ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ | ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ | ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ | ᠪᠠᠳᠤᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠪᠠ | ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠤᠯᠤᠰ ᠤᠨ ᠬᠠᠤᠯᠢ ᠴᠠᠭᠠᠵᠠ ᠲᠦᠷᠢᠮ ᠲᠣᠭᠲᠠᠭᠠᠯ ᠢ | ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠲᠤᠭᠤᠷᠪᠢᠵᠤ᠂ ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠴᠢᠬᠤᠯᠠ ᠭᠤᠤᠯ ᠮᠥᠷᠡᠨ | ᠨᠠᠭᠤᠷ ᠴᠥᠭᠦᠷᠥᠮ ᠤᠨ ᠰᠠᠪᠠ ᠭᠠᠵᠠᠷ ᠤᠨ ᠶᠡᠷᠤᠩᠬᠡᠢ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ | ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠨ᠎ᠠ᠃ | ︵ᠬᠤᠶᠠᠷ︶ ᠠᠮᠢᠳᠤᠷᠠᠯ᠂ ᠤᠶᠢᠯᠡᠳᠪᠤᠷᠢᠯᠠᠯ ᠡᠵᠡᠩᠨᠡᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠤ | ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ | ᠪᠠᠶᠠᠯᠢᠭ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠥᠬᠦ ᠬᠤᠰᠢᠭᠤ ᠪᠣᠯᠤᠨ ᠰᠤᠮᠤ ᠰᠢᠶᠠᠩ | ᠪᠠᠯᠭᠠᠰᠤ ︵ᠲᠠᠯᠠᠪᠠᠶ︶ ᠠᠯᠤᠰᠯᠠᠭᠰᠠᠨ ᠤᠰᠤᠨ ᠤ ᠣᠷᠳᠣ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ | ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ | ᠬᠠᠮᠲᠤ ᠬᠢᠨᠠᠯᠲᠠ ᠳᠡᠯᠪᠢᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠴᠢᠬᠤᠯᠠ ᠰᠠᠪᠠ ᠭᠠᠵᠠᠷ᠂ ᠣᠷᠣᠨ ᠪᠦᠰᠡ | ᠵᠢᠴᠢ ᠴᠢᠬᠤᠯᠠ ᠶᠡᠭᠡ ᠤᠰᠤ ᠲᠤᠬᠢᠷᠠᠭᠤᠯᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠠᠪᠬᠤ ᠶᠢ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠤᠨ | ᠨᠤᠳᠠᠯᠠᠯᠳᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠲᠦᠷᠢᠮ ᠤᠨ ᠠᠵᠢᠯ ᠢ ᠬᠠᠷᠢᠭᠤᠴᠠᠵᠤ᠂ ᠤᠰᠤᠨ ᠤ ᠡᠬᠢ | ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠤᠮᠤ ᠰᠢᠶᠠᠩ ᠪᠠᠯᠭᠠᠰᠤ ᠲᠠᠯᠠᠪᠠᠶ ᠶᠢᠨ ᠤᠰᠤ | ᠬᠠᠩᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠭᠤᠷᠪᠠ︶ ᠲᠣᠭᠲᠠᠭᠠᠯ ᠶᠣᠰᠣᠭᠠᠷ ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ᠂ | ᠴᠢᠭᠯᠡᠯ᠂ ᠪᠣᠳᠠᠲᠠᠶ ᠳᠣᠭᠢᠷᠠᠭᠤᠯᠤᠨ ᠪᠥᠲᠥᠭᠡᠨ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠵᠢᠯᠣᠭᠤᠳᠤᠨ | ᠬᠡᠷᠡᠭᠵᠢᠭᠦᠯᠬᠦ ᠶᠢ ᠲᠤᠷᠠᠳᠴᠤ᠂ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠤᠯᠤᠰ᠂ ᠥᠪᠡᠷᠲᠡᠭᠡᠨ | ᠵᠠᠰᠠᠬᠤ ᠣᠷᠣᠨ ᠪᠠ ᠬᠢᠩᠭᠠᠨ ᠠᠶᠢᠮᠠᠭ ᠤᠨ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ | ᠬᠡᠪᠴᠢᠶᠡᠨ ᠳᠠᠬᠢ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ | ᠵᠤᠶᠢᠯ ᠢ ᠬᠢᠨᠠᠨ ᠵᠥᠪᠰᠢᠶᠡᠷᠡᠬᠦ᠂ ᠪᠠᠳᠤᠯᠠᠬᠤ᠂ ᠳᠠᠬᠢᠨ ᠬᠢᠨᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠤᠰᠤᠨ | ᠠᠰᠢᠭᠯᠠᠯᠲᠠ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠥᠷᠥᠯ | ᠵᠤᠶᠢᠯ ᠤᠨ ᠬᠡᠷᠡᠭᠵᠢᠭᠦᠯᠦᠯᠲᠡ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠥᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠤᠰᠤᠨ ᠤ ᠡᠬᠢ | ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠣᠷᠠᠬᠢ | ᠤᠰᠤᠨ ᠤ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠬᠡᠷᠡᠭᠵᠢᠭᠦᠯᠦᠨ᠎ᠡ | ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠶᠡᠷᠤᠩᠬᠡᠢ ᠵᠠᠰᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠲᠠᠪᠤ︶ ᠤᠰᠤ ᠠᠷᠪᠢᠯᠠᠵᠤ ᠬᠡᠷᠡᠭᠯᠡᠬᠦ ᠠᠵᠢᠯ ᠢ ᠬᠠᠷᠢᠭᠤᠴᠠᠨ᠎ᠠ᠃ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠤᠰᠤ ᠶᠢ ᠠᠷᠪᠢᠯᠠᠵᠤ ᠬᠡᠷᠡᠭᠯᠡᠬᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠤᠰᠤ ᠶᠢ | ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ | ᠲᠠᠯᠪᠢᠵᠤ ᠬᠡᠷᠡᠭᠵᠢᠭᠦᠯᠦᠨ᠎ᠡ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ | ᠲᠥᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠳᠤᠭᠡᠨ | ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠬᠤ ᠪᠠ ᠲᠥᠯᠬᠢᠨ ᠠᠬᠢᠭᠤᠯᠤᠨ᠎ᠠ᠃ | ︵ᠵᠢᠷᠭᠤᠭ᠎ᠠ︶ ᠤᠰᠤᠨ ᠠᠰᠢᠭᠯᠠᠯᠲᠠ ᠶᠢᠨ ᠲᠦᠬᠦᠭᠡᠷᠤᠮᠵᠢ᠂ ᠤᠰᠤᠨ ᠣᠷᠣᠨ ᠬᠢᠭᠡᠳ ᠡᠷᠭᠢ ᠶᠢᠨ ᠱᠤᠭᠤᠮ | ᠢ ᠬᠠᠮᠢᠶᠠᠷᠬᠤ᠂ ᠬᠠᠮᠠᠭᠠᠯᠠᠬᠤ ᠪᠠ ᠶᠡᠷᠤᠩᠬᠡᠢ ᠠᠰᠢᠭᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠤᠰᠤᠨ | ᠠᠰᠢᠭᠯᠠᠯᠲᠠ ᠶᠢᠨ ᠰᠠᠭᠤᠷᠢ ᠲᠦᠬᠦᠭᠡᠷᠤᠮᠵᠢ ᠶᠢᠨ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠵᠣᠬᠢᠶᠠᠨ | ᠪᠠᠶᠢᠭᠤᠯᠤᠨ ᠬᠡᠷᠡᠭᠵᠢᠬᠦᠯᠤᠨ᠎ᠠ᠃ ᠪᠦᠭᠦ ᠬᠤᠰᠢᠭᠤᠨ ᠤ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠢ ᠵᠠᠰᠠᠬᠤ᠂ | ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠭᠤᠤᠯ ᠮᠦᠷᠡᠨ ᠨᠠᠭᠤᠷ | ᠴᠦᠬᠦᠷᠤᠮ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠭᠤᠤᠯ ᠮᠦᠷᠡᠨ ᠨᠠᠭᠤᠷ ᠴᠦᠬᠦᠷᠤᠮ ᠤᠨ ᠠᠮᠢ | ᠠᠬᠤᠶ ᠶᠢᠨ ᠤᠷᠤᠰᠬᠠᠯ ᠤᠨ ᠬᠡᠮᠵᠢᠶ᠎ᠡ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠤᠯ ᠮᠦᠷᠡᠨ ᠨᠠᠭᠤᠷ | ᠴᠦᠬᠦᠷᠤᠮ ᠤᠨ ᠤᠰᠤᠨ ᠤ ᠰᠢᠰᠲ᠋ᠧᠮ ᠢ ᠬᠤᠯᠪᠣᠬᠤ ᠠᠵᠢᠯ ᠢ ᠬᠠᠷᠢᠭᠤᠴᠠᠨ᠎ᠠ᠃ | ︵ᠲᠤᠯᠤᠭ᠎ᠠ︶ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ᠂ ᠬᠢᠨᠠᠯᠲᠠ | ᠲᠠᠯᠪᠢᠬᠤ ᠪᠠ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠡᠵᠡᠮᠳᠡᠯ ᠤᠨ ᠴᠢᠨᠠᠷᠲᠠᠶ | ᠪᠠ ᠰᠤᠮᠤ ᠰᠢᠶᠠᠩ ᠪᠠᠯᠭᠠᠰᠤ ︵ᠲᠠᠯᠠᠪᠠᠶ︶ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ | ᠬᠤᠰᠢᠭᠤᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ | ᠢᠨᠵᠧᠨᠧᠷᠢᠩ ᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ | ︵ᠨᠠᠢᠮᠠ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ | ᠰᠢᠷᠣᠶ ᠶᠢᠨ ᠢᠳᠡᠭᠳᠡᠯ ᠢ ᠶᠡᠷᠤᠩᠬᠡᠢ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ ᠪᠥᠬᠦ | ᠬᠤᠰᠢᠭᠤᠨ ᠤ ᠲᠥᠷᠥᠯ ᠵᠤᠶᠢᠯ ᠲᠣᠭᠲᠠᠭᠠᠭᠰᠠᠨ ᠤᠶᠢᠯᠡᠳᠪᠤᠷᠢᠯᠠᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ | ᠤᠨ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠥᠷᠥᠰᠥ | ᠰᠢᠷᠣᠶ ᠶᠢ ᠬᠠᠮᠠᠭᠠᠯᠠᠬᠤ ᠭᠤᠣᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠵᠤᠬᠢᠶᠠᠨ | ᠪᠠᠶᠢᠭᠤᠯᠤᠨ ᠬᠡᠷᠡᠭᠵᠢᠬᠦᠯᠤᠨ᠎ᠠ᠃ | ︵ᠶᠢᠰᠦ︶ ᠬᠦᠳᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠪᠥᠬᠦ ᠬᠤᠰᠢᠭᠤᠨ ᠤ ᠤᠰᠤᠯᠠᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠴᠤ᠂ ᠲᠣᠮᠣ ᠳᠤᠮᠳᠠ ᠬᠡᠯᠪᠡᠷᠢ ᠶᠢᠨ ᠰᠠᠭᠠᠳ ᠦᠭᠡᠢ ᠤᠰᠤᠯᠠᠬᠤ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠥᠷᠨᠢᠭᠦᠯᠦᠨ᠎ᠡ᠃ ᠬᠦᠳᠡᠭᠡ ᠲᠤᠰᠬᠤᠨ ᠮᠠᠯᠵᠢᠬᠤ ᠣᠷᠣᠨ ᠤ | ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠥᠬᠦᠢ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠦᠳᠡᠭᠡ ᠲᠤᠰᠬᠤᠨ ᠮᠠᠯᠵᠢᠬᠤ ᠣᠷᠣᠨ ᠤ ᠤᠰᠤᠨ ᠤ ᠡᠨᠧᠷᠭᠢ | ᠶᠢᠨ ᠡᠬᠢ ᠪᠠᠶᠠᠯᠢᠭ ᠢ ᠨᠡᠭᠡᠭᠡᠬᠦ᠂ ᠵᠢᠵᠢᠭ ᠤᠰᠤᠨ ᠴᠠᠬᠢᠯᠭᠠᠨ ᠤ ᠥᠭᠡᠷᠡᠴᠢᠯᠡᠯᠲᠡ ᠪᠣᠯᠤᠨ ᠤᠰᠤᠨ ᠴᠠᠬᠢᠯᠭᠠᠨ ᠤ | ᠬᠥᠳᠡᠭᠡ ᠲᠣᠰᠬᠤᠨ ᠤ ᠴᠠᠬᠢᠯᠭᠠᠨᠵᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ᠠᠷᠪᠠ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠪᠦᠭᠦ ᠬᠤᠰᠢᠭᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠬᠦ | ᠬᠤᠯᠪᠣᠭᠳᠠᠯ ᠪᠦᠭᠦᠢ ᠲᠦᠷᠤ ᠶᠢᠨ ᠪᠤᠲᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠨ ᠲᠥᠪᠬᠢᠨᠡᠭᠦᠯᠬᠦ ᠶᠢ ᠰᠢᠯᠭᠠᠨ | ᠠᠪᠬᠤ᠂ ᠬᠢᠨᠠᠯᠲᠠ ᠲᠠᠯᠪᠢᠨ ᠦᠨᠡᠯᠡᠬᠦ ᠵᠡᠷᠭᠡ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠴᠠᠭᠤᠯᠬᠤ᠂ ᠬᠥᠨᠳᠡᠯᠡᠨ ᠠᠴᠠ | ᠲᠠᠰᠤᠯᠬᠤ ᠶᠢ ᠬᠠᠷᠢᠭᠤᠴᠠᠵᠤ᠂ ᠤᠰᠤ ᠲᠠᠢ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ | ᠰᠢᠢᠳᠪᠤᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠰᠤᠨ | ᠠᠰᠢᠭᠯᠠᠯᠲᠠ ᠶᠢᠨ ᠠᠵᠢᠯ ᠲᠦᠷᠦᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠤ | ᠂ ᠴᠥᠭᠦᠷᠥᠮ᠂ ᠤᠰᠤᠨ ᠴᠠᠬᠢᠯᠭᠠᠨ ᠤ ᠦᠷᠳᠡᠭᠡ ᠶᠢᠨ ᠶᠡᠭᠡ ᠬᠠᠰᠢᠯᠭ᠎ᠠ᠂ ᠬᠥᠳᠡᠭᠡ ᠲᠣᠰᠬᠤᠨ ᠤ ᠤᠰᠤᠨ | ᠴᠠᠬᠢᠯᠭᠠᠨ ᠤ ᠦᠷᠳᠡᠭᠡ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠬᠤᠶᠠᠷ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠬᠢᠯᠢ ᠠᠯᠤᠰᠯᠠᠭᠰᠠᠨ | ᠭᠤᠤᠯ ᠮᠥᠷᠡᠨ ᠤ ᠠᠵᠢᠯ ᠢ ᠥᠷᠨᠢᠭᠦᠯᠦᠨ᠎ᠡ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ | ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ᠂ ᠲᠦᠷᠢᠮ ᠤᠨ ᠵᠢᠷᠤᠮᠵᠢᠯ ᠢ ᠬᠢᠨᠠᠮᠠᠭᠠᠶ | ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ | ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃ ᠡᠷᠬᠡ ᠣᠯᠭᠤᠭᠰᠠᠨ ᠶᠣᠰᠣᠭᠠᠷ ᠬᠢᠯᠢ ᠠᠯᠤᠰᠯᠠᠭᠰᠠᠨ ᠭᠤᠤᠯ | ᠮᠥᠷᠡᠨ ᠤ ᠬᠤᠯᠪᠣᠭᠳᠠᠯ ᠪᠥᠬᠦᠶ ᠬᠢᠯᠢ ᠠᠯᠤᠰᠯᠠᠭᠰᠠᠨ ᠬᠡᠷᠡᠭ ᠶᠠᠪᠤᠳᠠᠯ ᠢ ᠭᠦᠢᠴᠡᠳᠭᠡᠨ᠎ᠡ᠃ | ︵ᠠᠷᠪᠠᠨ ᠭᠤᠷᠪᠠ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠤᠩᠬᠡᠢ ᠲᠥᠯᠥᠪᠵᠢᠭᠦᠯᠭᠡ ᠶᠢᠨ | ᠬᠤᠯᠪᠤᠭᠳᠠᠯ ᠪᠥᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠦᠶᠡᠷ ᠤᠨ ᠤᠰᠤ ᠭᠠᠩ | ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠰᠤᠨ ᠤ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠴᠢᠬᠤᠯᠠ ᠭᠤᠣᠯ ᠮᠥᠷᠡᠨ ᠪᠣᠯᠤᠨ | ᠴᠢᠬᠤᠯᠠ ᠤᠰᠤᠨ ᠤ ᠢᠨᠵᠧᠨᠧᠷᠢᠩ ᠤᠨ ᠦᠶᠡᠷ ᠤᠨ ᠤᠰᠤ ᠶᠢ ᠰᠡᠷᠭᠡᠶᠢᠯᠡᠨ ᠭᠠᠩ ᠭᠠᠮᠰᠢᠭ ᠲᠠᠢ ᠲᠡᠮᠡᠴᠡᠬᠦ | ᠲᠤᠬᠢᠷᠠᠭᠤᠯᠤᠯᠳᠠ ᠵᠢᠴᠢ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ | ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠡᠷ ᠤᠨ ᠤᠰᠤ ᠶᠢ ᠰᠡᠷᠭᠡᠶᠢᠯᠡᠨ | ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | | ︵ᠠᠷᠪᠠᠨ ᠳᠥᠷᠪᠡ︶ ᠪᠥᠬᠦ ᠬᠤᠰᠢᠭᠤᠨ ᠤ ᠭᠤᠤᠯ ᠮᠦᠷᠡᠨ ᠨᠠᠭᠤᠷ ᠴᠦᠬᠦᠷᠤᠮ ᠤᠨ ᠳᠠᠷᠤᠭ᠎ᠠ ᠶᠢᠨ | ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ᠭᠤᠤᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ | ᠳᠣᠭᠢᠷᠠᠭᠤᠯᠤᠨ ᠬᠢᠨᠠᠨ ᠵᠢᠯᠣᠭᠤᠳᠬᠤ᠂ ᠪᠠᠶᠢᠴᠠᠭᠠᠵᠤ ᠰᠢᠯᠭᠠᠨ ᠬᠢᠨᠠᠬᠤ ᠶᠢ ᠬᠠᠷᠢᠭᠤᠴᠠᠵᠤ᠂ ᠬᠤᠰᠢᠭᠤᠨ ᠤ | ᠶᠡᠷᠦᠩᠬᠡᠶ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ᠂ ᠳᠡᠳ᠋ ᠶᠡᠷᠦᠩᠬᠡᠶ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠵᠢᠴᠢ ᠬᠤᠰᠢᠭᠤᠨ ᠲᠠᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠲᠣᠭᠲᠠᠭᠠᠭᠰᠠᠨ ᠵᠤᠶᠢᠯᠡᠰ ᠢ ᠨᠠᠶᠢᠳᠠᠪᠤᠷᠢᠵᠢᠭᠤᠯᠤᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ | ᠰᠠᠯᠠᠭ᠎ᠠ ᠮᠥᠴᠢᠷ ᠲᠠᠢ ᠵᠣᠬᠢᠴᠠᠭᠤᠯᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ | ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃ | ︵ᠠᠷᠪᠠᠨ ᠲᠠᠪᠤ︶ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠣᠯᠭᠤᠭᠰᠠᠨ ᠡᠷᠬᠡ | ᠮᠡᠳᠡᠯ ᠤᠨ ᠬᠡᠪᠴᠢᠶ᠎ᠡ ᠶᠣᠰᠣᠭᠠᠷ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ | ᠨᠤᠲᠠᠯᠠᠯᠲᠠ᠂ ᠵᠠᠰᠠᠭ ᠵᠠᠬᠢᠷᠭᠠᠨ ᠤ ᠱᠠᠩᠨᠠᠯ᠂ ᠵᠠᠰᠠᠭ ᠵᠠᠬᠢᠷᠭᠠᠨ ᠤ ᠲᠠᠲᠠᠪᠤᠷᠢᠯᠠᠯᠲᠠ ᠵᠡᠷᠭᠡ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠠᠷᠢᠭᠤᠴᠠᠨ ᠬᠡᠷᠡᠭᠵᠢᠭᠦᠯᠦᠨ᠎ᠡ᠃ | ︵ᠠᠷᠪᠠᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |