ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ | ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ | ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ | ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ | ︵ᠬᠤᠶᠠᠷ︶ ᠪᠦᠬᠦ ᠠᠷᠠᠳ ᠤᠨ ᠥᠮᠴᠢᠯᠡᠯ ᠤᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ | ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃ ᠤᠯᠤᠰ ᠤᠨ ᠬᠠᠤᠯᠢ ᠴᠠᠭᠠᠵᠠ | ᠬᠠᠤᠯᠢ ᠲᠣᠭᠲᠠᠭᠠᠯ ᠪᠣᠯᠤᠨ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠪᠣᠯᠤᠨ ᠬᠡᠮᠵᠢᠨ ᠵᠢᠷᠤᠭᠯᠠᠯᠲᠠ ᠵᠡᠷᠭᠡ ᠳᠦᠷᠢᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠨ᠎ᠠ᠃ | ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ | ᠳᠡᠭᠡᠳᠦ ᠱᠠᠲᠤᠨ ᠤ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ | ᠭᠦᠢᠴᠡᠳᠬᠡᠯ ᠲᠣᠭᠠᠨ ᠤ ᠰᠢᠰᠲ᠋ᠧᠮ ᠪᠠ ᠪᠦᠷᠢᠳᠬᠡᠯ ᠤᠨ ᠪᠠᠷᠢᠮᠵᠢᠶ᠎ᠠ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠢ | ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠨᠢᠭᠡᠳᠦᠯᠲᠡᠶ ᠵᠢᠷᠤᠮᠵᠢᠭᠰᠠᠨ ᠲᠦᠷᠢᠮ ᠢ ᠪᠠᠶᠢᠭᠤᠯᠤᠨ᠎ᠠ᠃ ᠪᠥᠬᠦ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠶ ᠪᠠᠶᠢᠴᠠᠭᠠᠯᠲᠠ ᠪᠠ ᠬᠢᠨᠠᠨ | ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ | ᠪᠠᠶᠢᠴᠠᠭᠠᠨ ᠬᠢᠨᠠᠨ ᠬᠡᠮᠵᠢᠵᠤ ᠦᠨᠡᠯᠡᠭᠰᠡᠨ ᠦᠷ᠎ᠡ ᠪᠦᠲᠦᠭᠡᠯ ᠢ ᠬᠢᠨᠠᠨ ᠬᠠᠮᠢᠶᠠᠷᠬᠤ ᠪᠠ ᠮᠡᠳᠡᠭᠡ ᠵᠠᠩᠭᠢ ᠨᠡᠶᠢᠲᠡᠯᠡᠬᠦ ᠶᠢ | ᠬᠠᠷᠢᠭᠤᠴᠠᠨ᠎ᠠ᠃ | ︵ᠳᠥᠷᠪᠡ︶ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ ᠨᠤᠲᠤᠭ ᠪᠡᠯᠴᠢᠭᠡᠷ᠂ ᠨᠤᠭᠤ | ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠡᠩᠰᠡᠯᠡᠵᠦ ᠲᠡᠮᠳᠡᠭᠯᠡᠬᠦ | ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠲᠣᠭᠲᠠᠭᠠᠭᠰᠠᠨ ᠡᠯ᠎ᠡ | ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠲᠤᠭᠳᠠᠮᠠᠯ ᠬᠥᠷᠥᠩᠭᠡ ᠶᠢᠨ ᠡᠷᠬᠡ ᠶᠢ ᠨᠢᠭᠡᠳᠦᠯᠲᠡᠶ ᠨᠤᠲᠠᠯᠠᠨ | ᠳᠡᠩᠰᠡᠯᠡᠵᠦ ᠲᠡᠮᠳᠡᠭᠯᠡᠬᠦ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠲᠤᠭᠳᠠᠮᠠᠯ ᠬᠥᠷᠥᠩᠭᠡ᠂ ᠬᠡᠮᠵᠢᠨ ᠵᠢᠷᠤᠬᠤ᠂ | ᠮᠠᠷᠭᠤᠯᠳᠤᠭᠠᠨ ᠢ ᠵᠣᠬᠢᠴᠠᠭᠤᠯᠤᠨ ᠰᠢᠢᠳᠪᠤᠷᠢᠯᠡᠬᠦ᠂ ᠦᠷ᠎ᠡ ᠪᠦᠲᠦᠭᠡᠯ ᠤᠨ ᠬᠡᠷᠡᠭᠯᠡᠭᠡᠨ ᠤ ᠲᠦᠷᠢᠮ᠂ ᠪᠠᠷᠢᠮᠵᠢᠶ᠎ᠠ᠂ | ᠲᠦᠷᠢᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ | ᠪᠠ ᠲᠤᠭᠳᠠᠮᠠᠯ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ | ᠪᠠᠶᠢᠭᠤᠯᠤᠨ ᠪᠦᠷᠢᠨᠰᠢᠬᠦᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠲᠤᠭᠳᠠᠮᠠᠯ ᠬᠥᠷᠥᠩᠭᠡ ᠶᠢᠨ | ᠳᠡᠩᠰᠡᠯᠡᠯᠲᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ ᠬᠤᠷᠢᠶᠠᠩᠭᠤᠶᠢᠯᠠᠨ | ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠨ᠎ᠠ᠃ ᠪᠥᠬᠦ ᠬᠤᠰᠢᠭᠤᠨ ᠤ ᠡᠬᠢ ᠪᠠᠶᠠᠯᠢᠭ ᠪᠠ ᠲᠤᠭᠳᠠᠮᠠᠯ | ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ | ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠥᠬᠦ ᠠᠷᠠᠳ ᠤᠨ ᠥᠮᠴᠢᠯᠡᠯ ᠤᠨ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠪᠦᠷᠢᠳᠬᠡᠬᠦ ᠲᠦᠷᠢᠮ ᠶᠣᠰᠣᠭᠠᠷ᠂ ᠪᠥᠬᠦ ᠬᠤᠰᠢᠭᠤᠨ ᠤ | ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ | ᠬᠠᠷᠢᠭᠤᠴᠠᠨ᠎ᠠ᠃ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ | ᠥᠷᠢ ᠥᠭᠴᠡᠭᠡ ᠶᠢᠨ ᠬᠦᠰᠦᠨᠦᠭᠲᠦ ᠶᠢ ᠨᠠᠶᠢᠷᠠᠭᠤᠯᠤᠨ ᠵᠤᠬᠢᠶᠠᠵᠤ᠂ ᠬᠢᠨᠠᠨ ᠰᠢᠯᠭᠠᠬᠤ ᠠᠷᠭ᠎ᠠ ᠶᠢ ᠲᠤᠭᠳᠠᠭᠠᠨ᠎ᠠ᠃ | ᠪᠥᠬᠦ ᠬᠤᠰᠢᠭᠤᠨ ᠤ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ | ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠬᠦ᠂ ᠦᠨ᠎ᠡ ᠲᠣᠭᠲᠠᠭᠠᠨ ᠪᠠᠯᠠ ᠭᠠᠷᠭᠠᠬᠤ | ᠪᠠ ᠭᠠᠵᠠᠷ ᠰᠢᠷᠣᠶ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ | ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠵᠦᠶ ᠵᠣᠬᠢᠰᠲᠠᠶ | ᠳᠣᠭᠢᠷᠠᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ | ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠶ ᠡᠳ᠋ ᠬᠥᠷᠥᠩᠭᠡ ᠶᠢᠨ ᠠᠰᠢᠭ ᠣᠷᠣᠯᠭ᠎ᠠ ᠶᠢ | ᠬᠠᠤᠯᠢ ᠶᠣᠰᠣᠭᠠᠷ ᠬᠤᠷᠢᠶᠠᠨ᠎ᠠ᠃ | ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠶᠢ ᠬᠠᠷᠢᠭᠤᠴᠠᠨ᠎ᠠ | ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠲᠣᠭᠲᠠᠭᠠᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠠᠴᠠ ᠨᠡᠶᠢᠲᠡ ᠳᠤ ᠵᠠᠷᠯᠠᠭᠰᠠᠨ | ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮ ᠢ ᠪᠠᠶᠢᠭᠤᠯᠵᠤ᠂ ᠪᠠᠶᠢᠭᠠᠯᠢ ᠶᠢᠨ ᠡᠬᠢ | ᠪᠠᠶᠠᠯᠢᠭ ᠤᠨ ᠲᠠᠰ ᠬᠤᠪᠢᠶᠠᠨ ᠲᠠᠰ ᠲᠣᠭᠲᠠᠭᠠᠬᠤ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠨᠡᠯᠡᠯᠲᠡ ᠬᠢᠨᠠᠨ ᠰᠢᠯᠭᠠᠯᠲᠠ ᠶᠢ | ᠥᠷᠨᠢᠭᠦᠯᠦᠨ᠂ ᠠᠷᠪᠢᠲᠠᠶ ᠡᠷᠴᠢᠮᠯᠢᠭ ᠠᠰᠢᠭᠯᠠᠯᠳᠠ ᠶᠢ ᠠᠬᠢᠭᠤᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢ ᠬᠠᠷᠢᠭᠤᠴᠠᠨ᠎ᠠ᠃ ᠪᠥᠬᠦ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠤᠯ ᠡᠵᠡᠮᠳᠡᠯ᠂ ᠣᠷᠣᠨ ᠪᠦᠰᠡ ᠶᠢᠨ | ᠵᠣᠬᠢᠴᠠᠭᠤᠯᠭ᠎ᠠ ᠪᠠ ᠬᠤᠲᠠ ᠬᠥᠳᠡᠭᠡ ᠶᠢᠨ ᠨᠢᠭᠡᠳᠦᠯᠲᠡᠶ ᠲᠥᠯᠥᠪᠵᠢᠭᠦᠯᠭᠡ ᠳᠤ ᠬᠤᠯᠪᠣᠭᠳᠠᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠰᠤᠳᠤᠯᠤᠨ᠎ᠠ᠃ | ︵ᠳᠣᠯᠤᠭ᠎ᠠ︶ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢ ᠬᠠᠷᠢᠭᠤᠴᠠᠬᠤ ᠶᠢᠨ | ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠤᠣᠯ ᠴᠣᠭᠴᠠ ᠶᠢᠨ ᠴᠢᠳᠡᠮᠵᠢᠳᠤ ᠣᠷᠣᠨ ᠤ ᠪᠠᠶᠢᠯᠳᠤᠬᠤ | ᠪᠤᠲᠤᠯᠭ᠎ᠠ ᠪᠣᠯᠤᠨ ᠲᠦᠷᠢᠮ ᠢ ᠠᠬᠢᠭᠤᠯᠵᠤ᠂ ᠪᠦᠭᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠪᠣᠯᠤᠨ ᠬᠤᠯᠪᠣᠭᠳᠠᠯ ᠪᠦᠭᠦᠢ ᠲᠤᠰᠬᠠᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ | ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠨᠡᠭᠡᠭᠡᠨ ᠬᠥᠭᠵᠢᠭᠦᠯᠦᠯᠲᠡ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢ | ᠥᠷᠨᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠨᠠᠨ ᠬᠡᠮᠵᠢᠯᠳᠡ᠂ | ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠪᠥᠬᠦ ᠬᠤᠰᠢᠭᠤ ᠶᠢ ᠵᠣᠬᠢᠶᠠᠨ | ᠪᠠᠶᠢᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠰᠠᠭᠤᠷᠢ ᠲᠠᠷᠢᠶᠠᠨ ᠭᠠᠵᠠᠷ᠂ | ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠡᠵᠡᠮᠳᠡᠯ ᠤᠨ ᠱᠤᠭᠤᠮ ᠢ | ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠤᠶᠢᠯᠡᠳᠪᠤᠷᠢᠯᠠᠯ᠂ | ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠪᠠᠶᠢᠭᠤᠯᠤᠨ᠎ᠠ᠃ ᠪᠥᠬᠦ ᠬᠤᠰᠢᠭᠤᠨ ᠤ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ | ᠪᠦᠷᠢᠨᠰᠢᠬᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠰᠤᠳᠤᠯᠤᠨ ᠲᠤᠭᠳᠠᠭᠠᠨ᠎ᠠ᠃ ᠪᠥᠬᠦ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠡᠯ᠎ᠡ ᠲᠥᠷᠥᠯ ᠤᠨ | ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠬᠠᠤᠯᠢ ᠶᠣᠰᠣᠭᠠᠷ ᠬᠢᠨᠠᠨ ᠬᠠᠷᠭᠤᠭᠤᠯᠵᠤ᠂ ᠮᠡᠳᠡᠭᠦᠯᠦᠨ | ᠵᠥᠪᠰᠢᠶᠡᠷᠡᠭᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠰᠣᠯᠢᠯᠴᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠣᠰᠬᠤᠨ ᠪᠠᠯᠭᠠᠰᠤ ᠶᠢᠨ ᠪᠥᠳᠥᠭᠡᠨ ᠪᠠᠶᠢᠭᠤᠯᠤᠯᠲᠠ ᠶᠢᠨ ᠠᠵᠢᠯ ᠢ | ᠵᠢᠯᠣᠭᠤᠳᠴᠤ᠂ ᠠᠶᠢᠯ ᠲᠣᠰᠬᠤᠨ ᠪᠣᠯᠤᠨ ᠵᠢᠵᠢᠭ ᠬᠤᠲᠠ ᠪᠠᠯᠭᠠᠰᠤ ᠶᠢᠨ ᠪᠥᠳᠥᠭᠡᠨ ᠪᠠᠶᠢᠭᠤᠯᠤᠯᠲᠠ ᠶᠢᠨ | ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠤᠨ᠎ᠠ᠃ ᠭᠠᠵᠠᠷ ᠰᠢᠷᠣᠶ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠯᠲᠠ ᠶᠢᠨ | ᠲᠥᠯᠥᠪᠯᠡᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠪᠥᠭᠡᠳ ᠬᠡᠷᠡᠭᠵᠢᠭᠦᠯᠦᠨ᠎ᠡ᠃ ᠪᠥᠬᠦ | ᠬᠤᠰᠢᠭᠤᠨ ᠤ ᠭᠠᠵᠠᠷ ᠰᠢᠷᠣᠶ ᠵᠡᠷᠭᠡ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ | ᠰᠢᠯᠵᠢᠭᠦᠯᠦᠨ ᠬᠡᠷᠡᠭᠯᠡᠬᠦ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠥᠬᠦ | ᠬᠤᠰᠢᠭᠤᠨ ᠤ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ︵ᠨᠠᠢᠮᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢᠨ ᠰᠡᠷᠭᠦᠭᠡᠯᠲᠡ ᠶᠢ | ᠨᠢᠭᠡᠳᠦᠯᠲᠡᠶ ᠲᠦᠯᠤᠪᠯᠡᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ | ᠬᠠᠮᠲᠤ ᠬᠠᠮᠢᠶ᠎ᠠ ᠪᠦᠬᠦᠢ ᠠᠮᠢ ᠠᠬᠤᠶ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ | ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ | ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠲᠢᠭᠯᠡᠵᠦ ᠲᠠᠬᠢᠨ ᠬᠠᠭᠠᠯᠪᠤᠷᠢᠯᠠᠬᠤ᠂ | ᠠᠭᠤᠷᠬᠠᠶ ᠶᠢᠨ ᠭᠠᠵᠠᠷ ᠤᠨ ᠣᠷᠴᠢᠨ ᠠᠬᠤᠶ ᠶᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠬᠡᠷᠡᠭᠵᠢᠭᠦᠯᠵᠦ᠂ | ᠨᠡᠶᠢᠭᠡᠮ ᠤᠨ ᠪᠠᠯᠠ ᠮᠥᠩᠭᠦ ᠶᠢ ᠵᠦᠶ ᠵᠣᠬᠢᠰᠲᠠᠶ ᠠᠰᠢᠭᠯᠠᠨ ᠠᠮᠢ ᠠᠬᠤᠶ ᠶᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠣᠭᠲᠠᠭᠠᠵᠤ᠂ ᠰᠣᠩᠭᠤᠭᠤᠯᠢ ᠳᠤ ᠪᠡᠯᠡᠳᠬᠡᠬᠦ ᠲᠥᠷᠥᠯ ᠵᠤᠶᠢᠯ ᠢ ᠳᠤᠷᠠᠳᠤᠨ ᠭᠠᠷᠭᠠᠨ᠎ᠠ᠃ | ︵ᠶᠢᠰᠦ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠠᠷᠢᠭᠤᠴᠠᠨ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠦᠷᠦᠭᠦᠯᠡᠨ | ᠬᠡᠷᠡᠭᠵᠢᠭᠦᠯᠵᠦ᠂ ᠪᠥᠬᠦ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭᠠᠲᠤ ᠬᠠᠷᠠᠯᠲᠠ ᠶᠢᠨ | ᠬᠢᠨᠠᠨ ᠰᠢᠯᠭᠠᠯᠲᠠ ᠪᠠ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠪᠠᠶᠢᠭᠤᠯᠤᠨ᠎ᠠ᠃ | ᠪᠥᠬᠦ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭᠠᠳᠤ ᠬᠠᠷᠠᠯᠲᠠ ᠶᠢᠨ ᠬᠢᠨᠠᠨ | ᠰᠢᠯᠭᠠᠯᠲᠠ ᠪᠠ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ | ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠥᠷᠢ ᠥᠭᠬᠦ ᠲᠦᠷᠢᠮ ᠢ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠨ᠎ᠠ᠃ | ︵ᠠᠷᠪᠠ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠠ ᠭᠠᠵᠠᠷ ᠰᠢᠨᠵᠢᠯᠡᠭᠡᠨ ᠤ | ᠠᠵᠢᠯ ᠢ ᠬᠠᠷᠢᠭᠤᠴᠠᠨ ᠬᠠᠮᠢᠶᠠᠷᠤᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠥᠬᠦ | ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠤᠶᠢᠯ ᠢ ᠬᠢᠨᠠᠨ ᠪᠠᠶᠢᠴᠠᠭᠠᠯᠳᠠ ᠬᠢᠨ᠎ᠠ᠃ | ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠤᠶᠢᠯ ᠢ ᠬᠢᠨᠠᠨ ᠬᠠᠮᠢᠶᠠᠷᠤᠨ᠎ᠠ᠃ ᠪᠥᠬᠦ | ᠬᠤᠰᠢᠭᠤᠨ ᠤ ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ ᠤ ᠪᠠᠶᠢᠴᠠᠭᠠᠯᠲᠠ | ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠬᠤ | ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠬᠦ ᠪᠠ | ᠵᠠᠰᠠᠬᠤ ᠶᠢ ᠬᠠᠷᠢᠭᠤᠴᠠᠵᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠨᠡᠭᠡᠭᠡᠨ ᠠᠰᠢᠭᠯᠠᠭᠰᠠᠨ ᠵᠢᠴᠢ ᠭᠠᠵᠠᠷ ᠤᠨ | ᠭᠠᠳᠠᠷᠭᠤ ᠶᠢᠨ ᠰᠠᠭᠤᠭᠳᠠᠯ ᠢ ᠪᠣᠶ ᠪᠣᠯᠭᠠᠭᠰᠠᠨ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃ | ᠪᠥᠬᠦ ᠬᠤᠰᠢᠭᠤᠨ ᠤ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | | ︵ᠠᠷᠪᠠᠨ ᠨᠢᠭᠡ︶ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠤᠩᠬᠡᠢ ᠲᠥᠯᠥᠪᠵᠢᠭᠦᠯᠭᠡ ᠶᠢᠨ | ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠭᠠᠵᠠᠷ | ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠶ | ᠭᠠᠮᠰᠢᠭ ᠢ ᠪᠠᠶᠢᠴᠠᠭᠠᠨ ᠦᠨᠡᠯᠡᠬᠦ ᠵᠢᠴᠢ ᠬᠡᠮ ᠰᠣᠭᠤᠭ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ | ᠬᠤᠰᠢᠭᠤᠨ ᠤ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠮᠡᠷᠭᠡᠵᠢᠯ ᠤᠨ ᠬᠢᠨᠠᠨ | ᠬᠡᠮᠵᠢᠯᠲᠡ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠵᠢᠴᠢ ᠭᠠᠵᠠᠷ ᠰᠢᠨᠵᠢᠯᠡᠭᠡᠨ | ᠤ ᠭᠠᠶ ᠭᠠᠮᠰᠢᠭ ᠤᠨ ᠢᠨᠵᠧᠨᠧᠷᠢᠩ ᠤᠨ ᠵᠠᠰᠠᠯᠲᠠ ᠶᠢᠨ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ ᠪᠥᠬᠦ | ᠬᠤᠰᠢᠭᠤᠨ ᠤ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠢᠶᠠᠷᠬᠤ ᠠᠵᠢᠯ ᠢ ᠬᠠᠷᠢᠭᠤᠴᠠᠨ᠎ᠠ | ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠢᠴᠢ ᠳᠠᠷᠤᠵᠤ | ᠪᠦᠷᠬᠦᠭᠰᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠠᠶᠢᠴᠠᠭᠠᠨ ᠯᠠᠪᠯᠠᠬᠤ ᠪᠠ ᠬᠢᠨᠠᠨ ᠵᠦᠪᠰᠢᠶᠡᠷᠡᠬᠦ ᠶᠢ | ᠬᠠᠷᠢᠭᠤᠴᠠᠨ᠎ᠠ᠃ ᠪᠥᠬᠦ ᠬᠤᠰᠢᠭᠤᠨ ᠤ ᠠᠭᠤᠷᠬᠠᠶ ᠶᠢᠨ ᠤᠶᠢᠯᠡᠰ ᠤᠨ ᠡᠷᠬᠡ ᠶᠢᠨ ᠬᠢᠨᠠᠯᠲᠠ ᠬᠠᠮᠢᠶᠠᠷᠤᠯᠲᠠ ᠶᠢ | ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ | ᠲᠣᠭᠲᠠᠭᠠᠭᠰᠠᠨ ᠠᠭᠤᠷᠬᠠᠶ ᠶᠢᠨ ᠲᠥᠷᠥᠯ ᠵᠦᠢᠯ᠂ ᠳᠠᠪᠠᠭᠤᠯᠢᠭ ᠠᠭᠤᠷᠬᠠᠶ ᠶᠢᠨ ᠭᠠᠷᠤᠯᠲᠠ ᠶᠢ ᠲᠣᠬᠢᠷᠠᠭᠤᠯᠤᠨ | ᠡᠵᠡᠮᠳᠡᠬᠦ ᠵᠢᠴᠢ ᠬᠤᠯᠪᠣᠭᠳᠠᠯ ᠪᠥᠬᠦᠢ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠶᠢ ᠬᠢᠨᠠᠨ ᠵᠢᠯᠣᠭᠤᠳᠤᠨ᠎ᠠ | ᠃ | ︵ᠠᠷᠪᠠᠨ ᠭᠤᠷᠪᠠ︶ ᠬᠡᠮᠵᠢᠨ ᠵᠢᠷᠤᠬᠤ ᠭᠠᠵᠠᠷ ᠵᠦᠢ ᠶᠢᠨ ᠰᠤᠷᠠᠭ ᠵᠠᠩᠭᠢ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠪᠥᠬᠦ ᠬᠤᠰᠢᠭᠤᠨ ᠤ ᠰᠠᠭᠤᠷᠢ ᠬᠡᠮᠵᠢᠨ ᠵᠢᠷᠤᠭᠯᠠᠯᠲᠠ ᠪᠠ ᠬᠡᠮᠵᠢᠨ ᠵᠢᠷᠤᠭᠯᠠᠯᠲᠠ ᠶᠢᠨ ᠠᠵᠢᠯ | ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠬᠡᠮᠵᠢᠨ ᠵᠢᠷᠤᠬᠤ ᠬᠢᠷᠢ ᠬᠡᠮ ᠬᠢᠭᠡᠳ | ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠵᠠᠷ ᠵᠦᠶ ᠶᠢᠨ ᠰᠤᠷᠠᠭ ᠵᠠᠩᠭᠢ ᠶᠢᠨ | ᠤᠯᠠᠨ ᠨᠡᠶᠢᠳᠡ ᠶᠢᠨ ᠤᠶᠢᠯᠡᠴᠢᠯᠡᠭᠡᠨ ᠤ ᠬᠠᠮᠢᠶᠠᠷᠤᠯᠳᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠷᠢᠶᠠᠲᠤ | ᠣᠷᠣᠨ ᠤ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃ | ︵ᠠᠷᠪᠠᠨ ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠭᠵᠢᠯᠳᠡ ᠪᠠ ᠴᠢᠳᠠᠪᠤᠷᠢᠲᠠᠨ ᠢ | ᠬᠥᠮᠦᠵᠢᠭᠦᠯᠬᠦ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ | ᠮᠡᠷᠭᠡᠵᠢᠯ ᠤᠨ ᠪᠠᠷᠢᠮᠵᠢᠶ᠎ᠠ᠂ ᠲᠦᠷᠢᠮ ᠤᠨ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ | ᠬᠤᠰᠢᠭᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ | ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ | ᠮᠡᠳᠡᠭᠡ ᠵᠠᠩᠭᠢᠵᠢᠯᠲᠠ ᠪᠠ ᠰᠤᠷᠠᠭ ᠵᠠᠩᠭᠢ ᠶᠢᠨ ᠮᠠᠲ᠋ᠧᠷᠢᠶᠠᠯ ᠤᠨ ᠣᠯᠠᠨ ᠨᠡᠶᠢᠲᠡ ᠶᠢᠨ ᠤᠶᠢᠯᠡᠴᠢᠯᠡᠭᠡ ᠶᠢ | ᠠᠬᠢᠭᠤᠯᠤᠨ᠎ᠠ᠃ | ︵ᠠᠷᠪᠠᠨ ᠲᠠᠪᠤ︶ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠤᠷᠢᠳᠤ ᠪᠣᠳᠣᠯᠭ᠎ᠠ ᠶᠢᠨ | ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠱᠠᠯᠠᠪᠳᠠᠭᠤᠯᠤᠨ | ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ | ᠵᠢᠷᠤᠭᠯᠠᠯᠲᠠ ᠶᠢᠨ ᠬᠦᠨᠳᠦ ᠶᠡᠭᠡ ᠬᠠᠤᠯᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠤᠷᠢᠯᠡᠬᠦ ᠶᠢ ᠵᠢᠯᠣᠭᠤᠳᠤᠨ | ᠬᠠᠮᠵᠢᠯᠴᠠᠨ᠎ᠠ᠃ ᠰᠤᠮᠤ ᠰᠢᠶᠠᠩ ᠤᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠣᠯᠭᠤᠯᠲᠠ ᠶᠢᠨ ᠨᠠᠶᠢᠳᠠᠯᠭ᠎ᠠ ᠶᠢ ᠦᠨᠳᠦᠰᠦᠯᠡᠨ ᠪᠥᠬᠦ | ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ | ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ | ︵ᠠᠷᠪᠠᠨ ᠵᠢᠷᠭᠤᠭ᠎ᠠ︶ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠳᠤ ᠠᠶᠤᠯᠭᠦᠶ ᠤᠶᠢᠯᠡᠳᠪᠤᠷᠢᠯᠠᠯ ᠤᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ | ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠥᠬᠦᠶ ᠠᠶᠤᠯᠭᠦᠶ ᠤᠶᠢᠯᠡᠳᠪᠤᠷᠢᠯᠠᠯ ᠤᠨ ᠠᠵᠢᠯ ᠢ | ᠬᠠᠷᠢᠭᠤᠴᠠᠨ᠎ᠠ᠃ | ︵ᠠᠷᠪᠠᠨ ᠳᠣᠯᠤᠭ᠎ᠠ︶ ᠵᠠᠯᠠᠶᠢᠳ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ | ᠨᠢᠭᠡᠳᠦᠯᠲᠡᠶ ᠬᠠᠮᠢᠶᠠᠷᠬᠤ ᠪᠠ ᠵᠣᠬᠢᠴᠠᠭᠤᠯᠤᠨ᠎ᠠ᠃ | ︵ᠠᠷᠪᠠᠨ ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠ ᠶᠢᠰᠦ︶ ᠡᠭᠦᠷᠭᠡ ᠴᠢᠳᠠᠪᠤᠷᠢ ᠶᠢ ᠬᠤᠪᠢᠷᠠᠭᠤᠯᠤᠨ᠎ᠠ᠃ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠨᠢ ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠪᠥᠬᠦ ᠠᠷᠠᠳ ᠤᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ | ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ᠂ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠶ ᠶᠢ ᠰᠡᠷᠭᠦᠭᠡᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ | ᠨᠢᠭᠡᠳᠦᠯᠲᠡᠶ ᠬᠡᠷᠡᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠤᠶᠢᠯᠡᠳᠤᠯ ᠢ ᠪᠠᠳᠠᠷᠠᠭᠤᠯᠵᠤ᠂ ᠪᠠᠶᠢᠭᠠᠯᠢ ᠶᠢᠨ ᠡᠬᠢ | ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ | ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠶᠢ | ᠤᠯᠠᠮ ᠨᠢᠭᠡ ᠠᠯᠬᠤᠮ ᠴᠢᠩᠭᠠᠳᠬᠠᠵᠤ᠂ ᠡᠬᠢ ᠰᠤᠷᠪᠤᠯᠵᠢ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠶᠢ ᠰᠡᠷᠭᠦᠭᠡᠨ | ᠵᠠᠰᠠᠬᠤ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ | ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠪᠠᠷ ᠰᠡᠷᠭᠦᠭᠡᠨ ᠵᠠᠰᠠᠬᠤ᠂ ᠶᠡᠷᠦᠩᠬᠡᠶᠢᠯᠡᠨ ᠵᠠᠰᠠᠬᠤ ᠶᠢ | ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠬᠤ ᠲᠦᠷᠢᠮ ᠠᠷᠭ᠎ᠠ ᠬᠡᠮᠵᠢᠶ᠎ᠡ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠲᠦᠯᠬᠢᠨ | ᠠᠬᠢᠭᠤᠯᠤᠨ᠎ᠠ᠃ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠤᠶᠢᠯᠡᠰ ᠢ ᠤᠯᠠᠮ ᠨᠢᠭᠡ ᠠᠯᠬᠤᠮ | ᠴᠣᠮᠬᠠᠳᠬᠠᠨ ᠳᠣᠷᠣᠭᠰᠢ ᠪᠠᠭᠤᠯᠭᠠᠵᠤ᠂ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠪᠠᠶᠢᠭᠠᠯᠢ ᠶᠢᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠲᠦᠷᠢᠮ᠂ ᠪᠠᠷᠢᠮᠵᠢᠶ᠎ᠠ᠂ ᠲᠦᠷᠢᠮ ᠤᠨ ᠬᠢᠵᠠᠭᠠᠷᠯᠠᠬᠤ ᠴᠢᠨᠠᠷᠲᠠᠶ ᠤᠶᠢᠯᠡᠳᠤᠯ ᠢ | ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠪᠠ ᠦᠨᠡᠯᠡᠨ | ᠵᠢᠱᠢᠬᠦ ᠵᠡᠷᠭᠡ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠤᠨ᠎ᠠ᠃ |