠢᠩᠭᠠᠳᠬᠠᠨ᠂ ᠠᠷᠠᠳ ᠤᠨ ᠠᠮᠢᠳᠤᠷᠠᠯ ᠳᠤ ᠪᠣᠶᠠᠨ ᠤᠶᠢᠯᠡᠳᠬᠦ ᠶᠠᠪᠤᠳᠠᠯ ᠢ ᠲᠡᠤᠭᠡᠨ ᠳᠤ ᠭᠠᠷᠤᠭ᠎ᠠ ᠦᠭᠡᠢ ᠨᠡᠮᠡᠭᠳᠡᠬᠦᠯᠪᠡ᠃ ᠪᠠᠭ᠎ᠠ ᠡᠳ᠋ ᠤᠨ ᠵᠠᠰᠠᠭ ᠢᠶᠠᠷ ᠶᠡᠭᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠷᠢᠮᠲᠠᠯᠠᠵᠤ᠂ ᠵᠢᠯ ᠪᠦᠷᠢ ᠳᠤᠮᠳᠠᠴᠢ ᠪᠠᠷ 80% ᠠᠴᠠ ᠳᠡᠭᠡᠭᠰᠢᠬᠢ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠵᠡᠢ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠲᠣᠭᠲᠠᠭᠤᠨ ᠢᠶᠠᠷ ᠬᠢᠵᠠᠭᠠᠷᠯᠠᠵᠤ᠂ ᠤᠢ ᠰᠢᠭᠤᠢ ᠶᠢᠨ ᠬᠠᠮᠠᠭᠠᠯᠠᠭᠴᠢ᠂ ᠴᠡᠪᠡᠷᠯᠡᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ 6372 ᠠᠵᠢᠯ ᠤᠨ ᠪᠠᠶᠢᠷᠢ ᠶᠢ ᠭᠠᠷᠭᠠᠵᠠᠢ᠃ 848 ᠡᠷᠦᠬᠡ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠂ 2.58 ᠲᠦᠮᠡᠨ ᠡᠷᠣᠭᠡ ᠨᠤᠷᠠᠬᠤ ᠠᠶᠣᠯᠳᠡᠢ ᠰᠢᠷᠤᠢ ᠶᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠭᠡᠵᠠᠢ᠃ ᠨᠠᠰᠤᠵᠢᠯ ᠤᠨ ᠳᠠᠭᠠᠳᠬᠠᠯ᠂ ᠦᠨᠳᠦᠰᠦᠨ ᠡᠮ ᠡᠮᠨᠡᠯᠭᠡ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠵᠡᠷᠭᠡ  ᠪᠠᠳᠤᠯᠠᠪᠤᠷᠢ ᠶᠢᠨ ᠰᠢᠰᠲ᠋ᠧᠮ ᠢ ᠨᠠᠩ ᠪᠦᠷᠢᠨ ᠲᠡᠬᠦᠯᠳᠡᠷᠵᠢᠬᠦᠯᠪᠡ᠃ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠰᠢᠭᠤ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︾ ᠶᠢᠨ ᠢᠷᠠᠭᠤ ᠠᠯᠳᠠᠷ ᠢ ᠳᠠᠬᠢᠨᠲᠠ ᠬᠦᠷᠲᠡᠵᠡᠢ᠃ 4.23 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠭᠠᠨ ᠰᠤᠷᠭᠠᠯᠲᠠ ᠶᠢᠨ ᠠᠰᠠᠷ᠂ ᠬᠤᠭᠤᠯᠠ ᠶᠢᠨ ᠠᠰᠠᠷ ᠪᠠᠶᠢᠷᠢ ᠶᠢᠨ ᠠᠰᠠᠷ᠂ ᠬᠥᠯ ᠪᠥᠮᠪᠦᠭᠡ ᠶᠢᠨ ᠣᠷᠳᠣᠨ ᠢ ᠰᠢᠨ᠎ᠡ ᠪᠠᠷ ᠪᠤᠶᠤ ᠦᠷᠬᠦᠯᠵᠢᠯᠡᠨ 56 ᠪᠠᠶᠢᠭᠤᠯᠵᠤ᠂ 569 ᠪᠠᠭᠰᠢ ᠤᠷᠢᠵᠣ  ᠬᠡᠷᠡᠭᠯᠡᠭᠰᠡᠨ ᠢᠶᠠᠷ ᠪᠦᠬᠦ ᠬᠤᠰᠢᠭᠤᠨ ᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠨᠢ ᠴᠣ᠋ ᠵᠢᠯ ᠳᠠᠷᠠᠭᠠᠯᠠᠨ ᠳᠡᠭᠡᠭᠰᠢᠯᠡᠵᠦ᠂ ᠥᠨᠳᠥᠷ ᠪᠠᠷᠢᠮᠵᠢᠶ᠎ᠠ ᠪᠠᠷ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠢ ᠬᠤᠰᠢᠭᠤ ᠰᠢᠶᠠᠨ︾ ᠪᠣᠯᠬᠤ ᠤᠯᠤᠰ ᠤᠨ ᠲᠡᠰ ᠤᠨ ᠰᠢᠯᠭᠠᠨ ᠪᠠᠶᠢᠴᠠᠭᠠᠯᠲᠠ ᠶᠢ  ᠰᠢᠯᠤᠭᠤᠨ ᠦᠩᠭᠡᠷᠡᠭᠡᠭᠰᠡᠨ ᠪᠠᠶᠢᠨ᠎ᠠ᠃ 20 ᠡᠷᠡᠬᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢ ᠭᠤᠣᠯᠳᠡᠯᠭ᠎ᠠ ᠲᠠᠢ ᠬᠦᠢᠴᠡᠳᠭᠡᠨ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠠᠰᠠᠷ᠂ ᠰᠢᠨ᠎ᠠ ᠮᠣᠩᠭᠤᠯ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠡᠷᠭᠡ ᠲᠥᠷᠥᠯ ᠵᠦᠢᠯ ᠢ ᠵᠠᠯᠭ᠎ᠠ ᠵᠠᠯᠭᠠᠪᠡᠷ ᠠᠰᠢᠭᠯᠠᠯᠲᠠ ᠳᠤ ᠣᠷᠣᠭᠤᠯᠪᠠ᠃ ᠲᠠᠪᠤᠨ ᠵᠢᠯ ᠤᠨ ᠲᠤᠷᠰᠢ᠂ ᠪᠢᠳᠡ ᠤᠭ ᠰᠠᠨᠠᠭ᠎ᠠ ᠪᠠᠨ ᠡᠭᠦᠷᠢᠳᠡ ᠪᠠᠲᠤᠳᠬᠠᠵᠤ᠂ ᠠᠷᠠᠳ ᠤᠯᠠᠨ ᠳᠤ ᠪᠤᠶᠠᠨ ᠤᠶᠢᠯᠡᠳᠴᠤ᠂  ᠲᠡᠳᠡᠨᠡᠷ ᠲᠤ ᠠᠮᠢᠳᠤᠷᠠᠯ ᠤᠨ ᠰᠠᠶᠢᠨ ᠰᠠᠶᠢᠬᠠᠨ ᠢ ᠡᠳ᠋ᠯᠡᠬᠦᠯᠵᠠᠢ᠃    ᠬᠠᠳᠠᠭᠤ ᠪᠡᠷᠬᠡᠰᠢᠶᠡᠯᠳᠤ ᠲᠠᠪᠤᠨ ᠵᠢᠯ᠂ ᠠᠮᠵᠢᠯᠳᠠ ᠪᠦᠳᠤᠮᠵᠢ ᠲᠠᠢ ᠲᠠᠪᠤᠨ ᠵᠢᠯ᠃ ᠡᠳᠡᠭᠡᠷ ᠠᠮᠵᠢᠯᠲᠠ ᠶᠢ ᠣᠯᠤᠭᠰᠠᠨ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠤᠯᠤᠨ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠶᠢᠨ ᠦᠷ᠎ᠡ ᠳ᠋ᠦᠩ᠂ ᠮᠦᠨ ᠴᠣ᠋ ᠪᠦᠬᠦ ᠬᠤᠰᠢᠭᠤᠨ ᠤ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ ᠰᠢᠷᠭᠠᠭᠤ  ᠬᠠᠳᠠᠭᠤᠵᠢᠯᠳᠠᠢ ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠵᠠᠯᠠᠶᠢᠳ ᠬᠤᠰᠢᠭᠤᠨ ᠤ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠨᠠᠶᠢᠵᠠ ᠨᠦᠬᠦᠳ ᠲᠡᠭᠡᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠣ ᠪᠠᠶᠢᠨ᠎ᠠ︕    ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠢᠳᠡ ᠪᠠᠰᠠ ᠮᠠᠨ ᠤ ᠬᠤᠰᠢᠭᠤᠨ ᠤ ᠲᠡᠩᠴᠡᠭᠦᠷᠢ ᠥᠬᠡᠶ ᠬᠦᠢᠴᠡᠳ ᠪᠣᠰᠣ ᠬᠥᠭᠵᠢᠯᠲᠡ ᠬᠢᠭᠡᠳ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢᠨ ᠬᠤᠭᠤᠷᠣᠨᠳᠣᠬᠢ ᠵᠥᠷᠢᠴᠡᠯ ᠲᠣᠪᠤᠶᠢᠮ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠳᠤᠲᠠᠮᠠᠭ᠂ ᠠᠵᠤ ᠠᠬᠤᠶ ᠶᠢᠨ ᠨᠡᠮᠡᠭᠳᠡᠯ ᠤᠨ ᠬᠥᠳᠡᠯᠭᠡᠭᠴᠢ ᠬᠦᠴᠣᠨ ᠴᠢᠩᠭ᠎ᠠ ᠪᠢᠰᠢ᠂ ᠬᠢᠵᠢᠭ ᠤᠨ ᠪᠠᠶᠢᠳᠠᠯ ᠠᠴᠠ ᠪᠣᠯᠵᠤ ᠡᠯ᠎ᠡ  ᠠᠵᠢᠯ ᠲᠥᠷᠥᠯ ᠤᠨ ᠠᠶᠣᠯ ᠲᠦᠭᠰᠢᠭᠦᠷᠢ ᠶᠢ ᠣᠮᠲᠣᠭᠠᠶᠢᠯᠠᠵᠤ ᠪᠣᠯᠬᠤ ᠥᠬᠡᠶ  ᠭᠡᠭᠴᠢ ᠶᠢ ᠰᠡᠷᠭᠡᠭ ᠢᠶᠠᠷ ᠲᠠᠨᠢᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠬᠦᠨᠳᠦ ᠵᠠᠮ ᠬᠤᠯᠠ᠂ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ᠂ ᠠᠷᠠᠳ ᠤᠨ ᠠᠮᠢᠳᠤᠷᠠᠯ ᠤᠨ ᠪᠠᠳᠤᠯᠠᠪᠤᠷᠢ ᠶᠢᠨ ᠳᠤᠲᠠᠭᠤᠳᠠᠯ ᠮᠥᠨ ᠯᠡ ᠣᠷᠣᠰᠢᠵᠤ ᠪᠠᠶᠢᠨ᠎ᠠ᠃ ᠣᠨᠴᠠ ᠵᠠᠷᠢᠮ ᠺᠠᠳ᠋ᠷ ᠤᠨ ᠦᠵᠡᠯ ᠰᠠᠨᠠᠭ᠎ᠠ ᠣᠶᠢᠯᠠᠭᠠᠭᠳᠠᠬᠤᠨ ᠨᠢ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠢ ᠳᠠᠭᠠᠵᠤ ᠳᠡᠶᠢᠯᠬᠦ ᠥᠬᠡᠶ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠪᠢᠳᠡ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠠᠰᠠᠭᠤᠳᠡᠯ ᠢ ᠦᠨᠡᠨ ᠬᠦ ᠰᠢᠢᠳᠪᠦᠷᠢᠯᠡᠨ᠂ ᠵᠠᠰᠠᠭ ᠤᠨ ᠣᠷᠳᠣᠨ ᠤ ᠠᠵᠢᠯ ᠢᠶᠠᠨ ᠨᠠᠩ ᠰᠠᠶᠢᠳᠣᠷ ᠬᠢᠬᠦ ᠪᠠᠷ ᠴᠢᠷᠮᠠᠶᠢᠨ᠎ᠠ᠃     ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠵᠤ᠂ ︽ᠲᠠᠪᠤ ᠶᠢ ᠪᠠᠷᠢᠮᠲᠠᠯᠠᠬᠤ︾ ᠦᠨᠳᠦᠰᠦᠨ ᠵᠢᠷᠤᠮᠯᠠᠯ ᠪᠠ ᠴᠢᠬᠤᠯᠠ ᠵᠠᠷᠴᠢᠮ ᠢ ᠳᠤᠷᠠᠳᠴᠠᠶ᠃ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠵᠤ᠂ ᠪᠢᠳᠡ ︽ᠵᠠᠯᠠᠶᠢᠳ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠬᠢᠭᠡᠳ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠤᠪᠵᠢᠬᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠲᠣᠳᠣᠷᠬᠠᠶᠢᠯᠠᠪᠡ᠄  ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠣᠶᠢᠯᠡᠰ ᠤᠨ ᠲᠣᠭᠤᠷᠢᠭ᠂ ᠠᠵᠤ ᠣᠶᠢᠯᠡᠳᠪᠦᠷᠢ ᠶᠢᠨ ᠲᠣᠭᠤᠷᠢᠭ᠂ ᠣᠨᠴᠠᠯᠢᠭᠲᠤ ᠠᠵᠤ ᠣᠶᠢᠯᠡᠰ ᠤᠨ ᠲᠣᠭᠤᠷᠢᠭ ᠵᠡᠷᠭᠡ ︽ᠭᠤᠷᠪᠠᠨ ᠲᠣᠭᠤᠷᠢᠭ︾ ᠢᠶᠠᠷ ᠠᠵᠤ ᠣᠶᠢᠯᠡᠰ ᠤᠨ ᠪᠠᠶᠢᠷᠢᠰᠢᠯ ᠢ ᠬᠥᠲᠥᠯᠥᠨ ᠳᠠᠭᠠᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠤᠰᠤᠨ ᠲᠤᠲᠤᠷᠭ᠎ᠠ᠂ ᠡᠮ ᠤᠨ ᠮᠠᠲ᠋ᠧᠷᠢᠶᠠᠯ᠂ ᠦᠯᠴᠢᠷ ᠬᠤᠨᠢ᠂ ᠭᠠᠭ᠋ᠠᠶ᠂ ᠮᠢᠬᠠᠨ ᠦᠬᠡᠷ ᠵᠡᠷᠭᠡ ᠭᠤᠤᠯᠯᠠᠭᠴᠢ ᠠᠵᠤ ᠣᠶᠢᠯᠡᠰ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠪᠣᠬᠢᠷᠲᠤᠯ ᠥᠬᠡᠶ ᠠᠵᠤ ᠣᠶᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠭᠤᠷᠪᠠᠨ ᠠᠵᠤ ᠣᠶᠢᠯᠡᠰ ᠤᠨ ᠪᠦᠲᠦᠴᠡ ᠶᠢᠨ ᠬᠠᠷᠢᠴᠠᠯ ᠢ ᠨᠠᠩ ᠵᠦᠶ ᠵᠣᠬᠢᠰᠲᠠᠶ ᠪᠣᠯᠭᠠᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠶᠡᠭᠡ  ᠤᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ  ᠤᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠤᠨ  ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠤᠯᠪᠠ᠃ ᠬᠤᠲᠠ ᠬᠥᠳᠡᠭᠡ ᠶᠢᠨ ᠣᠷᠣᠨ ᠵᠠᠢ ᠶᠢᠨ ᠪᠠᠶᠢᠷᠢᠰᠢᠯ ᠲᠠᠰᠤᠷᠠᠯᠲᠠ ᠦᠭᠡᠢ ᠰᠢᠯᠢᠳᠡᠭᠵᠢᠵᠦ᠂ ᠬᠤᠲᠠ ᠬᠥᠳᠡᠭᠡ ᠬᠠᠷᠢᠯᠴᠠᠨ ᠠᠭᠤᠰᠣᠯᠴᠠᠬᠰᠠᠨ᠂ ᠵᠣᠬᠢᠴᠠᠩᠭᠤᠢ ᠬᠥᠭᠵᠢᠯᠳᠡ ᠲᠠᠢ ᠰᠢᠨ᠎ᠡ ᠬᠡᠯᠪᠡᠷᠢ ᠶᠢᠨ ᠬᠤᠲᠠ ᠬᠥᠳᠡᠭᠡ ᠶᠢᠨ ᠬᠠᠷᠢᠴᠠᠭ᠎ᠠ ᠦᠨᠳᠦᠰᠦᠨ ᠳᠡᠭᠡᠨ ᠪᠦᠷᠢᠯᠳᠦᠵᠦ᠂ 2025 ᠣᠨ ᠪᠣᠯᠬᠤ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠶᠢ 45 % ᠠᠴᠠ ᠳᠡᠭᠡᠭᠰᠢ ᠳᠤ ᠬᠦᠷᠭᠡᠨ᠎ᠡ᠃ ᠰᠠᠭᠤᠷᠢ ᠲᠦᠬᠦᠭᠡᠷᠣᠮᠵᠢ ᠶᠢᠨ ᠳᠠᠭᠠᠭᠠᠴᠠ ᠶᠢᠨ ᠴᠢᠳᠠᠪᠤᠷᠢ ᠪᠠ ᠠᠵᠢᠯᠯᠠᠭᠠᠨ ᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠣᠳᠣᠬᠢᠴᠢᠯᠠᠭᠰᠠᠨ ᠶᠡᠷᠦᠩᠬᠡᠢ ᠵᠠᠮ ᠬᠠᠷᠢᠯᠴᠠᠭᠠᠨ ᠤ ᠲᠡᠭᠡᠭᠡᠪᠦᠷᠢ ᠶᠢᠨ ᠰᠦᠯᠵᠢᠶ᠎ᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠤᠰᠤᠨ ᠠᠰᠢᠭᠯᠠᠯᠲᠠ᠂ ᠡᠨᠧᠷᠭᠢ ᠪᠠ ᠮᠡᠳᠡᠭᠡ ᠵᠠᠩᠭᠢ ᠶᠢᠨ ᠰᠠᠭᠤᠷᠢ ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠢᠭᠡ ᠪᠦᠯᠦᠭ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠲᠠᠷᠢᠶᠠᠯᠠᠩ  ᠵᠣᠭᠠᠴᠠᠯ ᠢ ᠤᠶᠠᠯᠳᠤᠭᠤᠯᠣᠬᠰᠠᠨ᠂ ᠠᠮᠢ ᠠᠬᠤᠶ ᠶᠢᠨ ᠵᠣᠭᠠᠴᠠᠯ᠂ ᠰᠣᠶᠣᠯ ᠤᠨ ᠪᠠᠶᠠᠴᠢᠯᠡᠨ ᠣᠶᠢᠯᠠᠭᠠᠯᠲᠠ᠂ ᠡᠷᠡᠭᠦᠯ ᠮᠡᠨᠳᠦ ᠪᠡᠶ᠎ᠡ ᠰᠤᠪᠢᠯᠠᠯᠲᠠ ᠵᠡᠷᠭᠡ ᠣᠨᠴᠠᠯᠢᠭᠲᠤ ᠵᠢᠵᠢᠭ ᠪᠠᠯᠭᠠᠰᠤ ᠶᠢ ᠪᠠᠶᠢᠭᠤᠯᠣᠨ᠂ ᠦᠵᠡᠰᠬᠦᠯᠡᠩᠲᠦ ᠰᠠᠶᠢᠬᠠᠨ ᠬᠡᠷ ᠣᠷᠣᠨ᠂ ᠠᠷᠠᠳ ᠢ ᠪᠠᠶᠠᠵᠢᠭᠤᠯᠬᠤ ᠲᠠᠷᠢᠶᠠᠨ ᠭᠠᠵᠠᠷ᠂ ᠠᠮᠢᠳᠤᠷᠠᠯ ᠤᠨ ᠴᠡᠩᠭᠡᠯ ᠤᠨ ᠬᠦᠷᠢᠶᠡᠯᠡᠩ ᠢ ᠪᠣᠶ ᠪᠣᠯᠭᠠᠨ᠎ᠠ᠃ ᠬᠠᠮᠤᠭ ᠤᠨ ᠴᠢᠩᠭ᠎ᠠ ᠠᠮᠢ ᠠᠬᠤᠶ ᠶᠢᠨ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠣᠨ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 2.1 ᠵᠠᠭᠤᠨ ᠤ ᠬᠤᠪᠢ  ᠶᠢᠨ ᠴᠡᠭ ᠢᠶᠠᠷ ᠨᠡᠮᠡᠭᠳᠡᠬᠦᠯᠣᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠬᠦᠯᠣᠨ᠎ᠠ᠃ ᠠᠭᠠᠷ ᠮᠠᠨᠳᠡᠯ ᠤᠨ ᠶᠠᠰᠤ ᠴᠢᠨᠠᠷ ᠢ ᠲᠣᠭᠲᠠᠭᠤᠨ ᠢᠶᠠᠷ ᠲᠡᠭᠡᠭᠰᠢᠯᠡᠬᠦᠯᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ᠲᠠᠷᠢᠶᠠᠯᠠᠩ ᠤᠨ ᠪᠣᠬᠢᠷᠲᠤᠯ ᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠠᠮᠢ ᠠᠬᠤᠶ ᠶᠢᠨ ᠬᠤᠷᠢᠭ᠎ᠠ ᠱᠤᠭᠤᠮ ᠤᠨ ᠣᠷᠣᠨ ᠪᠦᠰᠡ ᠶᠢ ᠦᠨᠡᠨ ᠬᠦ ᠬᠠᠮᠠᠭᠠᠯᠠᠨ᠎ᠠ᠃ ᠡᠨᠧᠷᠭᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠨᠠᠩ ᠵᠦᠶ ᠵᠣᠬᠢᠰᠲᠠᠶ᠂ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠬᠦᠯᠣᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠵᠢᠱᠢᠯᠲᠡ ᠶᠢ ᠲᠣᠰ ᠲᠣᠰ 7% ᠪᠠ 9% ᠣᠷᠴᠢᠮ ᠪᠡᠶᠡᠯᠡᠭᠦᠯᠦᠨ᠎ᠡ᠃ ᠰᠤᠷᠭᠠᠨ ᠬᠥᠮᠦᠵᠢᠯ ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯ ᠣᠯᠭᠤᠯᠲᠠ ᠶᠢᠨ ᠪᠠᠳᠤᠯᠠᠪᠤᠷᠢ᠂ ᠨᠡᠶᠢᠭᠡᠮ ᠤᠨ ᠠᠪᠤᠷᠠᠨ ᠲᠤᠰᠠᠯᠠᠯᠲᠠ᠂ ᠬᠠᠷᠠᠭᠠᠯᠵᠠᠨ ᠲᠥᠪᠬᠢᠨᠡᠭᠦᠯᠬᠦ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠪᠠ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠰᠢᠰᠲ᠋ᠧᠮ ᠢ ᠪᠦᠷᠢᠨᠰᠢᠬᠦᠯᠵᠤ᠂ ᠲᠦᠭᠡᠮᠡᠯ ᠠᠰᠢᠭ ᠬᠦᠷᠲᠡᠭᠡᠬᠦ  ᠂  ᠦᠨᠳᠦᠰᠦᠨ ᠴᠢᠨᠠᠷᠳᠠᠢ  ᠂  ᠬᠤᠷᠢᠭ᠎ᠠ ᠱᠤᠭᠤᠮ ᠤᠨ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠰᠠᠶᠢᠲᠤᠷ ᠴᠢᠩᠭᠠᠳᠬᠠᠨ᠂ ᠣᠳᠣᠬᠢᠴᠢᠯᠠᠭᠰᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠨ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠬᠦᠯᠵᠢ ᠶᠢᠨ ᠴᠢᠨᠠᠷᠳᠠᠢ ᠪᠣᠯᠭᠠᠬᠤ ᠪᠠᠷ ᠴᠢᠷᠮᠠᠶᠢᠨ᠎ᠠ᠃      ᠲᠥᠯᠥᠭᠡᠯᠡᠭᠴᠢᠳ ᠡ᠂ ︽ᠠᠷᠪᠠᠨ ᠳᠥᠷᠪᠡᠳᠦᠭᠡᠷ ᠲᠠᠪᠤᠨ ᠵᠢᠯ︾ ᠢ ᠪᠠᠷᠠᠯᠠᠬᠤᠶ᠎ᠠ᠂ ᠪᠢᠳᠡ ᠤᠳᠠᠯ ᠥᠬᠡᠶ ᠰᠢᠨ᠎ᠡ ᠠᠶᠠᠨ ᠢᠶᠠᠨ ᠡᠬᠢᠯᠡᠭᠦᠯᠬᠦ ᠪᠣᠯᠤᠨ᠎ᠠ᠂ ᠢᠷᠡᠭᠡᠳᠦᠶ ᠪᠤᠯ ᠭᠡᠭᠡᠨ ᠰᠠᠷᠠᠭᠤᠯ᠂ ᠡᠬᠦᠷᠭᠡ  ᠬᠦᠨᠳᠤ ᠬᠠᠷᠠᠯᠲᠠ ᠬᠤᠯᠠ ᠪᠤᠯᠪᠠᠴᠤ ᠪᠢᠳᠡᠨ ᠢ ᠤᠷᠮᠠᠰᠢᠭᠤᠯᠤᠨ ᠵᠣᠷᠢᠭᠵᠢᠭᠤᠯᠤᠨ᠎ᠠ᠃ ᠬᠠᠷᠠᠯᠲᠠ ᠪᠠᠨ ᠪᠠᠲᠤ ᠡᠵᠡᠮᠳᠡᠵᠦ᠂ ᠨᠢᠭᠡ ᠰᠡᠳᠬᠢᠯ  ᠬᠠᠮᠳᠤ ᠶᠢᠨ ᠵᠣᠷᠢᠭ ᠢᠶᠠᠷ᠂ ᠴᠢᠷᠮᠠᠶᠢᠨ ᠲᠡᠮᠡᠴᠡᠪᠡᠯ ᠲᠠᠪᠤᠨ ᠵᠢᠯ ᠤᠨ ᠠᠤᠭ᠎ᠠ ᠲᠥᠰᠦᠪ ᠯᠠᠪᠲᠠᠢ ᠪᠡᠶᠡᠯᠡᠭᠳᠡᠵᠦ᠂ ᠵᠠᠯᠠᠶᠢᠳ ᠤᠨ ᠢᠷᠡᠭᠡᠳᠦᠢ ᠯᠠᠪᠲᠠᠢ ᠨᠡᠩ ᠰᠠᠶᠢᠨ ᠰᠠᠶᠢᠬᠠᠨ ᠪᠣᠯᠤᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕      ᠭᠤᠷᠪᠠ᠂  2021 ᠤᠨ ᠤ ᠠᠵᠢᠯ ᠤᠨ ᠪᠠᠶᠢᠷᠢᠯᠠᠭᠤᠯᠤᠯᠳᠠ      ᠡᠨᠡ ᠵᠢᠯ ᠪᠣᠯ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂  ᠬᠤᠤᠰ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠲᠦᠷᠦᠬᠦᠦ ᠵᠢᠯ ᠪᠣᠯᠤᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ ᠪᠣᠯ᠄ ᠲᠥᠪ ᠤᠨ ᠠᠵᠤ ᠠᠬᠤᠢ  ᠶᠢᠨ ᠠᠵᠢᠯ ᠤᠨ  ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂  ᠲᠡᠭᠡᠳᠦ ᠱᠠᠲᠤᠨ ᠤ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠪᠥᠬᠦᠳᠡ ( ᠥᠷᠭᠡᠳᠬᠡᠭᠰᠡᠨ ) ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ  ᠨᠠᠶᠢᠳᠠᠪᠦᠷᠢᠵᠢᠭᠤᠯᠵᠦ᠂ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠬᠤ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠪᠣᠯᠤᠨ 2035 ᠣᠨ ᠤ ᠠᠯᠤᠰ  ᠤᠨ ᠬᠠᠷᠠᠯᠲᠠ ᠲᠠᠢ ᠨᠢᠭᠲᠠ ᠤᠶᠠᠯᠳᠤᠭᠤᠯᠵᠦ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ  ᠲᠦᠯᠦᠪᠯᠡᠨ  ᠂  ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ  ᠪᠠᠷᠢᠮᠳᠠᠯᠠᠨ᠎ᠠ ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ  ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠳᠠᠯᠠᠨ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ  ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠬᠡᠳᠬᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠪᠤᠯᠤᠨ᠎ᠠ᠃《 ᠡᠷᠳᠡᠨᠢ ᠰᠢᠰᠢ   ᠲᠤᠳᠤᠷᠭ᠎ᠠ᠂ ᠰᠠᠭᠠᠯᠢ ᠶᠢᠨ ᠦᠨᠢᠶ᠎ᠡ   ᠮᠢᠬᠠᠨ ᠦᠬᠡᠷ᠂ ᠰᠢᠬᠢᠷ ᠯᠤᠤᠪᠠᠩ   ᠰᠢᠬᠢᠷᠯᠢᠭ ᠤᠳᠪᠠᠯᠠ  ︾  ᠪᠠ ᠪᠦᠬᠦ ᠤᠷᠤᠨ ᠪᠦᠰᠡ ᠶᠢᠨ ᠵᠤᠭᠠᠴᠠᠯ ᠤᠨ ᠳᠠᠪᠠᠭᠤᠯᠢᠭ ᠣᠨᠴᠠᠯᠢᠭᠲᠤ ᠠᠵᠤ ᠦᠢᠯᠡᠰ᠂ ᠬᠢᠲᠠᠳ ᠡᠪᠡᠰᠦᠨ ᠡᠮ  ᠲᠠᠷᠢᠬᠤ᠂  ᠭᠠᠭ᠋ᠠᠶ  ᠲᠡᠵᠢᠭᠡᠬᠦ ᠂ ᠬᠠᠭᠤᠷᠠᠶ  ᠲᠤᠲᠤᠷᠭ᠎ᠠ ᠲᠠᠷᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠦ᠂ ᠠᠵᠤ ᠦᠢᠯᠡᠰ ᠤᠨ ᠬᠡᠯᠬᠢᠶᠡᠰᠤ ᠶᠢ ᠲᠠᠰᠤᠷᠠᠯᠲᠠ ᠦᠭᠡᠢ ᠤᠷᠳᠤᠳᠬᠠᠵᠦ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ ᠲᠡᠭᠡᠭᠰᠢᠯᠡᠬᠦᠯᠬᠦ ᠪᠤᠯᠤᠨ᠎ᠠ᠃     ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠠᠳᠠᠯᠢ ᠬᠤᠭᠤᠴᠠᠭᠠᠨ ᠤ ᠬᠢ ᠠᠴᠠ 6.5 % ᠪᠠᠷ ᠨᠡᠮᠡᠭᠳᠡᠬᠦᠯᠦᠨ᠎ᠡ᠃ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠭᠰᠠᠳ ᠤᠨ ᠨᠣᠷᠮ᠎ᠠ ᠶᠢ 6 % ᠣᠷᠴᠢᠮ ᠪᠠᠶᠢᠯᠭᠠᠨ᠎ᠠ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3% ᠣᠷᠴᠢᠮ ᠪᠠᠶᠢᠯᠭᠠᠨ᠎ᠠ᠃ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ  ᠰᠠᠶᠢᠵᠢᠷᠠᠭᠤᠯᠵᠦ᠂ ᠣᠷᠣᠨ ᠨᠤᠳᠤᠭ ᠤᠨ ᠦᠶᠯᠡᠳᠪᠦᠷᠢᠯᠡᠯ  ᠤᠨ ᠶᠡᠷᠦᠩᠬᠡᠶ ᠥᠷᠲᠡᠭ ᠲᠠᠬᠢ ᠡᠨᠧᠷᠭᠢ ᠶᠢᠨ ᠬᠤᠷᠣᠭᠳᠠᠭᠤᠯᠭ᠎ᠠ ᠶᠢ 2.5 % ᠪᠠᠷ ᠪᠠᠭᠤᠷᠠᠭᠤᠯᠵᠦ᠂ ᠭᠤᠤᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃ ᠠᠮᠤ ᠪᠤᠳᠠᠭᠠᠨ ᠤ ᠤᠨᠠᠯᠲᠠ   ᠶᠢ 38 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ  ᠪᠠᠳᠦᠯᠠᠬᠤ ᠪᠤᠯᠤᠨ᠎ᠠ᠃    ︵ᠨᠢᠬᠡ︶ ᠠᠵᠦ ᠦᠢᠯᠡᠰ ᠤᠨ ᠬᠦᠭᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ    ᠨᠢᠭᠡᠳᠦᠭᠡᠷ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠳᠤ ᠭᠠᠵᠠᠷ ᠰᠢᠷᠣᠢ ᠶᠢ ᠰᠠᠶᠢᠵᠢᠷᠠᠭᠤᠯᠬᠤ ᠳᠤ ᠲᠦᠰᠢᠭᠯᠡᠬᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ  ᠪᠠᠳᠦ  ᠰᠠᠬᠢᠵᠤ  ᠂  ᠲᠠᠷᠢᠶᠠᠨ ᠦᠷ᠎ᠡ ᠶᠢᠨ ᠢᠨᠵᠧᠨᠧᠷᠢᠩ ᠢ ᠬᠡᠷᠡᠭᠵᠢᠬᠦᠯᠤᠨ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ  ᠂ ᠲᠠᠷᠢᠶᠠᠨ  ᠭᠠᠵᠠᠷ   ᠢ 《 ᠲᠠᠷᠢᠶᠠᠯᠠᠩ ᠤᠨ ᠪᠤᠰᠤ ᠪᠤᠯᠭᠠᠨ ᠬᠤᠪᠢᠷᠠᠭᠠᠬᠤ 》   ᠶᠢ ᠡᠷᠡᠰ ᠬᠤᠷᠢᠭᠯᠠᠵᠤ᠂ 《 ᠠᠮᠤ ᠪᠤᠳᠠᠭᠠᠨ  ᠤ ᠪᠤᠰᠤ ᠪᠤᠯᠭᠠᠨ ᠬᠤᠪᠢᠷᠠᠭᠠᠬᠤ》 ᠶᠢ ᠰᠡᠷᠭᠡᠶᠢᠯᠡᠨ ᠬᠤᠷᠢᠭᠯᠠᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ 540 ᠲᠦᠮᠡᠨ ᠮᠦ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ 《ᠡᠷᠳᠡᠨᠢ ᠰᠢᠰᠢ  ᠲᠤᠳᠤᠷᠭ᠎ᠠ᠂ ᠰᠠᠭᠠᠯᠢ  ᠶᠢᠨ ᠦᠨᠢᠶ᠎ᠡ  ᠮᠢᠬᠠᠨ ᠦᠬᠡᠷ᠂ ᠰᠢᠬᠢᠷ ᠯᠤᠤᠪᠠᠩ  ᠰᠢᠬᠢᠷᠯᠢᠭ ᠤᠳᠪᠠᠯᠠ 》 ᠶᠢᠨ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠲᠣᠭᠤᠷᠢᠨ ᠳᠤ᠂ ᠡᠷᠳᠡᠨᠢ ᠰᠢᠰᠢ ᠲᠠᠷᠢᠬᠤ ᠲᠠᠯᠠᠪᠠᠶ ᠶᠢ 350 ᠲᠦᠮᠡᠨ ᠮᠦ᠂ ᠤᠰᠤᠨ ᠲᠤᠲᠤᠷᠭ᠎ᠠ ᠶᠢ 93 ᠲᠦᠮᠡᠨ ᠮᠦ ᠠᠴᠠ ᠳᠡᠭᠡᠭᠰᠢ ᠲᠣᠭᠲᠠᠭᠤᠨ ᠪᠠᠶᠢᠯᠭᠠᠵᠤ᠂ ᠡᠭᠦᠨ ᠳᠤ ᠬᠠᠭᠤᠷᠠᠶ ᠪᠠᠷ ᠲᠠᠷᠢᠬᠤ ᠤᠰᠤᠨ ᠲᠤᠲᠤᠷᠭ᠎ᠠ   ᠶᠢ 15 ᠲᠦᠮᠡᠨ ᠮᠦ ᠠᠴᠠ ᠳᠡᠭᠡᠭᠰᠢ ᠳᠤ ᠬᠦᠷᠭᠡᠵᠤ᠂ ᠰᠢᠬᠢᠷ ᠯᠤᠤᠪᠠᠩ᠂ ᠰᠢᠬᠢᠷᠯᠢᠭ ᠤᠳᠪᠠᠯᠠ᠂ ᠬᠢᠲᠠᠳ ᠡᠪᠡᠰᠦᠨ ᠡᠮ ᠤᠨ ᠲᠠᠷᠢᠬᠤ ᠲᠠᠯᠠᠪᠠᠢ ᠶᠢ 15 ᠲᠦᠮᠡᠨ ᠮᠦ ᠬᠦᠭᠵᠢᠬᠦᠯᠤᠨ᠂ ᠥᠪᠡᠷᠲᠡᠭᠡᠨ ᠵᠠᠰᠠᠬᠤ ᠣᠷᠣᠨ ᠤ ᠬᠢᠲᠠᠳ ᠡᠪᠡᠰᠦᠨ ᠡᠮ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ ᠪᠠᠶᠢᠭᠤᠯᠤᠨ᠎ᠠ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ ᠤᠨ ᠨᠥᠯᠥᠭᠡᠯᠡᠨ ᠳᠠᠶᠢᠴᠢᠯᠠᠬᠤ ᠦᠶᠯᠡᠳᠦᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠵᠤᠤ ᠴᠦᠨ ᠵᠢᠶᠠᠩ  ᠠᠺᠠᠳᠧᠮᠢᠴᠢ ᠶᠢᠨ ᠠᠵᠢᠯ ᠤᠨ ᠦᠷᠳᠡᠭᠡ ᠶᠢᠨ ᠰᠢᠨᠵᠢᠯᠡᠬᠦ ᠤᠬᠠᠭᠠᠨ ᠤ  ᠰᠤᠳᠤᠯᠭᠠᠨ ᠤ ᠦᠷ᠎ᠡ ᠪᠦᠳᠦᠬᠡᠯ ᠢ ᠬᠦᠢᠴᠡᠳ ᠠᠰᠢᠬᠯᠠᠵᠦ᠂ ᠤᠯᠤᠰ ᠤᠨ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ᠂ ᠤᠯᠤᠰ ᠤᠨ ᠲᠤᠭᠠᠴᠠᠯᠠᠬᠰᠠᠨ ᠬᠥᠳᠡᠭᠡ ᠲᠣᠰᠬᠤᠨ ᠤ ᠲᠤᠷᠰᠢᠯᠲᠠ ᠶᠢᠨ ᠲᠥᠷᠥᠯ ᠵᠦᠶᠯ ᠢ ᠬᠡᠷᠡᠭᠵᠢᠭᠦᠯᠦᠨ᠎ᠡ᠃ ᠬᠡᠪᠴᠢᠶᠡᠵᠢᠭᠦᠯᠦᠨ ᠲᠡᠵᠢᠭᠡᠨ  ᠦᠷᠡᠵᠢᠭᠦᠯᠬᠦ ᠶᠢ ᠶᠡᠬᠡᠪᠡᠷ ᠬᠥᠭᠵᠢᠭᠦᠯᠦᠨ᠂  ᠮᠢᠬᠠᠨ ᠬᠤᠨᠢᠨ ᠤ  ᠰᠢᠰᠲ᠋ᠧᠮ ᠤᠨ 《 ᠨᠢᠭᠡ  ᠬᠤᠰᠢᠭᠤ ᠰᠢᠶᠠᠨ ᠨᠢᠭᠡ ᠠᠵᠤ ᠦᠶᠯᠡᠰ  ︾ ᠤᠨ ᠮᠢᠬᠠᠨ ᠬᠤᠨᠢᠨ ᠤ ᠠᠵᠤ ᠦᠶᠯᠡᠰ ᠤᠨ ᠥᠯᠢᠭᠡᠷ ᠲᠠᠭᠤᠷᠢᠶᠠᠯᠳᠤ  ᠬᠤᠰᠢᠭᠤ ᠰᠢᠶᠠᠨ  ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂  ᠮᠤ᠋ ᠶᠤᠸᠠᠨ ᠭᠠᠭ᠋ᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ  ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂  ᠵᠢᠯ ᠳᠤ 20 — 30 ᠲᠦᠮᠡ ᠭᠠᠭ᠋ᠠᠶ ᠬᠤᠳᠠᠯᠳᠤᠬᠤ ᠬᠡᠪᠴᠢᠶ᠎ᠡ ᠶᠢ ᠨᠡᠮᠡᠭᠳᠡᠭᠦᠯᠵᠦ᠂ 28 ᠲᠦᠮᠡ ᠴᠢᠨᠠᠷ ᠰᠠᠶᠢᠲᠠᠶ ᠮᠢᠬᠠᠨ ᠦᠬᠡᠷ ᠢ ᠲᠡᠵᠢᠭᠡᠨ ᠦᠷᠡᠵᠢᠭᠦᠯᠵᠦ᠂ ᠡᠭᠦᠨ  ᠳᠤ ᠠᠩᠭᠧᠰ ᠦᠬᠡᠷ 6 ᠲᠦᠮᠡ᠂ ᠦᠯᠴᠢᠷ ᠬᠤᠨᠢ 60 ᠲᠦᠮᠡ ᠶᠢ ᠲᠡᠵᠢᠭᠡᠨ ᠦᠷᠡᠵᠢᠭᠦᠯᠵᠦ᠂ ᠮᠠᠯ ᠠᠵᠤ ᠠᠬᠤᠶ  ᠶᠢᠨ  ᠵᠢᠯ ᠤᠨ ᠬᠡᠷ ᠤᠨ ᠲᠡᠵᠢᠭᠡᠪᠦᠷᠢ ᠶᠢᠨ ᠲᠤᠭ᠎ᠠ ᠶᠢ 299  ᠲᠦᠮᠡ ᠠᠴᠠ ᠳᠡᠭᠡᠭᠰᠢ ᠳᠤ ᠬᠦᠷᠬᠡᠨ᠎ᠡ᠃      ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠠᠵᠤ ᠦᠶᠯᠡᠳᠪᠦᠷᠢ ᠶᠢᠨ ᠭᠤᠣᠯᠳᠠᠯᠭ᠎ᠠ ᠲᠠᠢ 6 ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠳᠣᠲᠣᠷ᠎ᠠ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ  ᠶᠢ ᠪᠡᠶᠡᠯᠡᠭᠦᠯᠦᠨ᠎ᠡ᠃ ᠾᠧ ᠹᠧᠩ ᠲᠠᠷᠢᠶᠠᠯᠠᠩ ᠤᠨ ᠦᠢᠯᠡᠰ᠂ ᠲᠢᠶᠠᠨ ᠮᠦ ᠵᠧᠨ ᠦᠬᠡᠷ ᠬᠤᠨᠢ ᠨᠢᠲᠤᠯᠬᠤ ᠵᠡᠷᠭᠡ ᠡᠳ᠋ᠰᠢᠭᠦᠯᠬᠦ ᠲᠥᠷᠥᠯ ᠵᠦᠶᠯ ᠤᠨ ᠦᠶᠯᠡᠳᠪᠦᠷᠢᠯᠡᠯ ᠤᠨ ᠡᠷᠭᠢᠯᠲᠡ ᠶᠢ ᠠᠬᠢᠭᠤᠯᠤᠨ᠎ᠠ᠃ ᠶᠦᠩ ᠯᠢᠨ ᠠᠮᠢᠳᠤ ᠪᠣᠳᠠᠰ  ᠤᠨ ᠢᠯᠴᠢ ᠴᠠᠬᠢᠯᠭᠠᠨ ᠢ ᠬᠤᠯᠪᠣᠭᠠᠯᠠᠨ ᠦᠢᠯᠡᠳᠪᠦᠷᠢᠯᠡᠬᠦ᠂  ᠮᠤ᠋ ᠶᠤᠸᠠᠨ ᠭᠠᠭ᠋ᠠᠢ ᠲᠡᠵᠢᠭᠡᠬᠦ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ᠂ ᠬᠤᠸᠠᠨ ᠢᠤᠢ ᠬᠢᠮᠢ ᠶᠢᠨ ᠠᠵᠤ ᠦᠢᠯᠡᠳᠪᠦᠷᠢ ᠶᠢ ᠰᠢᠨ᠎ᠠ ᠰᠠᠭᠤᠷᠢᠰᠢᠯ ᠳᠤ ᠨᠡᠬᠦᠯᠬᠡᠨ ᠡᠨᠧᠷᠬᠢ ᠨᠡᠮᠡᠭᠳᠡᠬᠦᠯᠬᠦ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠎ᠠ᠃ ᠱᠤ᠋ ᠵᠢᠶ ᠲᠠᠷᠢᠶᠠᠯᠠᠩ ᠤᠨ ᠮᠢᠬᠠᠨ ᠦᠬᠡᠷ ᠪᠣᠷᠳᠣᠨ ᠲᠠᠷᠭᠤᠯᠠᠭᠤᠯᠵᠤ ᠨᠢᠲᠤᠯᠬᠤ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠨᠣᠭᠤᠭᠠᠨ  ᠵᠦᠯᠭᠡ ᠶᠢ ᠨᠡᠭᠦᠯᠭᠡᠨ ᠥᠭᠡᠷᠡᠴᠢᠯᠡᠬᠦ᠂ ᠷᠦᠨ ᠬᠥ᠋ ᠬᠠᠷ᠎ᠠ ᠠᠷᠢᠬᠢᠨ ᠤ ᠦᠢᠯᠡᠳᠪᠦᠷᠢᠯᠡᠯ ᠵᠡᠷᠭᠡ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃  ᠰᠢᠬᠢᠷᠯᠢᠭ ᠤᠳᠪᠠᠯᠠ ᠶᠢᠨ ᠰᠢᠬᠢᠷ ᠤᠨ ᠦᠢᠯᠡᠳᠪᠦᠷᠢ᠂ ᠰᠢᠨ ᠢ ᠴᠧᠩ ᠵᠡᠷᠭᠡ ᠠᠵᠤ ᠠᠬᠤᠶᠢᠯᠠᠯ ᠢ ᠢᠳᠡᠪᠬᠢᠲᠡᠢ ᠪᠠᠷ ᠠᠮᠢᠯᠠᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢᠯᠴᠢ ᠬᠠᠩᠭᠠᠬᠤ᠂ ᠵᠠᠮ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ᠠᠵᠤ ᠦᠶᠯᠡᠳᠪᠦᠷᠢ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠢ ᠰᠠᠶᠢᠲᠤᠷ ᠠᠳᠬᠤᠵᠤ᠂ ᠦᠢᠯᠡᠳᠬᠦᠨ ᠤ ᠥᠷᠳᠡᠭ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢ ᠪᠠ ᠬᠡᠪᠴᠢᠶᠡᠵᠢᠯ  ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠲᠣᠰᠪᠣᠷᠢ 1   ᠶᠢ ᠰᠢᠨ᠎ᠡ ᠪᠠᠷ ᠨᠡᠮᠡᠭᠳᠡᠭᠦᠯᠦᠨ᠎ᠡ᠃     ᠭᠤᠷᠪᠠᠳᠤᠭᠠᠷ ᠠᠵᠤ ᠦᠢᠯᠡᠰ ᠢ ᠰᠠᠶᠢᠲᠤᠷ ᠬᠢᠨ᠎ᠡ᠃ ᠠᠭᠤᠯᠠ ᠤᠰᠤ ᠣᠶ ᠰᠢᠭᠤᠶ ᠡᠪᠡᠰᠦ ᠪᠡᠯᠴᠢᠭᠡᠷ ᠵᠡᠷᠭᠡ ᠪᠠᠶᠢᠭᠠᠯᠢ ᠶᠢᠨ ᠥᠩᠭᠡ ᠦᠵᠡᠮᠵᠢ ᠶᠢᠨ ᠲᠠᠪᠠᠭᠤᠯᠢᠭ ᠲᠠᠭᠠᠨ ᠲᠦᠰᠢᠭᠯᠡᠨ᠂ ᠪᠤᠭᠳᠠ ᠠᠭᠤᠯᠠ ᠤᠯᠤᠰ ᠤᠨ ᠣᠶ ᠰᠢᠭᠤᠶ ᠶᠢᠨ ᠴᠡᠴᠡᠷᠯᠢᠭ᠂  ᠴᠤᠤᠯ ᠲᠤᠰᠢᠶ᠎ᠠ ᠶᠢᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠵᠡᠷᠭᠡ ᠬᠠᠮᠠᠭᠠᠯᠠᠯᠲᠠ ᠶᠢᠨ ᠭᠠᠵᠠᠷ ᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠢᠨᠳᠡᠷ ᠪᠠᠯᠭᠠᠰᠤᠨ  ᠤ ᠵᠤᠭᠠᠴᠠᠭᠰᠠᠳ ᠢ ᠲᠥᠪᠯᠡᠷᠡᠭᠦᠯᠵᠦ ᠲᠠᠷᠬᠠᠭᠠᠬᠤ ᠲᠥᠪ ᠢ ᠪᠥᠲᠥᠭᠡᠨ ᠪᠠᠶᠢᠭᠤᠯᠵᠤ᠂  ᠠᠯᠳᠠᠨᠬᠤᠸᠠ ᠲᠠᠯ᠎ᠠ ᠨᠤᠲᠤᠭ   ᠤᠨ ᠵᠤᠭᠠᠴᠠᠯ ᠤᠨ ᠲᠥᠷᠥᠯ ᠵᠦᠶᠯ ᠢ ᠡᠬᠢᠯᠡᠭᠦᠯᠦᠨ ᠡᠵᠡᠩᠨᠡᠵᠦ᠂ ᠱᠠᠨᠳᠦ᠋ᠩ ᠤᠨ ᠬᠤᠸᠠ ᠶᠧ ᠵᠤᠭ᠎ᠠ ᠴᠡᠩᠭᠡᠯ ᠤᠨ ᠲᠠᠯᠠᠪᠤᠷ ᠤᠨ ᠲᠥᠷᠥᠯ ᠵᠦᠶᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂  ᠵᠢᠶᠠ ᠳ᠋ᠤᠤ ᠯᠢ ᠠᠷᠠᠳ  ᠤᠨ ᠬᠤᠨᠤᠬᠯᠠᠯ ᠤᠨ ᠠᠮᠠᠷᠠᠯᠲᠠ ᠶᠢᠨ ᠲᠣᠰᠬᠤᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂  ᠵᠤᠭᠠᠴᠠᠯ ᠤᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠰᠣᠳᠣᠨ ᠵᠠᠮ ᠱᠤᠭᠤᠮ ᠢ ᠡᠭᠦᠳᠴᠦ᠂ ᠪᠥᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ  ᠬᠤᠰᠢᠭᠤ ᠰᠢᠶᠠᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠯᠢᠪᠠᠪᠠ᠂ ᠵᠢᠩ ᠳ᠋ᠦᠩ᠂  ᠴᠤᠤᠷᠢᠶ᠎ᠠ ᠵᠡᠷᠭᠡ ᠨᠠᠷᠠᠲᠤ ᠡᠯᠧᠺᠲᠷᠣᠨ ᠬᠤᠳᠠᠯᠳᠤᠭᠠᠨ ᠤ ᠲᠠᠪᠴᠠᠩ ᠯᠤᠭ᠎ᠠ ᠶᠢᠨ ᠬᠠᠮᠲᠤᠷᠠᠯᠴᠠᠭ᠎ᠠ   ᠪᠠᠨ ᠴᠢᠩᠭᠠᠳᠬᠠᠨ᠂ ᠡᠯᠧᠺᠲᠷᠣᠨ ᠬᠤᠳᠠᠯᠳᠤᠭᠠᠨ ᠤ ᠲᠥᠪ ᠢ ᠠᠵᠢᠯᠯᠠᠭᠤᠯᠵᠤ  ᠬᠠᠮᠠᠭᠠᠯᠠᠬᠤ ᠰᠢᠰᠲ᠋ᠧᠮ ᠢ ᠪᠠᠶᠢᠭᠤᠯᠵᠤ᠂ ᠲᠠᠷᠢᠶᠠᠯᠠᠩ   ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠲᠤᠭ᠎ᠠ ᠶᠢ 1000 ᠲᠦᠮᠡᠨ ᠲᠥᠭᠦᠷᠢᠭ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ ᠰᠠᠭᠤᠷᠢ  ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠪᠣᠶᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠰᠢᠨ᠎ᠡ ᠪᠠᠷ 2 ᠨᠡᠮᠡᠭᠳᠡᠬᠦᠯᠤᠨ᠎ᠡ  ᠃     ︵ᠬᠤᠶᠠᠷ︶ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ  ᠠᠬᠢᠭᠤᠯᠤᠨ᠎ᠠ     ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ 《 ᠳᠥᠷᠪᠡ ᠶᠢ ᠥᠯᠥ ᠲᠠᠶᠠᠬᠳᠠᠬᠤ 》 ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠢᠯᠵᠢᠯᠲᠡ ᠶᠢᠨ ᠬᠤᠭᠤᠴᠠᠭᠠᠨ ᠳᠠᠬᠢ ᠭᠤᠤᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠡᠳ᠋ ᠤᠨ ᠵᠠᠰᠠᠭ  ᠤᠨ ᠣᠷᠣᠭᠤᠯᠤᠯᠲᠠ ᠶᠢᠨ ᠡᠷᠴᠢᠮ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ 《  ᠶᠠᠳᠠᠭᠤᠷᠠᠮᠠᠷ ᠪᠠᠶᠢᠭ᠎ᠠ 》᠂ 《 ᠬᠢᠨᠠᠨ ᠰᠢᠨᠵᠢᠬᠦ ᠡᠷᠦᠬᠡ 》 ᠶᠢᠨ ᠣᠷᠣᠯᠭ᠎ᠠ ᠶᠢᠨ ᠬᠢᠷᠢ ᠬᠡᠮᠵᠢᠶ᠎ᠡ ᠶᠢᠨ ᠬᠤᠪᠢᠷᠠᠯᠲᠠ ᠪᠠ 《 ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ 》 ᠶᠢ ᠪᠠᠬᠢᠵᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ ᠠᠵᠠ ᠲᠤᠬᠢᠶᠠᠯ ᠢ ᠡᠵᠡᠮᠳᠡᠨ᠂ ᠬᠤᠶᠢᠰᠢᠳᠠ ᠶᠢᠨ ᠪᠠᠬᠢᠵᠢᠭᠦᠯᠬᠦ ᠪᠠ ᠵᠣᠯᠭᠠᠭᠤᠯᠬᠤ ᠠᠵᠢᠯ ᠢ ᠰᠠᠶᠢᠲᠤᠷ ᠬᠢᠨ᠎ᠡ᠃ ᠶᠠᠳᠠᠭᠤ ᠶᠢ ᠲᠡᠳᠬᠦᠬᠦ ᠲᠥᠷᠥᠯ ᠵᠦᠶᠯ ᠤᠨ ᠪᠠᠯᠠ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠠᠵᠤ ᠦᠶᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠦᠷᠠᠯ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠦᠨ ᠵᠣᠯᠭᠠᠭᠤᠯᠬᠤ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠪᠠ ᠡᠮᠴᠢᠯᠡᠭᠡ ᠡᠷᠡᠭᠦᠯ ᠬᠠᠮᠠᠭᠠᠯᠠᠯ ᠤᠨ ᠰᠠᠭᠤᠷᠢ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠲᠤᠷᠰᠢᠯᠲᠠ ᠶᠢᠨ ᠴᠡᠭ ᠤᠨ ᠡᠭᠦᠷᠭᠡ  ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠢᠱᠢᠶ᠎ᠡ ᠦᠵᠡᠭᠦᠯᠬᠦ 32 ᠭᠠᠴᠠᠭ᠎ᠠ ᠲᠣᠰᠬᠤᠨ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠤᠨ᠎ᠠ᠃  ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠡᠭᠦᠨ ᠬᠤᠶᠢᠲᠤ ᠶᠢᠨ ᠬᠠᠷ᠎ᠠ  ᠬᠦᠷᠦᠰᠦ ᠶᠢ ᠬᠠᠮᠠᠭᠠᠯᠠᠨ ᠠᠰᠢᠭᠯᠠᠵᠤ ᠪᠠᠶᠢᠭᠤᠯᠬᠤ ᠳᠦᠷᠢᠮᠲᠦ ᠵᠢᠱᠢᠶ᠎ᠡ ᠦᠵᠡᠭᠦᠯᠬᠦ  ᠬᠤᠰᠢᠭᠤ ᠰᠢᠶᠠᠨ ᠤ ᠲᠦᠷᠦᠯ ᠵᠦᠢᠯ   ᠢ 50 ᠲᠦᠮᠡᠨ ᠮᠦ᠂ ᠵᠡᠭᠦᠨ ᠬᠤᠶᠢᠲᠤ ᠶᠢᠨ ᠬᠠᠷ᠎ᠠ ᠬᠦᠷᠦᠰᠦ ᠶᠢ ᠬᠠᠮᠠᠭᠠᠯᠠᠬᠤ ᠴᠢᠨᠠᠷᠲᠠᠢ ᠲᠠᠷᠢᠶᠠᠯᠠᠬᠤ ᠠᠵᠢᠯᠯᠠᠭ᠎ᠠ ᠶᠢᠨ ᠲᠥᠯᠥᠪᠯᠡᠭᠡ ᠶᠢ 100 ᠲᠦᠮᠡᠨ ᠮᠦ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ   ᠢ 15 ᠲᠦᠮᠡᠨ ᠮᠦ᠂ ᠴᠤᠤᠯ ᠭᠤᠤᠯ ᠤᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠤᠨ ᠢᠨᠵᠧᠨᠧᠷᠢᠩ   ᠢ 4 ᠲᠦᠮᠡᠨ ᠮᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠵᠢᠱᠢᠶ᠎ᠡ ᠦᠵᠡᠭᠦᠯᠬᠦ ᠲᠠᠷᠢᠶᠠᠨ ᠭᠠᠵᠠᠷ   ᠢ 5 ᠪᠠᠶᠢᠭᠤᠯᠤᠨ᠎ᠠ᠃ ᠤᠳᠤ ᠦᠶ᠎ᠡ ᠶᠢᠨ ᠲᠠᠷᠢᠶᠠᠯᠠᠩ  ᠤᠨ ᠠᠵᠤ ᠦᠢᠯᠡᠰ ᠤᠨ ᠬᠦᠷᠢᠶᠡᠯᠡᠩ ᠤᠨ ᠤᠶᠤᠨᠲᠤ ᠲᠠᠷᠢᠶᠠᠯᠠᠩ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠤᠨ᠎ᠠ᠃ ᠣᠲᠣ ᠦᠶ᠎ᠡ ᠶᠢᠨ ᠲᠠᠷᠢᠶᠠᠨ ᠦᠷ᠎ᠡ ᠶᠢᠨ ᠦᠶᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠲᠠᠷᠢᠮᠠᠯ ᠤᠨ ᠰᠠᠶᠢᠨ ᠡᠭᠦᠯᠳᠡᠷ ᠢ ᠳᠡᠯᠭᠡᠷᠡᠭᠦᠯᠬᠦ ᠨᠣᠷᠮ᠎ᠠ ᠶᠢ 95 % ᠠᠴᠠ ᠳᠡᠭᠡᠭᠰᠢ ᠳᠤ ᠬᠦᠷᠬᠡᠵᠦ᠂ 10 ᠲᠦᠮᠡᠨ ᠮᠠᠯ ᠢ ᠬᠥᠮᠦᠨ ᠤ ᠬᠦᠴᠦ ᠪᠠᠷ ᠡᠭᠦᠯᠳᠡᠷ ᠰᠠᠶᠢᠵᠢᠷᠠᠭᠤᠯᠬᠤ ᠶᠢ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ  ᠂ 《 ᠲᠤᠳᠤᠷᠭᠠᠨ  ᠲᠠᠷᠢᠶᠠᠨ ᠳᠤ ᠵᠢᠭᠠᠰᠦ᠂ ᠰᠠᠮ ᠬᠤᠷᠤᠬᠠᠢ᠂ ᠨᠠᠢᠮᠠᠯᠵᠢ᠂ ᠨᠤᠭᠤᠰᠦ   ᠶᠢ ᠲᠡᠵᠢᠭᠡᠬᠦ 》 ᠰᠠᠭᠤᠷᠢᠨ ᠭᠠᠵᠠᠷ   ᠢ  5  ᠲᠦᠮᠡᠨ  ᠮᠥ  ᠂ 《 ᠬᠤᠤᠰ ᠲᠦᠮᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 》 ᠢ  6 ᠪᠠᠶᠢᠭᠤᠯᠵᠤ᠂ ᠪᠣᠬᠢᠷᠲᠤᠯ ᠥᠬᠡᠶ ᠣᠷᠭᠠᠨᠢᠭ ᠤᠰᠤᠨ ᠲᠤᠲᠤᠷᠭ᠎ᠠ ᠶᠢᠨ ᠭᠡᠷᠡᠴᠢᠯᠡᠯᠲᠡ  ᠶᠢᠨ ᠰᠠᠭᠤᠷᠢᠨ ᠭᠠᠵᠠᠷ   ᠢ 5 ᠲᠦᠮᠡᠨ ᠮᠥ   ᠶᠢ ᠰᠢᠨ᠎ᠡ ᠪᠠᠷ ᠨᠡᠮᠡᠭᠳᠡᠭᠦᠯᠵᠦ᠂ 《 ᠬᠢᠩᠭᠠᠨ ᠠᠶᠢᠮᠠᠭ ᠤᠨ ᠲᠤᠲᠤᠷᠭ᠎ᠠ  ᠵᠠᠯᠠᠶᠢᠳ ᠤᠨ ᠠᠮᠲᠠᠲᠤ ᠲᠤᠲᠤᠷᠭ᠎ᠠ 》 ᠶᠢᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠠᠭᠤᠳᠠᠯᠬᠤ ᠰᠢᠰᠲ᠋ᠧᠮ ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠨᠴᠠ ᠰᠢᠯᠢᠳᠡᠭ ᠲᠣᠭᠤᠷᠢᠭ  ᠢ ᠢᠳᠡᠪᠬᠢᠲᠡᠶ ᠡᠭᠦᠳᠦᠨ ᠪᠠᠶᠢᠭᠤᠯᠤᠨ᠎ᠠ᠃      ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ  ᠳᠤ  ᠵᠢᠬᠰᠠᠭᠠᠬᠳᠠᠬᠤ ᠪᠠᠷ ᠴᠢᠷᠮᠠᠶᠢᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《 ᠲᠠᠪᠤ ᠶᠢ ᠴᠡᠪᠡᠷᠯᠡᠵᠦ ᠨᠢᠭᠡ ᠶᠢ ᠥᠭᠡᠷᠡᠴᠢᠯᠡᠬᠦ 》 ᠶᠢ ᠰᠠᠶᠢᠲᠤᠷ ᠠᠳᠬᠤᠵᠤ᠂ 7000  ᠭᠠᠷᠤᠢ ᠡᠷᠦᠭᠡ   ᠳᠤ ᠠᠷᠢᠭᠤᠨ ᠴᠡᠪᠡᠷ ᠵᠣᠷᠯᠣᠩ ᠲᠠᠢ ᠪᠤᠯᠭᠠᠨ᠂ ᠰᠠᠭᠤᠷᠢ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ 56  ᠭᠠᠵᠠᠷ ᠲᠤ ᠬᠡᠷᠡᠭᠵᠢᠭᠦᠯᠦᠨ᠎ᠡ᠃ 《 ᠳᠥᠷᠪᠡᠨ  ᠱᠠᠲᠤᠨ   ᠤ  ᠵᠠᠮ   ᠤᠨ  ᠳᠠᠷᠤᠭ᠎ᠠ   ᠶᠢᠨ ᠲᠦᠷᠢᠮ 》 ᠢ ᠴᠢᠩᠭ᠎ᠠ  ᠬᠡᠷᠡᠭᠵᠢᠭᠦᠯᠵᠦ  ᠂ 《 ᠳᠥᠷᠪᠡᠨ ᠰᠠᠶᠢᠨ ᠬᠥᠳᠡᠭᠡ ᠲᠣᠰᠬᠤᠨ ᠤ ᠵᠠᠮ 》 ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ ᠬᠢᠩᠭᠠᠨ — ᠢᠨᠳᠡᠷ  ᠬᠦᠷᠬᠦ 220 ᠺᠢᠯᠣᠸᠠᠲ ᠤᠨ ᠴᠠᠬᠢᠯᠭᠠᠨ ᠱᠤᠭᠤᠮ᠂ ᠲᠡᠮᠡᠬᠡᠴᠢ ᠪᠠᠯᠭᠠᠰᠤ ᠶᠢᠨ 66 ᠺᠢᠯᠣᠸᠠᠲ ᠤᠨ ᠴᠠᠬᠢᠯᠭᠠᠨ ᠬᠦᠷᠭᠡᠬᠦ ᠬᠦᠴᠤᠳᠠᠯ ᠦᠭᠡᠷᠡᠴᠢᠯᠡᠬᠦ᠂ ᠢᠨᠳᠡᠷ ᠣᠷᠣᠨ ᠤ 66 ᠺᠢᠯᠣᠸᠠᠲ ᠤᠨ ᠴᠠᠬᠢᠯᠭᠠᠨ ᠬᠦᠷᠭᠡᠬᠦ ᠱᠤᠭᠤᠮ ᠢ ᠰᠢᠯᠤᠭᠤᠳᠬᠠᠬᠤ ᠵᠡᠷᠭᠡ ᠢᠨᠵᠧᠨᠧᠷᠢᠩ ᠢ ᠪᠡᠶᠡᠯᠡᠭᠦᠯᠵᠦ᠂ ᠴᠠᠬᠢᠯᠭᠠᠨ ᠬᠠᠩᠭᠠᠬᠤ  ᠪᠠᠳᠤᠯᠠᠪᠤᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃     ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠲᠦᠷᠭᠡᠳᠬᠡᠨ  ᠪᠤᠢ ᠪᠤᠯᠭᠠᠵᠦ᠂ 2 ᠭᠤᠣᠯᠳᠠᠯᠭ᠎ᠠ ᠲᠠᠢ   ᠲᠤᠯᠤᠭᠠᠶᠢᠯᠠᠬᠴᠢ ᠠᠵᠤ ᠠᠬᠤᠶᠢᠯᠠᠯ᠂  ᠲᠦᠷᠢᠮᠵᠢᠭᠰᠡᠨ ᠬᠤᠷᠰᠢᠶᠠᠵᠢᠯ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ   ᠶᠢ ᠲᠣᠰᠪᠣᠷᠢ 100 ᠨᠡᠮᠡᠭᠳᠡᠭᠦᠯᠵᠦ᠂ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠬᠤᠷᠰᠢᠶ᠎ᠠ   ᠶᠢ 2᠂ ᠥᠪᠡᠷᠲᠡᠭᠡᠨ ᠵᠠᠰᠠᠬᠤ ᠣᠷᠣᠨ ᠤ ᠲᠡᠰ ᠤᠨ ᠬᠤᠷᠰᠢᠶ᠎ᠠ   ᠶᠢ 5   ᠶᠢ ᠪᠠᠶᠢᠭᠤᠯᠵᠤ᠂ 280 ᠲᠦᠮᠡᠨ  ᠮᠤ᠋ ᠠᠴᠠ ᠳᠡᠭᠡᠭᠰᠢ ᠭᠠᠵᠠᠷ ᠰᠢᠷᠣᠢ ᠶᠢᠨ ᠡᠵᠡᠩᠨᠡᠬᠦ ᠡᠷᠬᠡ ᠶᠢᠨ ᠶᠢ ᠪᠡᠶᠡᠯᠡᠭᠦᠯᠦᠨ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠠᠷᠢᠴᠠᠯ ᠢ 70 % ᠳᠤ ᠬᠦᠷᠬᠡᠨ᠎ᠡ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ  ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠪᠦᠬᠦ ᠬᠤᠰᠢᠭᠤᠨ ᠤ ᠨᠡᠶᠢᠭᠡᠮᠴᠢᠯᠡᠭᠰᠡᠨ ᠦᠢᠯᠡᠴᠢᠯᠡᠭᠡᠨ  ᠤ ᠵᠣᠬᠢᠶᠠᠨ ᠪᠠᠶᠢᠭᠤᠯᠤᠯᠲᠠ ᠶᠢ 180 ᠡᠷᠦᠬᠡ ᠳᠤ ᠬᠦᠷᠭᠡᠵᠦ᠂ ᠲᠠᠷᠢᠮᠠᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ  ᠶᠢᠨ ᠲᠦᠪᠰᠢᠨ ᠢ 90 % ᠠᠴᠠ ᠳᠡᠭᠡᠭᠰᠢ ᠳᠤ ᠬᠦᠷᠭᠡᠨ᠎ᠡ᠃ ᠬᠠᠩᠭᠠᠨ ᠪᠣᠷᠣᠯᠠᠭᠤᠯᠬᠤ  ᠶᠡᠷᠦᠩᠭᠡᠶᠢᠯᠡᠭᠰᠡᠨ  ᠪᠠᠶᠢᠭᠤᠯᠤᠮᠵᠢ ᠶᠢᠨ ᠥᠭᠡᠷᠡᠴᠢᠯᠡᠯᠲᠡ ᠶᠢ  ᠬᠦᠨᠵᠡᠬᠡᠶᠢᠷᠡᠬᠦᠯᠵᠦ᠂ 30  ᠭᠠᠴᠠᠭ᠎ᠠ ᠲᠣᠰᠬᠤᠨ ᠤ ᠲᠡᠰ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ᠂ 2 ᠬᠠᠩᠭᠠᠨ ᠪᠣᠷᠣᠯᠠᠭᠤᠯᠬᠤ ᠬᠤᠷᠰᠢᠶ᠎ᠠ ᠶᠢ ᠰᠢᠨ᠎ᠡ ᠪᠠᠷ ᠪᠠᠶᠢᠭᠤᠯᠤᠨ᠎ᠠ᠃ ᠮᠠᠯᠴᠢᠨ ᠲᠠᠷᠢᠶᠠᠴᠢᠨ ᠤ ᠮᠡᠳᠡᠯᠭᠡ ᠪᠣᠯᠪᠠᠰᠤᠷᠠᠯ ᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠨᠡᠮᠡᠭᠳᠡᠭᠦᠯᠦᠨ᠂ ᠨᠤᠲᠤᠭ ᠤᠨ ᠬᠡᠷᠡᠭᠯᠡᠭᠡᠨ ᠤ ᠴᠢᠳᠠᠪᠤᠷᠢᠲᠠᠨ ᠪᠣᠯᠤᠨ ᠥᠨᠳᠥᠷ ᠮᠡᠳᠡᠯᠭᠡ ᠪᠣᠯᠪᠠᠰᠤᠷᠠᠯ ᠲᠠᠢ 950 ᠲᠠᠷᠢᠶᠠᠴᠢᠨ ᠮᠠᠯᠴᠢᠨ   ᠢ  ᠪᠣᠯᠪᠠᠰᠤᠷᠠᠭᠤᠯᠵᠤ᠂  ᠮᠠᠯᠴᠢᠨ ᠲᠠᠷᠢᠶᠠᠴᠢᠨ ᠤ ᠮᠡᠷᠭᠡᠵᠢᠯ ᠤᠨ ᠴᠢᠳᠠᠪᠤᠷᠢ ᠶᠢᠨ ᠪᠤᠯᠪᠠᠰᠦᠷᠠᠯ ᠢ 3000 ᠬᠥᠮᠦᠨ  ︵ᠤᠳᠠᠭ᠎ᠠ  ︶ ᠠᠴᠠ ᠳᠡᠭᠡᠭᠰᠢ ᠥᠷᠨᠢᠭᠦᠯᠦᠨ᠎ᠡ᠃     ᠬᠦᠳᠡᠭᠡ  ᠲᠤᠰᠬᠤᠨ ᠢ ᠬᠦᠭᠵᠢᠬᠦᠯᠦᠨ ᠮᠠᠨᠳᠤᠭᠤᠯᠬᠤ  ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠤᠯ ᠨᠠᠮ  ᠤᠨ ᠲᠦᠪ ᠬᠤᠷᠢᠶ᠎ᠠ ᠠᠴᠠ ᠭᠠᠷᠭᠠᠬᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠮᠦᠨ᠂ ᠰᠢᠨ᠎ᠠ ᠴᠠᠭ ᠦᠶ᠎ᠡ ᠶᠢᠨ ︽ ᠬᠦᠳᠡᠭᠡ ᠲᠤᠰᠬᠤᠨ᠂ ᠬᠦᠳᠡᠭᠡ ᠠᠵᠦ ᠠᠬᠤᠢ᠂ ᠲᠠᠷᠢᠶᠠᠴᠢᠨ︾ ᠤ  ᠠᠵᠢᠯ ᠢ ᠰᠠᠶᠢᠳᠦᠷ ᠬᠢᠬᠦ ᠶᠢᠨ ᠶᠡᠷᠦᠩᠭᠡᠢ ᠭᠠᠷᠳᠠᠴᠠ ᠮᠦᠨ᠂ ᠪᠢᠳᠡ ᠭᠤᠤᠯᠳᠠᠯᠭ᠎ᠠ ᠶᠢ ᠠᠳᠬᠤᠬᠤ᠂ ᠲᠤᠳᠠᠭᠤᠳᠠᠯ ᠢ ᠨᠦᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠭᠡᠭᠵᠢᠬᠦᠯᠬᠦ ᠶᠢ ᠪᠠᠷᠢᠮᠳᠠᠯᠠᠵᠦ᠂ ᠬᠦᠳᠡᠭᠡ ᠲᠤᠰᠬᠤᠨ ᠢ ᠴᠡᠭᠴᠡᠯᠡᠨ ᠵᠠᠰᠠᠬᠤ ᠬᠢᠷᠢ ᠲᠦᠪᠰᠢᠨ ᠢ  ᠲᠡᠭᠡᠭᠰᠢᠯᠡᠬᠦᠯᠵᠦ᠂  ᠬᠦᠳᠡᠭᠡ ᠲᠤᠰᠬᠤᠨ ᠤ ᠠᠵᠦ ᠦᠢᠯᠡᠰ ᠢ ᠬᠦᠭᠵᠢᠬᠦᠯᠦᠨ ᠮᠠᠨᠳᠤᠭᠤᠯᠬᠤ᠂ ᠴᠢᠳᠠᠪᠦᠷᠢᠳᠠᠨ ᠢ ᠬᠦᠭᠵᠢᠬᠦᠯᠦᠨ ᠮᠠᠨᠳᠤᠭᠤᠯᠬᠤ᠂ ᠰᠤᠶᠤᠯ ᠢ ᠬᠦᠭᠵᠢᠬᠦᠯᠦᠨ ᠮᠠᠨᠳᠤᠭᠤᠯᠬᠤ᠂ ᠠᠮᠢ ᠠᠬᠤᠢ ᠶᠢ ᠬᠦᠭᠵᠢᠬᠦᠯᠦᠨ ᠮᠠᠨᠳᠤᠭᠤᠯᠬᠤ᠂ ᠵᠤᠬᠢᠶᠠᠨ ᠪᠠᠶᠢᠭᠤᠯᠤᠯᠳᠠ ᠶᠢ ᠬᠦᠭᠵᠢᠬᠦᠯᠦᠨ ᠮᠠᠨᠳᠤᠭᠤᠯᠬᠤ ᠶᠢ ᠪᠡᠶᠡᠯᠡᠬᠦᠯᠵᠦ᠂ ᠬᠦᠳᠡᠭᠡ ᠠᠵᠦ ᠠᠬᠤᠢ ᠶᠢᠨ ᠶᠠᠰᠦ ᠴᠢᠨᠠᠷ ᠢ ᠲᠡᠭᠡᠭᠰᠢᠯᠡᠬᠦᠯᠦᠨ ᠦᠷ᠎ᠡ ᠠᠰᠢᠭ ᠢ ᠲᠡᠭᠡᠭᠰᠢᠯᠡᠬᠦᠯᠵᠦ᠂ ᠬᠦᠳᠡᠭᠡ ᠲᠤᠰᠬᠤᠨ ᠤ ᠤᠷᠤᠰᠢᠨ  ᠰᠠᠭᠤᠵᠦ ᠦᠢᠯᠡᠰ ᠪᠤᠰᠬᠠᠬᠤ ᠳᠤ ᠲᠤᠬᠢᠷᠠᠮᠵᠢᠳᠠᠢ᠂ ᠤᠯᠠᠨ ᠲᠦᠮᠡᠨ ᠢ ᠪᠠᠶᠠᠵᠢᠭᠤᠯᠤᠨ ᠴᠢᠨᠡᠬᠡᠯᠢᠭᠵᠢᠬᠦᠯᠬᠦ ᠶᠢ ᠠᠬᠢᠭᠤᠯᠤᠨ᠎ᠠ᠃     ︵ᠭᠤᠷᠪᠠ︶ ᠦᠬᠡᠷᠡᠴᠢᠯᠡᠯᠳᠡ ᠬᠦᠭᠵᠢᠯᠳᠡ ᠶᠢᠨ ᠬᠦᠳᠡᠯᠬᠡᠬᠦ  ᠬᠦᠴᠤᠨ ᠢᠶᠠᠨ ᠴᠢᠩᠭᠠᠷᠠᠭᠤᠯᠤᠨ᠎ᠠ     ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ 《 ᠪᠠᠭᠤᠯᠭᠠᠬᠤ ᠬᠠᠮᠢᠶᠠᠷᠬᠤ ᠦᠢᠯᠡᠴᠢᠯᠡᠬᠦ 》ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ᠂  ᠪᠡᠯᠡ ᠣᠷᠣᠭᠤᠯᠤᠯᠲᠠ ᠶᠢᠨ ᠵᠥᠪᠰᠢᠶᠡᠷᠡᠨ ᠣᠷᠣᠭᠤᠯᠬᠤ ᠨᠠᠵᠠᠭᠠᠢ ᠲᠠᠯ᠎ᠠ  ᠶᠢᠨ ᠨᠠᠷᠢᠨ ᠲᠠᠩᠰᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ 《 ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠣᠨ 》 ᠤ ᠠᠵᠢᠯᠯᠠᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠢ ᠵᠢᠷᠤᠮᠵᠢᠭᠤᠯᠬᠤ ᠢᠨᠵᠧᠨᠧᠷᠢᠩ  ᠢ ᠬᠡᠷᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ  ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠴᠠᠭ ᠤᠨ ᠬᠢᠵᠠᠭᠠᠷ ᠢ ᠳᠤᠮᠳᠠᠴᠢ ᠪᠠᠷ 40 % ᠪᠠᠷ ᠪᠠᠭᠠᠰᠬᠠᠵᠤ᠂ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠨᠣᠷᠮ᠎ᠠ ᠶᠢ 90% ᠳᠤ  ᠬᠦᠷᠬᠡᠵᠦ  ᠂ ᠠᠵᠤ ᠠᠬᠤᠶᠢᠯᠠᠯ ᠡᠷᠭᠢᠯᠡᠬᠦ ᠳᠤ ᠲᠤᠬᠠᠶ ᠶᠢᠨ ᠭᠠᠵᠠᠷ ᠲᠤᠨᠢ ᠭᠦᠶᠴᠡᠳᠬᠡᠵᠦ ᠳᠠᠭᠤᠰᠬᠠᠬᠤ ᠨᠣᠷᠮ᠎ᠠ ᠶᠢ 95 % ᠠᠴᠠ ᠳᠡᠭᠡᠭᠰᠢ ᠳᠤ ᠬᠦᠷᠬᠡᠨ᠎ᠡ᠃  ᠭᠠᠶᠢᠯᠢ ᠶᠢ ᠬᠥᠩᠭᠡᠯᠡᠵᠦ ᠰᠦᠶᠳᠬᠡᠯ   ᠢ  ᠪᠠᠭᠤᠷᠠᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ   ᠪᠠᠷ ᠨ᠊ ‍ᠠᠶᠢᠳᠠᠪᠤᠷᠢᠵᠢᠭᠤᠯᠵᠤ᠂ 《 ᠵᠠᠯᠠᠶᠢᠳ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠪᠠ ᠰᠢᠨ᠎ᠡ ᠬᠡᠯᠪᠡᠷᠢ ᠶᠢᠨ ᠡᠵᠡᠩᠨᠡᠯᠲᠡ   ᠶᠢᠨ  ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ  ᠲᠥᠷᠥ   ᠶᠢᠨ  ᠪᠣᠳᠣᠯᠭ᠎ᠠ  ᠠᠷᠭ᠎ᠠ ( ᠲᠤᠷᠰᠢᠨ ᠬᠡᠷᠡᠭᠵᠢᠭᠦᠯᠬᠦ ) 》 ᠶᠢ ᠦᠷᠭᠦᠯᠵᠢᠯᠡᠨ ᠬᠡᠷᠡᠭᠵᠢᠭᠦᠯᠵᠦ᠂ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠭᠡ ᠵᠣᠯᠭᠠᠯᠴᠠᠭ᠎ᠠ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠪᠠ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠶᠢ ᠠᠬᠢᠭᠤᠯᠤᠨ᠎ᠠ᠃     ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠤᠨ ᠣᠷᠳᠣᠨ  ᠤ ᠪᠡᠯᠡ ᠣᠷᠣᠭᠤᠯᠤᠯᠲᠠ ᠶᠢ 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ   ᠶᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 18 ᠴᠢᠬᠤᠯᠠ ᠶᠡᠭᠡ  ᠲᠦᠷᠦᠯ ᠵᠦᠢᠯ ᠢ ᠬᠡᠷᠡᠭᠵᠢᠭᠦᠯᠵᠦ᠂ 35.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠴᠤᠤᠯ ᠭᠤᠣᠯ ᠤᠨ ᠤᠰᠤ ᠶᠢ ᠯᠢᠶᠤᠤ ᠡᠾᠧ ᠭᠤᠣᠯ ᠳᠤ ᠲᠠᠳᠠᠵᠦ ᠤᠷᠤᠭᠤᠯᠬᠤ ᠢᠨᠵᠧᠨᠧᠷᠢᠩ ᠤᠨ ᠠᠷᠠᠳ ᠢ ᠨᠡᠭᠦᠯᠭᠡᠨ ᠲᠥᠪᠬᠢᠨᠡᠭᠦᠯᠬᠦ ᠡᠭᠦᠷᠭᠡ ᠶᠢ ᠲᠦᠷᠭᠡᠳᠬᠡᠨ ᠠᠬᠢᠭᠤᠯᠵᠤ᠂  ᠪᠠᠶᠠᠬᠤᠯᠠᠭᠠᠨ ᠰᠢᠨ᠎ᠡ ᠪᠠᠯᠭᠠᠰᠤ ᠲᠣᠭᠤᠷᠢᠭ᠂  ᠪᠠᠶᠠᠵᠢᠨ᠎ᠠ ᠲᠥᠪᠬᠢᠨᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠡᠭᠦᠯᠳᠡᠷ ᠤᠨ ᠮᠠᠯ ᠤᠨ ᠲᠠᠯᠠᠪᠠᠶ ᠶᠢᠨ ᠰᠢᠨ᠎ᠡ ᠪᠠᠯᠭᠠᠰᠤ ᠲᠣᠭᠤᠷᠢᠭ᠂  ᠲᠥᠪᠬᠢᠨᠡᠭᠦᠯᠬᠦ  ᠴᠡᠭ ᠤᠨ ᠪᠦᠲᠦᠭᠡᠨ ᠪᠠᠶᠢᠭᠤᠯᠤᠯᠲᠠ ᠶᠢ ᠵᠡᠷᠭᠡ ᠳᠤᠨᠢ ᠡᠬᠢᠯᠡᠭᠦᠯᠦᠨ᠎ᠡ᠃ ᠭᠧᠩ ᠵᠢᠶᠠ ᠳᠦᠨ ᠤᠰᠤᠨ ᠴᠥᠭᠦᠷᠥᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠲᠥᠷᠥᠯ ᠵᠦᠢᠯ ᠢ ᠲᠡᠮᠡᠴᠡᠨ ᠣᠯᠬᠤ ᠬᠡᠷᠡᠭᠲᠡᠶ᠃  ᠤᠯᠠᠭᠠᠨᠬᠤᠳᠠ   ᠠᠴᠠ ᠵᠢᠶᠠᠩ ᠴᠢᠶᠤᠤ  ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂  ᠴᠢᠴᠢᠬᠠᠷ  — ᠤᠯᠠᠭᠠᠨᠬᠤᠳᠠ — ᠲᠦᠩᠯᠢᠶᠤᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠤᠨ ᠠᠭᠠᠷ ᠤᠨ ᠲᠡᠭᠡᠭᠡᠪᠦᠷᠢ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠲᠦᠯᠬᠢᠨ ᠠᠬᠢᠭᠤᠯᠵᠤ᠂ ᠮᠤᠵᠢ ᠶᠢᠨ ᠲᠡᠰ ᠤᠨ ᠵᠠᠰᠠᠮᠠᠯ ᠵᠠᠮ ᠤᠨ 204 ᠱᠤᠭᠤᠮ ᠤᠨ ᠬᠤᠷᠤᠭ᠎ᠠ ᠠᠭᠤᠯᠠ ᠠᠴᠠ ᠴᠠᠷᠠᠰᠤᠨ ᠬᠦᠷᠬᠦ ᠬᠡᠰᠡᠭ ᠤᠨ ᠵᠠᠰᠠᠮᠠᠯ ᠵᠠᠮ ᠤᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠮᠤᠵᠢ  ᠶᠢᠨ  ᠲᠡᠰ ᠤᠨ  ᠵᠠᠰᠠᠮᠠᠯ ᠵᠠᠮ ᠤᠨ 309 ᠱᠤᠭᠤᠮ ᠤᠨ ᠦᠷᠡᠵᠢᠬᠦᠯᠬᠦ ᠲᠠᠯᠠᠪᠠᠶ ᠠᠴᠠ ᠠᠯᠳᠠᠷ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠠᠬᠢ ᠭᠠᠵᠠᠷ ᠲᠠᠷᠢᠶ᠎ᠠ ᠬᠡᠷ ᠪᠠᠶᠢᠰᠢᠩ ᠲᠠᠲᠠᠪᠤᠷᠢᠯᠠᠨ ᠨᠤᠷᠠᠭᠠᠬᠤ ᠠᠵᠢᠯ  ᠢ ᠰᠠᠶᠢᠲᠤᠷ ᠬᠢᠵᠦ᠂ ᠵᠢᠩ ᠰᠢᠩ ︵ᠬᠠᠷᠠᠮᠦ᠋ᠷᠡᠨ︶ ᠠᠴᠠ  ᠷᠠᠰᠢᠶᠠᠨ —  ᠵᠠᠯᠠᠶᠢᠳ ᠬᠦᠷᠬᠦ ᠬᠡᠰᠡᠭ᠂ ᠪᠠᠶᠠᠨᠭᠤᠤᠯ  ᠠᠴᠠ  ᠪᠤᠯᠭᠠᠨᠬᠤᠸᠠ ᠬᠦᠷᠬᠦ ᠬᠡᠰᠡᠭ ᠤᠨ ᠵᠠᠰᠠᠮᠠᠯ ᠵᠠᠮ ᠪᠠ ᠪᠠᠯᠠᠭ᠎ᠠ ᠶᠡᠭᠡ ᠬᠥᠭᠦᠷᠭᠡ ᠶᠢ  ᠲᠠᠯᠪᠢᠬᠤ ᠠᠵᠢᠯ ᠢ ᠡᠬᠢᠯᠡᠭᠦᠯᠦᠨ ᠪᠠᠶᠢᠭᠤᠯᠬᠤ ᠪᠠᠷ ᠴᠢᠷᠮᠠᠶᠢᠨ᠎ᠠ᠃ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠤᠨ  ᠬᠤᠰᠢᠭᠤᠨ ᠤ ᠨᠠᠮ  ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ  ᠲᠦᠷᠦᠯ ᠵᠦᠢᠯ ᠢ ᠲᠦᠯᠬᠢᠨ ᠠᠬᠢᠭᠤᠯᠤᠨ᠎ᠠ᠃    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭᠠᠳᠬᠠᠨ᠎ᠠ᠃ ᠳᠠᠪᠠᠭᠤᠯᠢᠭ ᠡᠬᠢ ᠪᠠᠶᠠᠯᠢᠭ ᠪᠠ ᠣᠨᠴᠠᠯᠢᠭᠲᠤ ᠠᠵᠤ ᠦᠶᠯᠡᠰ ᠲᠤ ᠲᠦᠰᠢᠭᠯᠡᠨ᠂ ᠨᠢᠭᠡ ᠪᠦᠯᠦᠭ ᠰᠠᠭᠤᠷᠢ ᠲᠥᠬᠦᠭᠡᠷᠦᠮᠵᠢ ᠶᠢ ᠣᠷᠣᠭᠤᠯᠤᠨ ᠠᠪᠴᠢᠷᠠᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠳᠡᠰ ᠳᠠᠪᠰᠢᠯᠲᠠ᠂ ᠠᠷᠠᠳ ᠤᠨ ᠠᠮᠢᠳᠤᠷᠠᠯ ᠤᠨ ᠪᠠᠳᠤᠯᠠᠪᠤᠷᠢ ᠵᠡᠷᠭᠡ ᠭᠤᠤᠯᠳᠠᠯᠭ᠎ᠠ ᠲᠠᠢ ᠲᠥᠷᠥᠯ ᠵᠦᠶᠯ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ 3 ᠬᠠᠷᠢᠯᠴᠠᠬᠤ ᠲᠥᠪ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠲᠠᠨᠢᠯᠴᠠᠭᠤᠯᠵᠤ ᠳᠡᠯᠭᠡᠷᠡᠭᠦᠯᠬᠦ ᠡᠷᠴᠢᠮ ᠢᠶᠠᠨ ᠨᠡᠮᠡᠭᠳᠡᠬᠦᠯᠦᠨ᠎ᠡ  ᠃ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ  ᠤᠨ ᠪᠦᠲᠦᠭᠡᠭᠳᠡᠬᠦᠨ  ᠮᠠᠯ ᠤᠨ ᠠᠰᠢᠭ ᠰᠢᠮ᠎ᠡ ᠶᠢ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠣᠷᠣᠭᠤᠯᠤᠨ᠎ᠠ  ᠂ ᠪᠡᠭᠡᠵᠢᠩ  ᠂ ᠵᠧᠵᠢᠶᠠᠩ᠂  ᠬᠤᠪᠸᠢ᠂ ᠰᠧᠴᠤᠸᠠᠨ᠂ ᠭᠤᠸᠠᠩᠳᠦ᠋ᠩ ᠵᠡᠷᠭᠡ ᠭᠠᠵᠠᠷ ᠣᠷᠣᠨ ᠤ ᠠᠵᠤ ᠠᠬᠤᠶ ᠶᠢᠨ ᠬᠠᠮᠲᠤᠷᠠᠯᠴᠠᠭ᠎ᠠ᠂ ᠬᠠᠨᠳᠤᠯᠭ᠎ᠠ ᠲᠠᠢ   ᠪᠠᠷ ᠬᠤᠳᠠᠯᠳᠤᠭᠠᠴᠢᠨ ᠤᠷᠢᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ ᠨᠠᠷᠢᠯᠢᠭ  ᠤᠨᠤᠴᠠᠳᠠᠢ ᠬᠤᠳᠠᠯᠳᠤᠭᠠᠴᠢᠨ ᠤᠷᠢᠬᠤ᠂  ᠬᠤᠳᠠᠯᠳᠤᠭᠠᠴᠢᠨ ᠢᠶᠠᠷ ᠬᠤᠳᠠᠯᠳᠤᠭᠠᠴᠢᠨ   ᠢ ᠤᠷᠢᠬᠤ ᠶᠢ  ᠴᠢᠩᠭᠠᠳᠬᠠᠵᠦ᠂ ᠠᠵᠤ ᠦᠶᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠲᠤᠭᠤᠷᠢᠨ ᠳᠤ᠂ ᠬᠤᠸᠠ ᠨᠧᠩ ᠪᠦᠯᠦᠭᠯᠡᠯ ᠤᠨ ᠤᠰᠤᠨ ᠳᠡᠭᠡᠷᠡᠬᠢ ᠭᠡᠷᠡᠯ ᠤᠨ ᠴᠠᠬᠢᠯᠭᠠᠨ  ᠂ ᠷᠧᠨ ᠹᠦ᠋ ᠡᠮ ᠤᠨ ᠦᠶᠯᠡᠰ ᠤᠨ ᠬᠢᠲᠠᠳ ᠡᠪᠡᠰᠦᠨ ᠡᠮ ᠵᠡᠷᠭᠡ ᠲᠥᠷᠥᠯ ᠵᠦᠶᠯ ᠤᠨ ᠬᠡᠯᠡᠯᠴᠡᠭᠡᠷ ᠬᠢᠵᠤ ᠪᠠᠶᠢᠨ᠎ᠠ᠂ ᠱᠠᠨᠳᠦ᠋ᠩ ᠤᠨ ᠱᠦᠶ ᠹᠠ ᠪᠦᠯᠦᠭᠯᠡᠯ ᠤᠨ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠠᠭᠤᠰᠤᠯᠴᠠᠯ ᠢ ᠠᠬᠢᠭᠤᠯᠵᠦ᠂ ᠬᠠᠩᠵᠧᠦ ᠶᠢᠨ ᠲᠠᠷᠢᠶᠠᠨ ᠦᠷ᠎ᠡ ᠶᠢᠨ ᠦᠶᠯᠡᠰ ᠤᠨ ᠰᠢᠨ᠎ᠡ ᠰᠣᠷᠭᠤᠭ ᠢᠳᠡᠰᠢᠨ ᠪᠤᠷᠴᠠᠭ ᠦᠶᠯᠡᠳᠪᠦᠷᠢᠯᠡᠬᠦ ᠰᠠᠭᠤᠷᠢᠨ ᠭᠠᠵᠠᠷ ᠵᠡᠷᠭᠡ ᠭᠡᠷ᠎ᠡ ᠲᠣᠭᠲᠠᠭᠰᠠᠨ ᠲᠥᠷᠥᠯ ᠵᠦᠶᠯ ᠢ ᠡᠷᠲᠡᠬᠡᠨ ᠨᠠᠶᠢᠳᠠᠪᠦᠷᠢᠵᠢᠭᠤᠯᠤᠨ᠂ ᠵᠢᠯ ᠤᠨ ᠳᠣᠲᠣᠷ᠎ᠠ 43 ᠳ᠋ᠦᠩᠰᠢᠭᠤᠷ ᠲᠥᠭᠦᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠴᠢᠷᠮᠠᠶᠢᠨ᠎ᠠ᠃     ︵ᠲᠦᠷᠪᠡ︶  ᠬᠤᠳᠠ  ᠪᠠᠯᠭᠠᠰᠦᠨ ᠤ ᠪᠦᠳᠦᠬᠡᠨ ᠪᠠᠶᠢᠭᠤᠯᠤᠯᠳᠠ ᠶᠢᠨ ᠬᠠᠮᠢᠶᠠᠷᠦᠯᠳᠠ ᠶᠢ ᠴᠢᠩᠭᠠᠳᠬᠠᠨ᠎ᠠ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠬᠤᠲᠠ ᠪᠠᠯᠭᠠᠰᠤᠨ ᠤ ᠲᠥᠯᠥᠪᠵᠢᠭᠦᠯᠭᠡ ᠶᠢᠨ ᠠᠵᠢᠯ ᠢ ᠴᠢᠩᠭᠠᠳᠬᠠᠵᠤ᠂ ᠡᠷᠴᠢᠮᠯᠢᠭ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ  ᠬᠦᠭᠵᠢᠯᠳᠡ ᠶᠢᠨ ᠵᠠᠷᠴᠢᠮ   ᠢ ᠪᠠᠷᠢᠮᠲᠠᠯᠠᠨ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠵᠠᠩᠭᠢᠯᠠᠭ᠎ᠠ ᠶᠢᠨ ᠴᠡᠭ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠦᠨ᠂ ᠨᠢᠭᠡᠳᠦᠯᠲᠡᠢ  ᠵᠣᠯᠭᠠᠯᠳᠤᠭᠤᠯᠤᠭᠰᠠᠨ᠂ ᠴᠢᠳᠠᠮᠵᠢ ᠪᠠᠷ ᠬᠠᠷᠢᠯᠴᠠᠨ ᠨᠥᠬᠦᠪᠥᠷᠢᠯᠡᠭᠰᠡᠨ᠂ ᠬᠠᠷᠢᠯᠴᠠᠨ ᠵᠣᠬᠢᠴᠠᠯᠳᠤᠭᠰᠠᠨ ᠲᠥᠯᠥᠪᠵᠢᠭᠦᠯᠭᠡ ᠶᠢᠨ  ᠰᠢᠰᠲ᠋ᠧᠮ ᠢ  ᠪᠦᠷᠢᠯᠳᠦᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠴᠢᠩᠭᠠᠳᠬᠠᠵᠤ᠂ ᠬᠤᠲᠠ ᠪᠠᠯᠭᠠᠰᠤᠨ ᠤ ᠬᠥᠭᠵᠢᠯᠲᠡ ᠶᠢ ᠭᠠᠳᠠᠨᠠᠬᠢ ᠬᠦᠴᠤᠨ ᠢ ᠠᠰᠢᠭᠯᠠᠵᠤ ᠲᠤᠳᠤᠭᠠᠳᠤᠬᠢ ᠬᠦᠳᠡᠯᠭᠡᠬᠦ ᠬᠦᠴᠤᠨ ᠪᠤᠯᠭᠠᠨ ᠬᠤᠪᠢᠷᠠᠭᠤᠯᠬᠤ  ᠶᠢ ᠠᠬᠢᠭᠤᠯᠤᠨ᠎ᠠ  ᠃     ᠬᠤᠲᠠ ᠶᠢᠨ ᠡᠭᠦᠷᠭᠡ ᠴᠢᠳᠠᠪᠬᠢ ᠶᠢ ᠲᠡᠭᠦᠯᠳᠡᠷᠵᠢᠭᠦᠯᠦᠨ᠎ᠡ᠃ 《 ᠤᠯᠤᠰ ᠤᠨ ᠴᠡᠴᠡᠷᠯᠢᠭᠳᠦ  ᠬᠤᠰᠢᠭᠤ ᠰᠢᠶᠠᠨ ᠤ ᠬᠤᠲᠠ 》 ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠲᠠᠯᠠᠪᠠᠢ ᠶᠢ 2 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ ᠲᠤᠷᠠᠨ ᠨᠠᠭᠤᠷ ᠴᠡᠴᠡᠷᠯᠢᠭ   ᠤᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ 17 ᠾᠧᠺᠲ᠋ᠠᠷ ᠥᠷᠭᠡᠳᠬᠡᠨ ᠪᠠᠶᠢᠭᠤᠯᠤᠨ᠎ᠠ᠃  ᠬᠠᠭᠤᠴᠢᠨ ᠰᠠᠭᠤᠭᠠᠯᠢ ᠠᠷᠠᠳ ᠤᠨ ᠲᠣᠭᠤᠷᠢᠭ   ᠢ 23 ᠥᠭᠡᠷᠡᠴᠢᠯᠡᠵᠦ ᠂ 7.6 ᠲᠦᠮᠡᠨ ᠲᠡᠭᠰᠢ ᠳᠥᠷᠪᠡᠯᠵᠢᠨ  ᠮᠧᠲᠷ ᠲᠤ ᠬᠦᠷᠴᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ  ᠶᠢᠨ ᠲᠥᠷᠥᠯ ᠵᠦᠢᠯ   ᠢ 5 ᠨᠡᠮᠡᠭᠳᠡᠬᠦᠯᠬᠦ ᠪᠠ ᠰᠢᠨ᠎ᠡ ᠪᠠᠷ 26 .5 ᠲᠦᠮᠡᠨ ᠲᠡᠭᠰᠢ ᠳᠥᠷᠪᠡᠯᠵᠢᠨ  ᠮᠧᠲᠷ  ᠨᠡᠮᠡᠭᠳᠡᠬᠦᠯᠤᠨ᠎ᠡ᠃ ᠢᠨᠳᠡᠷ ᠵᠠᠮ ᠤᠨ  ᠵᠡᠬᠦᠨᠳᠡᠬᠢ᠂ ᠤᠯᠠᠭᠠᠨ ᠵᠡᠭᠡᠯᠢ ᠶᠢᠨ ᠬᠤᠶᠢᠲᠤ ᠲᠠᠯ᠎ᠠ ᠶᠢᠨ ᠳᠥᠭᠦᠮ ᠪᠦᠳᠦᠴᠡᠳᠤ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠭᠡᠨ ᠢᠵᠢ ᠪᠦᠷᠢᠳᠦᠭᠦᠯᠬᠦ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠲᠤᠸᠠᠨ ᠵᠢᠶᠧ ᠡᠮᠦᠨ᠎ᠡ ᠵᠠᠮ   ᠢ ᠤᠷᠲᠤᠳᠬᠠᠬᠤ᠂  ᠰᠢᠶᠠᠨ ᠹᠧᠩ  ᠵᠠᠮ   ᠢ ᠥᠷᠭᠡᠳᠬᠡᠬᠦ᠂ 《  ᠡᠤ ᠰᠧ 》 ᠵᠡᠭᠦᠨ ᠵᠡᠭᠡᠯᠢ ᠶᠢᠨ ᠭᠤᠳᠤᠮᠵᠢ ᠶᠢ ᠥᠭᠡᠷᠡᠴᠢᠯᠡᠨ ᠵᠠᠰᠠᠬᠤ ᠵᠡᠷᠭᠡ ᠢᠨᠵᠧᠨᠧᠷᠢᠩ ᠢ 5.2  ᠺᠢᠯᠤᠮᠧᠲᠷ ᠪᠡᠶᠡᠯᠡᠭᠦᠯᠦᠨ᠎ᠡ᠃ ᠤᠰᠤ ᠬᠠᠩᠭᠠᠬᠤ᠂ ᠪᠣᠬᠢᠷ ᠤᠰᠤᠨ ᠤ ᠬᠤᠭᠤᠯᠠᠢ ᠲᠣᠣᠷ   ᠢ 23  ᠺᠢᠯᠤᠮᠧᠲᠷ᠂ ᠢᠯᠴᠢ ᠬᠠᠩᠭᠠᠬᠤ ᠬᠤᠭᠤᠯᠠᠢ   ᠶᠢ 12 ᠺᠢᠯᠤᠮᠧᠲᠷ ᠤᠭᠰᠤᠷᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠵᠦ᠂  ᠦᠯᠡᠳᠡᠭᠳᠡᠯ ᠬᠤᠭ ᠨᠣᠪᠰᠢ ᠶᠢ ᠨᠡᠭᠡᠭᠡᠨ ᠠᠰᠢᠭᠯᠠᠬᠤ  ᠠᠷᠭ᠎ᠠ ᠶᠢ ᠰᠦᠪᠡᠭᠴᠢᠯᠡᠨ᠎ᠠ᠃      ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠲᠤᠭᠠᠴᠠᠯᠠᠬᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ  ᠤᠨ ᠬᠡᠷᠡᠭᠯᠡᠯᠲᠡ ᠶᠢ ᠲᠦᠷᠭᠡᠳᠬᠡᠵᠦ᠂ ᠣᠶᠤᠨᠴᠢᠯᠠᠭᠰᠠᠨ ᠬᠤᠲᠠ ᠪᠠᠯᠭᠠᠰᠤ ᠶᠢ ᠪᠠᠶᠢᠭᠤᠯᠵᠤ᠂ ᠣᠷᠳᠣ ᠬᠤᠭᠤᠴᠠᠭᠠᠨ  ᠤ ᠪᠦᠲᠦᠮᠵᠢᠲᠡᠶ ᠪᠠᠶᠢᠩᠭᠤ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠨ᠎ᠠ᠃ 《 ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠠᠷᠭ᠎ᠠ 》 ᠶᠢ ᠲᠣᠭᠲᠠᠭᠠᠨ ᠨᠡᠶᠢᠲᠡᠯᠡᠵᠦ᠂ ᠪᠠᠭ᠎ᠠ ᠲᠣᠭᠤᠷᠢᠭ ᠤᠨ ᠠᠳᠠᠯ ᠠᠬᠤᠶ ᠶᠢᠨ ᠲᠦᠷᠢᠮᠵᠢᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠪᠠᠶᠢᠭᠤᠯᠤᠭᠰᠠᠨ ᠲᠣᠭᠤᠷᠢᠭ ᠤᠨ ᠬᠠᠶᠠᠭᠳᠠᠮᠠᠯ ᠡᠳ᠋ ᠬᠤᠳᠠᠯᠳᠤᠨ ᠠᠪᠬᠤ 14 ᠠᠵᠤ ᠠᠬᠤᠶᠢᠯᠠᠯ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠬᠢᠵᠦ᠂ ᠲᠣᠭᠲᠠᠩᠭᠤᠶ ᠪᠠᠶᠢᠳᠠᠯ ᠲᠠᠢ ᠲᠡᠷᠭᠡ ᠬᠥᠰᠬᠡ ᠶᠢ ᠵᠣᠭᠰᠣᠭᠠᠬᠤ ᠳᠤ ᠴᠢᠩᠭ᠎ᠠ ᠵᠠᠰᠠᠯᠲᠠ ᠬᠢᠵᠦ᠂ ᠬᠤᠲᠠ ᠶᠢᠨ ᠶᠠᠪᠤᠳᠠᠯ ᠤᠨ ᠵᠠᠮ ᠢᠶᠠᠷ ᠲᠣᠭᠲᠠᠭᠠᠯ ᠠᠴᠠ ᠵᠥᠷᠢᠴᠡᠨ ᠪᠤᠬᠢᠷ ᠰᠢᠷᠣᠶ᠂ ᠬᠠᠶᠢᠷ ᠴᠢᠯᠠᠭᠤ ᠲᠡᠭᠡᠭᠡᠪᠦᠷᠢᠯᠡᠬᠦ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠬᠠᠮᠢᠶᠠᠷᠤᠨ᠂ ᠬᠠᠤᠯᠢ ᠠᠴᠠ ᠵᠥᠷᠢᠴᠡᠵᠦ ᠲᠦᠷᠢᠮ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠲᠣᠭᠤᠷᠢᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠤᠪᠢ ᠪᠠᠷ ᠢᠶᠠᠨ ᠪᠠᠷᠢᠵᠤ ᠳᠤᠷ᠎ᠠ ᠪᠠᠷ ᠢᠶᠠᠨ ᠪᠠᠶᠢᠭᠤᠯᠬᠤ ᠶᠢ ᠡᠷᠡᠰ ᠬᠤᠷᠢᠭᠯᠠᠨ᠎ᠠ᠃ ᠰᠠᠭᠤᠭᠠᠯᠢ ᠠᠷᠠᠳ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃     ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ      ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠤᠯᠭᠠᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠠᠵᠤ ᠦᠢᠯᠡᠰ ᠤᠨ ᠪᠦᠲᠦᠴᠡ ᠪᠠ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠭᠤᠷᠪᠠᠨ ᠵᠤᠷᠪᠤᠰ ᠤᠯᠠᠭᠠᠨ ᠱᠤᠭᠤᠮ ᠢ ᠴᠢᠩᠭ᠎ᠠ ᠰᠠᠬᠢᠵᠤ᠂ ᠲᠦᠷᠦᠯ ᠵᠦᠢᠯ ᠳᠤ ᠤᠷᠤᠭᠤᠯᠬᠤ ᠵᠥᠪᠰᠢᠶᠡᠷᠡᠯ ᠢ ᠴᠢᠩᠭ᠎ᠠ ᠠᠳᠬᠤᠨ᠎ᠠ᠃ ᠠᠮᠢ ᠠᠬᠤᠶ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠡᠬᠢ ᠪᠠᠶᠠᠯᠢᠭ᠂ ᠣᠷᠴᠢᠨ ᠲᠣᠭᠤᠷᠢᠨ ᠤ ᠳᠠᠪᠠᠭᠤᠯᠢᠭ ᠢ ᠭᠦᠢᠴᠡᠳ ᠠᠰᠢᠭᠯᠠᠨ᠂ ᠲᠤᠬᠠᠶ ᠶᠢᠨ ᠭᠠᠵᠠᠷ ᠲᠠᠭᠠᠨ ᠲᠣᠬᠢᠷᠠᠭᠤᠯᠤᠨ ᠣᠨᠴᠠᠯᠢᠭᠲᠤ ᠣᠶ ᠰᠢᠭᠤᠶ ᠶᠢᠨ ᠥᠷᠲᠡᠭᠡ ᠶᠢ ᠪᠠᠶᠢᠭᠤᠯᠵᠤ᠂ ᠬᠤᠪᠣᠷ ᠴᠤᠬᠠᠭ ᠮᠣᠳᠣᠨ ᠤ ᠦᠷ᠎ᠡ ᠪᠠ  ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠮᠢ ᠠᠬᠤᠶ ᠶᠢᠨ ᠠᠵᠤ ᠠᠬᠤᠶ ᠶᠢ ᠰᠢᠨᠵᠢᠯᠡᠬᠦ ᠤᠬᠠᠭᠠᠨᠴᠢ ᠪᠠᠷ ᠬᠥᠭᠵᠢᠭᠦᠯᠵᠦ᠂ ᠠᠮᠢ ᠠᠬᠤᠶ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠯᠲᠠ ᠶᠢ ᠲᠦᠯᠬᠢᠨ ᠠᠬᠢᠭᠤᠯᠤᠨ᠎ᠠ᠃ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠢᠨᠠᠨ ᠪᠤᠳᠤᠯᠳᠠ ᠶᠢ ᠯᠠᠪᠳᠠᠭᠤᠨ ᠪᠠᠲᠤᠲᠠᠢ ᠬᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃     ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠡ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠯ ᠤᠨ ᠰᠠᠨᠠᠯ ᠪᠠ ᠲᠡᠮᠡᠭᠡᠴᠢ ᠬᠠᠮᠠᠭᠠᠯᠠᠯᠲᠠ ᠶᠢᠨ ᠣᠷᠣᠨ ᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦ ᠰᠢᠲᠠᠭᠠᠬᠤ ᠵᠤᠤᠬ᠎ᠠ ᠶᠢᠨ ᠶᠡᠷᠦᠩᠬᠡᠶ ᠬᠡᠮᠵᠢᠶ᠎ᠡ ᠶᠢ ᠡᠵᠡᠮᠳᠡᠬᠦ ᠪᠠ ᠲᠦᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠶᠢ ᠮᠡᠳᠡᠬᠦᠯᠤᠨ ᠲᠠᠩᠰᠠᠯᠠᠬᠤ ᠪᠠ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠤᠤᠯ ᠨᠠᠭᠤᠷ ᠲᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ᠬᠠᠤᠯᠢ ᠪᠤᠰᠤ ᠪᠠᠷ ᠴᠢᠯᠠᠭᠤ ᠭᠠᠷᠭᠠᠬᠤ᠂ ᠬᠠᠶᠢᠷ  ᠮᠠᠯᠳᠠᠬᠤ᠂ ᠰᠢᠷᠣᠶ ᠠᠪᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠤᠰᠤᠨ ᠤ ᠡᠬᠢ ᠰᠤᠷᠪᠤᠯᠵᠢ ᠶᠢ ᠵᠠᠰᠠᠬᠤ ᠢᠨᠵᠧᠨᠧᠷᠢᠩ ᠢ ᠲᠦᠯᠬᠢᠨ ᠠᠬᠢᠭᠤᠯᠵᠤ᠂ ᠤᠰᠤᠨ ᠤ ᠴᠢᠨᠠᠷ ᠢ ᠪᠦᠬᠦ ᠵᠢᠯ ᠳᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠳᠤᠯᠠᠨ᠎ᠠ᠃ ᠲᠠᠷᠢᠶᠠᠯᠠᠩ ᠤᠨ ᠤᠯᠠᠨ ᠡᠬᠢᠳᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠳᠥᠷᠪᠡ ᠶᠢ ᠠᠬᠢᠭᠤᠯᠵᠤ ᠳᠥᠷᠪᠡ ᠶᠢ ᠡᠵᠡᠮᠳᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃    ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠰᠢᠰᠲ᠋ᠧᠮ ᠲᠠᠢ ᠵᠠᠰᠠᠯᠳᠠ ᠶᠢ ᠨᠢᠭᠡᠳᠦᠯᠲᠡᠢ ᠲᠥᠯᠥᠪᠵᠢᠭᠦᠯᠵᠦ᠂ ᠶᠡᠭᠡ ᠬᠡᠪᠴᠢᠶᠡᠨ ᠤ ᠨᠤᠲᠤᠭ ᠳᠡᠪᠢᠰᠬᠡᠷ ᠤᠨ ᠨᠤᠭᠤᠭᠠᠷᠠᠭᠤᠯᠤᠯᠳᠠ ᠶᠢᠨ ᠠᠵᠢᠯᠯᠠᠭ᠎ᠠ ᠥᠷᠨᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠷᠪᠠᠨ ᠤᠮᠠᠷᠠᠲᠤ ᠶᠢᠨ ᠬᠠᠯᠬᠠᠪᠴᠢ ᠣᠶ ᠶᠢ 3 ᠲᠦᠮᠡᠨ ᠮᠥ ᠤᠶᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ 0.9 ᠲᠦᠮᠡᠨ ᠮᠥ ᠰᠡᠷᠭᠦᠭᠡᠨ᠂  ᠴᠢᠬᠢ ᠮᠤᠳᠤ ᠶᠢ 10.3 ᠲᠦᠮᠡᠨ ᠮᠥ ᠰᠠᠭᠤᠯᠭᠠᠨ᠎ᠠ᠃ ᠠᠮᠢ ᠠᠬᠤᠶ ᠬᠡᠪᠡᠷᠡᠭ ᠨᠤᠲᠤᠭ ᠪᠡᠯᠴᠢᠭᠡᠷ ᠢ ᠵᠠᠰᠠᠬᠤ ᠡᠷᠴᠢᠮ ᠢᠶᠠᠨ ᠨᠡᠮᠡᠭᠳᠡᠭᠦᠯᠵᠦ᠂ ᠮᠠᠯᠵᠢᠬᠤ ᠶᠢ ᠵᠣᠭᠰᠣᠭᠠᠨ ᠡᠪᠡᠰᠦ ᠪᠡᠯᠴᠢᠭᠡᠷ ᠢ ᠰᠡᠷᠭᠦᠭᠡᠬᠦ ᠶᠢ 3 ᠲᠦᠮᠡᠨ ᠮᠦ ᠪᠡᠶᠡᠯᠡᠬᠦᠯᠦᠨ᠎ᠡ᠃ ᠣᠢ ᠰᠢᠭᠤᠢ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠲᠥᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠶᠢᠨ ᠮᠦᠩᠭᠦ ᠶᠢᠨ ᠲᠥᠷᠥ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠪᠥᠬᠦ ᠬᠤᠰᠢᠭᠤᠨ ᠤ ᠴᠢᠬᠤᠯᠠ ᠭᠤᠤᠯ ᠮᠥᠷᠡᠨ᠂ ᠤᠰᠤᠨ ᠴᠣᠭᠴᠠ ᠶᠢᠨ ᠴᠢᠨᠠᠷ ᠢ Ⅲᠲᠥᠷᠥᠯ ᠤᠨ ᠲᠡᠰ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ 1.33 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠴᠤᠤᠯ ᠭᠤᠣᠯ ᠤᠨ ᠴᠤᠤᠯ ᠤᠨ ᠬᠡᠰᠡᠭ ᠲᠠᠬᠢ ᠦᠶᠡᠷ ᠢ ᠰᠡᠷᠭᠡᠶᠢᠯᠡᠬᠦ ᠪᠠᠷᠢᠯᠭ᠎ᠠ ᠶᠢ 18.65 ᠺᠢᠯᠤᠮᠧᠲᠷ᠂ ᠳᠤᠮᠳᠠ ᠵᠢᠵᠢᠭ ᠭᠤᠣᠯ ᠮᠥᠷᠡᠨ ᠤ ᠠᠶᠤᠯᠲᠠᠶ ᠪᠠᠷᠢᠯᠭ᠎ᠠ ᠶᠢ 39 ᠺᠢᠯᠤᠮᠧᠲᠷ ᠵᠠᠰᠠᠵᠤ᠂ ᠬᠥᠷᠥᠰᠥ ᠰᠢᠷᠣᠶ ᠶᠢ 40 ᠲᠡᠭᠰᠢ ᠳᠥᠷᠪᠡᠯᠵᠢᠨ ᠺᠢᠯᠤᠮᠧᠲᠷ ᠵᠠᠰᠠᠨ᠎ᠠ᠃  ᠲᠡᠭᠡᠭᠡᠳ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ  ᠲᠡᠮᠡᠴᠡᠨ ᠤᠯᠤᠨ᠎ᠠ᠃      ︵ᠵᠢᠷᠭᠤᠭ᠎ᠠ︶ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠤᠨ᠎ᠠ     ᠨᠡᠶᠢᠭᠡᠮ ᠤᠨ ᠪᠠᠳᠤᠯᠠᠪᠤᠷᠢ ᠶᠢ ᠴᠢᠩᠭᠠᠳᠬᠠᠨ᠎ᠠ᠃ ᠬᠤᠲᠠ ᠪᠠᠯᠭᠠᠰᠤ ᠶᠢᠨ ᠠᠵᠢᠯ ᠣᠯᠤᠭᠰᠠᠳ ᠢ 1400 ᠬᠦᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠯᠳᠠ ᠶᠢ 2.1 ᠲᠦᠮᠡᠨ ᠬᠥᠮᠦᠨ  ︵ᠤᠳᠠᠭ᠎ᠠ ︶ ᠳᠤ ᠬᠦᠷᠭᠡᠨ᠂ ᠦᠢᠯᠡᠰ ᠪᠤᠰᠬᠠᠬᠤ ᠵᠢᠭᠡᠯᠡᠯᠭᠡ ᠶᠢ 1400 ᠲᠦᠮᠡᠨ ᠲᠥᠭᠦᠷᠢᠭ ᠠᠴᠠ ᠳᠡᠭᠡᠭᠰᠢ ᠲᠠᠷᠬᠠᠭᠠᠨ᠎ᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤᠷᠢᠬᠤ ᠵᠢᠴᠢ ︽ᠰᠠᠭᠠᠳ ᠥᠬᠡᠶ ᠨᠡᠪᠲᠡᠷᠡᠬᠦ ᠵᠠᠮ︾  ᠵᠡᠷᠭᠡ ᠪᠠᠷ ᠳᠡᠭᠡᠳᠦ ᠳᠡᠰ ᠲᠠᠪᠬᠤᠷᠭ᠎ᠠ ᠶᠢᠨ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠠᠩᠰᠠᠯᠠᠯ ᠤᠨ ᠲᠥᠯᠥᠪᠯᠡᠭᠡ ᠶᠢ ᠶᠡᠬᠡᠪᠡᠷ ᠠᠬᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ ᠲᠤᠰ ᠲᠤᠰ 32 ᠲᠦᠮᠡᠨ ᠬᠥᠮᠦᠨ ᠪᠠ 19.2 ᠲᠦᠮᠡᠨ ᠬᠥᠮᠦᠨ ᠠᠴᠠ ᠳᠡᠭᠡᠭᠰᠢ ᠳᠤ  ᠬᠦᠷᠬᠡᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ᠂ ᠣᠨᠴᠠ  ᠬᠦᠴᠢᠷᠳᠡᠯᠳᠡᠢ ᠬᠦᠮᠤᠰ ᠢ ᠠᠰᠠᠷᠠᠨ ᠲᠡᠵᠢᠭᠡᠬᠦ ᠵᠡᠷᠭᠡ ᠪᠠᠳᠤᠯᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠠᠰᠤᠲᠠᠶᠢᠴᠤᠳ ᠢ ᠠᠰᠠᠷᠠᠨ ᠰᠤᠪᠢᠯᠠᠬᠤ ᠶᠡᠷᠦᠩᠬᠡᠶᠢᠯᠡᠭᠰᠡᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ 200 ᠰᠤᠪᠢᠯᠠᠬᠤ ᠣᠷᠣ   ᠶᠢ ᠰᠢᠨ᠎ᠡ ᠪᠠᠷ ᠨᠡᠮᠡᠭᠳᠡᠭᠦᠯᠦᠨ᠎ᠡ᠃ ᠥᠨᠳᠡᠭᠡᠨ ᠪᠠᠯᠭᠠᠰᠤ ᠶᠢ ᠪᠠᠶᠢᠭᠤᠯᠬᠤ ᠲᠤᠬᠠᠢ ᠲᠡᠭᠡᠭᠰᠢ ᠮᠡᠳᠡᠭᠦᠯᠦᠨ ᠵᠥᠪᠰᠢᠶᠡᠷᠡᠭᠦᠯᠬᠦ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠳᠡᠪᠬᠢᠯᠡᠨ ᠴᠢᠷᠮᠠᠶᠢᠵᠤ ᠬᠤᠶᠠᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠱᠠᠲᠤ ᠳᠠᠷᠠᠭᠠᠯᠠᠨ  ᠲᠡᠭᠡᠭᠰᠢ ᠮᠡᠳᠡᠭᠦᠯᠦᠨ ᠵᠦᠪᠰᠢᠶᠡᠷᠡᠭᠦᠯᠦᠨ᠎ᠡ᠃      ᠡᠩ ᠲᠡᠷᠢᠭᠦᠨ ᠳᠤ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠢᠨᠳᠡᠷ ᠲᠠᠬᠢ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠨᠳᠡᠷ ᠲᠠᠬᠢ ᠳᠣᠯᠣᠳᠤᠭᠠᠷ ᠪᠠᠭ᠎ᠠ ᠰᠤᠷᠭᠠᠭᠤᠯᠢ᠂ ᠢᠨᠳᠡᠷ ᠲᠠᠬᠢ ᠨᠠᠢᠮᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠢ ᠡᠬᠢᠯᠡᠭᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠠᠵᠢᠯ ᠤᠨ ᠪᠠᠶᠢᠷᠢ ᠶᠢᠨ ᠰᠣᠯᠢᠯᠴᠠᠭ᠎ᠠ᠂ ᠰᠤᠷᠭᠠᠭᠤᠯᠢ ᠶᠢᠨ ᠵᠠᠬᠢᠷᠤᠯ ᠤᠨ ᠶᠠᠷᠢᠯᠴᠠᠭᠠᠨ ᠤ ᠲᠠᠪᠴᠠᠩ᠂ ᠲᠤᠰᠢᠶᠠᠯ ᠡᠭᠦᠷᠭᠡᠯᠡᠨ ᠪᠤᠯᠪᠠᠰᠤᠷᠠᠯ ᠳᠤ ᠤᠷᠤᠯᠴᠠᠬᠤ︾ ᠵᠡᠷᠭᠡ ᠬᠡᠯᠪᠡᠷᠢ ᠪᠠᠷ ᠳᠠᠮᠵᠢᠨ᠂ ᠰᠤᠷᠭᠠᠭᠤᠯᠢ ᠶᠢᠨ ᠵᠠᠬᠢᠷᠤᠯ ᠤᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠨᠴᠠ ᠠᠵᠢᠯ ᠤᠨ ᠪᠠᠶᠢᠷᠢ ᠶᠢᠨ 130 ᠪᠠᠭᠰᠢ᠂  ᠠᠵᠢᠯ ᠦᠢᠯᠡᠰ ᠤᠨ ᠣᠷᠣᠨ ᠲᠣᠭᠠᠨ ᠤ 50 ᠪᠠᠭᠰᠢ ᠶᠢ ᠤᠷᠢᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠢᠨᠳᠡᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠶᠡᠭᠡ ᠲᠡᠭᠡᠳᠤ ᠰᠤᠷᠭᠠᠭᠤᠯᠢ ᠶᠢᠨ ᠵᠢᠩᠬᠢᠨᠢ ᠠᠩᠭᠢ ᠳᠤ ᠳᠡᠪᠰᠢᠬᠦ ᠨᠣᠷᠮ᠎ᠠ ᠶᠢ 60% ᠠᠴᠠ ᠳᠡᠭᠡᠭᠰᠢ ᠳᠤ ᠬᠦᠷᠬᠡᠵᠦ᠂ ᠢᠨᠳᠡᠷ  ᠲᠠᠬᠢ ᠬᠤᠶᠠᠳᠤᠭᠠᠷ ᠳᠤᠮᠳᠠᠳᠤ ᠰᠤᠷᠭᠠᠭᠤᠯᠢ ᠶᠢᠨ  ᠰᠤᠷᠤᠭᠴᠢ ᠶᠢᠨ ᠶᠡᠭᠡ ᠲᠡᠭᠡᠳᠤ ᠰᠤᠷᠭᠠᠭᠤᠯᠢ ᠶᠢᠨ ᠵᠢᠩᠬᠢᠨᠢ ᠠᠩᠭᠢ ᠳᠤ ᠳᠡᠪᠰᠢᠬᠦ ᠨᠣᠷᠮ᠎ᠠ ᠶᠢ 80% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ  ︽ᠰᠤᠷᠤᠯᠭ᠎ᠠ ᠶᠢᠨ ᠨᠠᠮᠲᠠᠷ ᠤᠨ ᠦᠨᠡᠮᠯᠡᠯ + ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ︾ ᠤᠨ ᠲᠦᠷᠢᠮ ᠤᠨ ᠲᠤᠷᠰᠢᠯᠲᠠ ᠶᠢᠨ ᠴᠡᠭ ᠤᠨ ᠶᠡᠭᠡ ᠳᠡᠭᠡᠳᠦ ᠰᠤᠷᠭᠠᠭᠤᠯᠢ ᠶᠢ ᠢᠳᠡᠪᠬᠢᠲᠡᠶ ᠭᠤᠶᠤᠴᠢᠯᠠᠵᠤ᠂  ᠲᠤᠰᠬᠠᠢ ᠮᠡᠷᠬᠡᠵᠢᠯ ᠢᠶᠠᠷ ᠨᠢ  ᠶᠡᠭᠡ ᠲᠡᠭᠡᠳᠤ ᠰᠤᠷᠭᠠᠭᠤᠯᠢ   ᠳᠤ ᠳᠡᠪᠰᠢᠬᠦ ᠨᠣᠷᠮ᠎ᠠ ᠪᠠ ᠠᠵᠢᠯ ᠤᠯᠬᠤ ᠨᠣᠷᠮ᠎ᠠ ᠶᠢ 97% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠨ᠎ᠠ᠃    ᠡᠮ ᠡᠮᠨᠡᠯᠭᠡ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠪᠠ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠢᠨ᠎ᠡ ᠪᠠᠶᠢᠷᠢ ᠶᠢᠨ ᠡᠭᠦᠳᠡᠨ ᠡᠮᠨᠡᠯᠭᠡ ᠶᠢᠨ ᠡᠪᠡᠳᠴᠢᠲᠡᠨ ᠤ ᠠᠰᠠᠷ ᠤᠨ ᠢᠨᠵᠧᠨᠧᠷᠢᠩ ᠢ ᠡᠬᠢᠯᠡᠭᠦᠯᠦᠨ᠎ᠡ᠃ 8 ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠠᠶᠢᠭᠤᠯᠵᠤ᠂ 4 ᠣᠶᠣᠨ ᠤ ᠡᠷᠡᠭᠦᠯ ᠬᠠᠮᠠᠭᠠᠯᠠᠯ ᠤᠨ ᠡᠷᠡᠬᠦᠯᠵᠢᠯ ᠤᠨ ᠥᠷᠲᠡᠭᠡ ᠶᠢ ᠪᠠᠶᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠶᠢ ᠡᠭᠦᠳᠴᠦ᠂ ᠰᠢᠨᠯᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮᠨᠡᠯᠭᠡ ᠶᠢᠨ ᠭᠠᠵᠠᠷ ᠢ ᠪᠠᠶᠢᠭᠤᠯᠤᠨ᠎ᠠ᠃ ᠡᠷᠡᠭᠦᠯ ᠡᠩᠬᠡ ᠵᠠᠯᠠᠶᠢᠳ ᠤᠨ ᠠᠵᠢᠯᠯᠠᠭᠠᠨ ᠤ ᠲᠥᠯᠥᠪᠯᠡᠭᠡ ᠶᠢ ᠠᠬᠢᠭᠤᠯᠵᠤ᠂ ᠪᠦᠬᠦ ᠠᠷᠠᠳ ᠢᠶᠠᠷ ᠢᠶᠠᠨ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠲᠠᠢ ᠪᠣᠯᠬᠤ ᠶᠢ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠳᠡᠰ ᠤᠨ ᠬᠤᠰᠢᠭᠤ ᠶᠢ ᠴᠢᠷᠮᠠᠶᠢᠨ ᠪᠠᠶᠢᠭᠤᠯᠤᠨ᠎ᠠ᠃    ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠭᠠᠨᠮᠥ᠋ᠴᠢᠷ ᠤᠨ ᠪᠠᠶᠢᠭᠤᠯᠤᠯᠲᠠ ᠶᠢ ᠴᠢᠩᠭᠠᠳᠬᠠᠵᠤ᠂ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 10 ᠭᠠᠷᠤᠶ ᠪᠦᠲᠦᠭᠡᠯ ᠢ ᠨᠠᠶᠢᠷᠠᠭᠤᠯᠤᠨ ᠵᠢᠭᠰᠠᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠲᠠᠯᠠᠪᠤᠷ  ︵ᠤᠳᠠᠭ᠎ᠠ  ︶  ᠭᠠᠷᠭᠠᠨ᠎ᠠ᠃ ᠣᠯᠠᠨ  ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠤᠯᠠᠭᠠᠨᠮᠥ᠋ᠴᠢᠷ ᠤᠨ ᠲᠣᠭᠯᠠᠯᠲᠠ ᠶᠢᠨ ᠲᠥᠪ ᠤᠨ ᠲᠥᠷᠦᠯ ᠵᠦᠢᠯ ᠢ ᠢᠳᠡᠪᠬᠢᠲᠡᠢ ᠠᠬᠢᠭᠤᠯᠵᠤ᠂ ᠰᠣᠶᠣᠯ ᠤᠨ ᠮᠦᠽᠧᠢ ᠶᠢᠨ ᠠᠰᠠᠷ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠣᠷᠳᠣᠨ ᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂  ᠪᠠᠷᠠᠭᠤᠨ ᠠᠭᠤᠯᠠᠨ  ᠤ ᠰᠢᠨ᠎ᠡ ᠲᠣᠭᠤᠷᠢᠭ ᠤᠨ ᠣᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠬᠦᠨᠳᠦ ᠬᠥᠩᠭᠡᠨ ᠲᠠᠮᠢᠷ ᠤᠨ ᠭᠦᠶᠦᠯᠲᠡ ᠶᠢᠨ ᠵᠠᠮ ᠪᠠ ᠬᠥᠯ ᠪᠥᠮᠪᠦᠭᠡ ᠶᠢᠨ ᠲᠠᠯᠠᠪᠤᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂  ᠠᠯᠳᠠᠨ ᠤᠯᠤᠰ ᠤᠨ ᠬᠢᠯᠢ  ᠶᠢᠨ ᠵᠠᠭᠠᠭ ᠤᠨ ᠰᠤᠪᠠᠭ ᠤᠨ ᠪᠠᠭᠤᠷᠢ ᠶᠢᠨ ᠡᠳᠦᠷ ᠲᠤᠲᠤᠮ ᠤᠨ ᠲᠣᠭᠤᠷᠢᠨ ᠬᠠᠮᠠᠭᠠᠯᠠᠯᠲᠠ ᠶᠢ ᠴᠢᠩᠭᠠᠳᠬᠠᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠴᠤᠤᠯ ᠭᠤᠤᠯ ᠤᠨ ᠰᠤᠶᠤᠯ ᠵᠤᠭᠠᠴᠠᠯ ᠤᠨ ᠤᠷᠠᠯᠢᠭ ᠤᠨ ᠨᠠᠶᠢᠷ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠤᠷ᠎ᠠ ᠮᠡᠷᠭᠡᠵᠢᠯ ᠤᠨ ᠦᠵᠡᠬᠦᠯᠭᠡ ᠵᠡᠷᠭᠡ ᠰᠢᠷᠢᠰ ᠠᠵᠢᠯᠯᠠᠭ᠎ᠠ ᠶᠢ ᠡᠷᠬᠢᠯᠡᠵᠦ᠂ ᠪᠦᠬᠦ ᠣᠷᠣᠨ ᠤ ᠲᠣᠤᠷ ᠪᠥᠮᠪᠦᠭᠡ ᠶᠢᠨ ᠤᠷᠤᠯᠳᠤᠭᠠᠨ᠂ ︽ᠲᠠᠯ᠎ᠠ ᠨᠤᠲᠤᠭ ᠲᠠᠬᠢ ᠠᠶᠠᠯᠠᠯ︾ ᠳᠤᠭᠤᠶ ᠲᠡᠷᠭᠡᠨ ᠤ ᠬᠤᠯᠪᠤᠭᠠᠳᠤ ᠤᠷᠤᠯᠳᠤᠭᠠᠨ ᠢ ᠢᠳᠡᠪᠬᠢᠲᠡᠶ ᠪᠠᠷ ᠲᠠᠭᠠᠭᠠᠴᠢᠯᠡᠨ ᠡᠷᠬᠢᠯᠡᠵᠦ᠂ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠲᠠᠰᠤᠷᠠᠯᠲᠠ ᠤᠢᠭᠡᠢ ᠪᠠᠶᠠᠯᠢᠭᠵᠢᠭᠤᠯᠤᠨ᠎ᠠ᠃     ᠪᠤᠰᠤᠳ ᠠᠵᠢᠯ ᠦᠢᠯᠡᠰ ᠢ ᠨᠢᠭᠡᠳᠦᠯᠲᠡᠢ ᠲᠥᠯᠥᠪᠯᠡᠨ ᠬᠥᠭᠵᠢᠭᠦᠯᠦᠨ᠎ᠡ᠃ ᠲᠤᠭ᠎ᠠ ᠪᠦᠷᠢᠳᠬᠡᠯ᠂ ᠦᠨᠳᠦᠰᠦᠲᠡᠨ ᠱᠠᠰᠢᠨ ᠰᠤᠷᠲᠠᠬᠤᠨ᠂ ᠳᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠴᠠᠭ ᠠᠭᠤᠷ ᠵᠡᠷᠭᠡ ᠠᠵᠢᠯ ᠢ ᠰᠠᠶᠢᠲᠤᠷ ᠬᠢᠨ᠎ᠡ᠃ ᠠᠵᠢᠯᠴᠢᠨ ᠤ ᠶᠡᠷᠦᠩᠬᠡᠶ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠳᠡᠮᠵᠢᠨ᠎ᠡ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢ ᠪᠠᠲᠤᠯᠠᠬᠤ ᠪᠠ ᠬᠠᠷᠠᠭᠠᠯᠵᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠴᠡᠷᠢᠭ ᠤᠨ ᠶᠠᠪᠤᠳᠠᠯ ᠤᠨ ᠲᠦᠬᠦᠭᠡᠷᠦᠮᠵᠢ ᠶᠢᠨ ᠬᠠᠮᠠᠭᠠᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠪᠣᠯᠤᠨ ᠡᠷᠦᠬᠡ ᠶᠢᠨ ᠴᠡᠷᠢᠭ ᠤᠨ ᠪᠡᠯᠡᠳᠬᠡᠯ ᠠᠯᠪᠠ ᠵᠡᠷᠭᠡ ᠠᠵᠢᠯ ᠢ ᠰᠠᠶᠢᠲᠤᠷ ᠴᠢᠩᠭᠠᠳᠬᠠᠨ᠎ᠠ᠃     ︵ᠳᠣᠯᠤᠭ᠎ᠠ︶ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ  ᠴᠢᠩᠭ᠎ᠠ ᠬᠠᠮᠢᠶᠠᠷᠤᠨ ᠡᠵᠡᠮᠳᠡᠬᠦ︾ ᠶᠢ ᠪᠠᠷᠢᠮᠲᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠠᠵᠢᠯ ᠤᠨ ᠰᠢᠰᠲ᠋ᠧᠮ ᠢ ᠪᠠᠬᠢᠵᠢᠭᠦᠯᠬᠦ ᠬᠡᠷᠡᠭᠲᠡᠶ᠃ ᠪᠠᠯᠠ ᠮᠥᠩᠭᠦ ᠪᠠ ᠡᠳ᠋ ᠪᠣᠳᠠᠰ ᠤᠨ ᠪᠠᠳᠤᠯᠠᠪᠤᠷᠢ ᠶᠢ ᠦᠨᠡᠨ ᠬᠦ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠠᠷᠠᠳ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠡᠮᠬᠢ ᠵᠢᠷᠤᠮ ᠲᠠᠢ  ᠶᠠᠪᠤᠭᠳᠠᠭᠤᠯᠤᠨ᠎ᠠ᠃ ︽ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠳᠡ ᠮᠡᠳᠡᠭᠦᠯᠬᠦ᠂ ᠡᠷᠲᠡ ᠵᠠᠰᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠥᠮᠦᠨ︾᠂ ︽ᠪᠣᠳᠠᠰ︾᠂ ︽ᠣᠷᠴᠢᠨ ᠲᠣᠭᠤᠷᠢᠨ︾ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠡᠷᠡᠰ ᠰᠠᠶᠢᠲᠤᠷ ᠰᠠᠬᠢᠨ ᠬᠠᠮᠠᠭᠠᠯᠠᠨ᠎ᠠ᠃     ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠲᠣᠭᠲᠠᠭᠠᠯ ᠠᠴᠠ ᠵᠥᠷᠢᠴᠡᠨ ᠥᠷᠢ ᠭᠠᠷᠭᠠᠬᠤ ᠪᠠ ᠲᠥᠰᠦᠪ ᠠᠴᠠ ᠳᠠᠪᠠᠭᠤᠯᠤᠨ ᠵᠠᠷᠤᠯᠭ᠎ᠠ ᠭᠠᠷᠭᠠᠬᠤ ᠶᠢ ᠡᠷᠡᠰ ᠬᠤᠷᠢᠭᠯᠠᠨ᠂ ᠥᠷᠢ ᠥᠭᠴᠡᠭᠡ ᠶᠢᠨ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ 2.99 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ ᠪᠤᠴᠠᠭᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠪᠠ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠠᠮᠢ ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃    ᠠᠶᠤᠯᠭᠦᠢ ᠦᠢᠯᠡᠳᠪᠦᠷᠢᠯᠡᠯ ᠢ ᠦᠨᠡᠨ ᠬᠦ ᠴᠢᠩᠭᠠᠳᠬᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠶ  ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠬᠢᠴᠢᠶᠡᠩᠭᠦ᠋ᠢᠯᠡᠨ ᠵᠢᠷᠤᠮᠯᠠᠵᠤ᠂ ᠢᠳᠡᠭᠡᠨ ᠤᠮᠳᠠᠭᠠᠨ ᠪᠠ ᠡᠮ ᠤᠨ  ᠵᠤᠶᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠲᠤᠷᠰᠢᠯᠲᠠ ᠶᠢᠨ ᠴᠡᠭ ᠤᠨ ᠠᠵᠢᠯ ᠢ ᠪᠡᠶᠡᠯᠡᠭᠦᠯᠵᠦ᠂ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠭᠡᠮ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃    ᠨᠡᠶᠢᠭᠡᠮ ᠤᠨ ᠡᠶ᠎ᠡ ᠵᠣᠬᠢᠴᠠᠯ ᠲᠠᠢ ᠲᠤᠭᠳᠠᠭᠤᠨ ᠪᠠᠶᠢᠳᠠᠯ ᠢ ᠬᠠᠮᠠᠭᠠᠯᠠᠨ᠎ᠠ᠃  ᠲᠠᠪᠬᠤᠴᠠᠵᠦ ᠪᠠᠶᠢᠭ᠎ᠠ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ ᠰᠢᠢᠳᠪᠤᠷᠢᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠦᠴᠦᠯᠡᠨ ᠰᠢᠢᠳᠪᠤᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠪᠦᠯᠦᠭ  ︵ᠤᠳᠠᠭ᠎ᠠ︶᠂ ᠬᠥᠮᠦᠨ  ︵ᠤᠳᠠᠭ᠎ᠠ︶   ᠤ ᠬᠤᠣᠰ ᠪᠠᠭᠤᠷᠠᠯᠲᠠ ᠶᠢ ᠠᠬᠢᠭᠤᠯᠤᠨ᠎ᠠ᠃ ᠬᠥᠯᠥᠰᠥᠨ ᠠᠵᠢᠯᠴᠢᠨ ᠤ ᠴᠠᠯᠢᠩ ᠤᠨ ︽ᠬᠤᠶᠠᠷ ᠪᠡᠯᠡ ᠮᠥᠩᠭᠦ ᠭᠤᠷᠪᠠᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠨᠡᠶᠢᠭᠡᠮ ᠤᠨ ᠠᠮᠤᠷ ᠢ ᠬᠠᠮᠠᠭᠠᠯᠠᠵᠦ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ︽211 +︾ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠪᠠᠶᠢᠭᠤᠯᠵᠤ ᠬᠤᠯᠪᠣᠭᠠᠯᠠᠨ ᠵᠠᠰᠠᠬᠤ ᠬᠠᠮᠵᠢᠯᠴᠠᠭ᠎ᠠ ᠶᠢ ᠴᠢᠩᠭᠠᠷᠠᠭᠤᠯᠤᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ  ᠴᠢᠩᠭ᠎ᠠ ᠰᠡᠷᠭᠡᠶᠢᠯᠡᠬᠦ ᠪᠠ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠪᠥᠬᠦ ᠤᠯᠤᠰ ᠤᠨ ᠠᠮᠤᠷ ᠠᠮᠤᠭᠤᠯᠠᠩ ᠪᠦᠳᠦᠭᠡᠨ ᠪᠠᠶᠢᠭᠤᠯᠤᠯᠲᠠ ᠶᠢᠨ ᠲᠡᠷᠢᠭᠦᠨ ᠤ ᠬᠤᠰᠢᠭᠤ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃      ︵ ᠨᠠᠢᠮᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂  ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠠᠤᠯᠢ ᠴᠠᠭᠠᠵᠠ ᠶᠢᠨ ᠡᠷᠬᠡ ᠶᠢᠨ ᠬᠢᠵᠠᠭᠠᠷ ᠪᠠ ᠵᠢᠷᠤᠮ ᠢ ᠴᠢᠩᠭ᠎ᠠ ᠵᠢᠷᠤᠮᠯᠠᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠪᠠ ᠬᠢᠨᠠᠨ ᠪᠤᠳᠤᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠵᠢᠷᠤᠮᠵᠢᠭᠤᠯᠤᠨ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠵᠢᠴᠢ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠪᠦᠷᠢᠯᠭᠡᠨ ᠰᠦᠢᠳᠬᠡᠬᠦ ᠶᠢ  ᠡᠷᠡᠰ ᠡᠰᠡᠷᠭᠦᠴᠡᠨ᠎ᠡ᠃    ᠲᠥᠯᠥᠭᠡᠯᠡᠭᠴᠢᠳ ᠡ︕ ᠪᠢᠳᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠂ ᠡᠨᠡ ᠬᠦ ᠠᠮᠵᠢᠯᠲᠠ ᠪᠦᠲᠦᠮᠵᠢ ᠶᠢ ᠰᠢᠭᠤᠳ ᠰᠢᠯᠤᠭᠤᠨ  ᠢᠶᠠᠷ ᠤᠯᠤᠭᠰᠠᠨ ᠪᠢᠰᠢ᠃  ᠨᠠᠮ ᠪᠠ ᠤᠯᠤᠰ ᠠᠴᠠ ᠪᠢᠳᠡᠨ ᠳᠤ ᠣᠯᠭᠤᠭᠰᠠᠨ ᠡᠷᠬᠢᠮ ᠳᠡᠭᠡᠳᠦ ᠢᠷᠠᠭᠤ ᠠᠯᠳᠠᠷ᠂ ᠨᠠᠩ ᠴᠤ ᠬᠦᠨᠳᠦ ᠬᠠᠷᠢᠭᠤᠴᠠᠯᠭ᠎ᠠ ᠮᠥᠨ᠃ ᠪᠢᠳᠡ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠨᠠᠷ ᠤᠨ ᠦᠷ᠎ᠡ ᠮᠡᠳᠦ ᠨᠢᠭᠲᠠᠷᠠᠨ ᠪᠦᠯᠬᠦᠮᠳᠡᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨᠵᠡᠭᠡᠶ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠢ ᠳᠤᠮᠳᠠᠳᠤ ᠶᠢᠨ ᠦᠨᠳᠦᠰᠦᠲᠡᠨ ᠤ ᠶᠡᠭᠡ ᠬᠡᠷ ᠪᠦᠯᠢ ᠳᠤ ᠠᠬ᠎ᠠ ᠳᠡᠭᠦᠤ ᠮᠡᠲᠦ ᠳᠣᠲᠣᠨᠣ ᠪᠠᠶᠢᠯᠭᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠨ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠦᠭᠵᠢᠭᠦᠯᠦᠶ᠎ᠡ᠃    ᠵᠠᠭᠤᠨ ᠵᠢᠯ ᠤᠨ ᠵᠠᠮᠨᠠᠯ ᠰᠦᠷ ᠵᠢᠪᠬᠤᠭ᠎ᠠ ᠲᠠᠢ ᠪᠦᠭᠡᠳ ᠵᠠᠭᠤᠨ ᠵᠢᠯ ᠤᠨ ᠤᠭ ᠰᠠᠨᠠᠭ᠎ᠠ ᠬᠡᠵᠢᠶᠡᠳᠡ ᠬᠤᠪᠢᠷᠠᠰᠢ ᠦᠭᠡᠢ ᠪᠠᠳᠤ ᠪᠠᠬᠢ ᠶᠤᠮ᠃  ᠪᠢᠳᠡ ︽ᠬᠤᠣᠰ ᠵᠠᠭᠤᠨ ᠵᠢᠯ︾ ᠤᠨ ᠲᠡᠦᠬᠡ ᠶᠢᠨ ᠠᠭᠤᠯᠵᠠᠷ ᠲᠤ ᠵᠣᠭᠰᠣᠵᠤ᠂ ᠣᠮᠤᠭ ᠲᠡᠭᠦᠯᠳᠡᠷ ᠢᠶᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠨ᠎ᠡ ᠴᠠᠭ ᠦᠶ᠎ᠡ ᠳᠤ ᠳᠠᠪᠰᠢᠨ ᠤᠷᠤᠵᠤ᠂ ᠰᠢᠨ᠎ᠡ ᠠᠶᠠᠨ ᠵᠠᠮ ᠢᠶᠠᠷ ᠡᠷᠡᠮᠡᠬᠡᠶᠢᠯᠡᠨ ᠤᠷᠤᠭᠰᠢᠯᠠᠵᠤ᠂ ᠦᠵᠡᠰᠬᠦᠯᠡᠩᠲᠦ ᠰᠠᠶᠢᠬᠠᠨ ᠪᠠᠶᠠᠨ ᠬᠦᠴᠦᠷᠬᠡᠭ ᠵᠠᠯᠠᠶᠢᠳ ᠢ ᠪᠥᠲᠥᠭᠡᠨ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠡᠷᠡᠯ ᠰᠠᠴᠤᠷᠠᠩᠭᠤᠶ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠶ᠎ᠠ︕
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号