︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ | ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ | ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠶᠤᠯᠭᠦᠶ | ᠤᠶᠢᠯᠡᠳᠪᠤᠷᠢᠯᠠᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ | ᠠᠷᠭᠠᠴᠠᠭᠠᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠢ | ᠵᠢᠯᠣᠭᠤᠳᠴᠤ᠂ ᠠᠶᠤᠯᠭᠦᠶ ᠤᠶᠢᠯᠡᠳᠪᠤᠷᠢᠯᠠᠯ ᠤᠨ ᠶᠡᠷᠤᠩᠬᠡᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠬᠠᠮᠢᠶ᠎ᠠ ᠪᠥᠬᠦᠶ ᠤᠶᠢᠯᠡᠳᠪᠤᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯᠭᠦᠶ | ᠤᠶᠢᠯᠡᠳᠪᠤᠷᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠬᠤᠶᠠᠷ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ᠂ | ᠠᠶᠤᠯᠬᠦᠢ ᠤᠶᠢᠯᠡᠳᠪᠤᠷᠢᠯᠠᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠢ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠲᠦᠷᠢᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠤᠭᠤᠷᠪᠢᠵᠤ᠂ ᠬᠠᠮᠢᠶ᠎ᠠ ᠪᠥᠬᠦᠶ ᠲᠦᠷᠢᠮ ᠲᠣᠭᠲᠠᠭᠠᠯ ᠪᠠ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ | ᠲᠠᠯᠪᠢᠨ᠎ᠠ᠃ | ︵ᠭᠤᠷᠪᠠ︶ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠰᠢᠰᠲ᠋ᠧᠮ ᠤᠨ | ᠪᠠᠶᠢᠭᠤᠯᠤᠯᠲᠠ ᠶᠢ ᠬᠠᠷᠢᠭᠤᠴᠠᠨ ᠵᠢᠯᠣᠭᠤᠳᠴᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ | ᠡ᠊ᠨᠳᠡᠯ ᠤᠨ ᠭᠠᠮᠰᠢᠭ ᠪᠠ ᠪᠠᠶᠢᠭᠠᠯᠢ ᠶᠢᠨ ᠭᠠᠮᠰᠢᠭ ᠢ ᠲᠠᠰ ᠬᠤᠪᠢᠶᠠᠨ ᠠᠷᠭᠠᠴᠠᠭᠠᠬᠤ ᠲᠦᠷᠢᠮ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠪᠠ ᠠᠶᠤᠯᠭᠦᠶ | ᠤᠶᠢᠯᠡᠳᠪᠤᠷᠢᠯᠠᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠲᠥᠰᠦᠯ ᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠵᠣᠯᠭᠠᠭᠤᠯᠬᠤ ᠠᠵᠢᠯ ᠢ | ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠲᠤᠨᠤᠭ | ᠲᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠳᠥᠷᠪᠡ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠤᠷᠠᠭ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠰᠤᠷᠠᠭ ᠵᠠᠩᠭᠢ | ᠳᠠᠮᠵᠢᠭᠤᠯᠬᠤ ᠠᠷᠭ᠎ᠠ ᠵᠠᠮ ᠤᠨ ᠲᠥᠯᠥᠪᠵᠢᠭᠦᠯᠭᠡ ᠪᠠ ᠪᠠᠶᠢᠷᠢᠰᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠵᠤ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠂ | ᠪᠠᠶᠢᠭᠠᠯᠢ ᠶᠢᠨ ᠭᠠᠮᠰᠢᠭ ᠤᠨ ᠰᠤᠷᠠᠭ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ | ᠲᠣᠭᠲᠠᠴᠠ ᠶᠢ ᠪᠦᠷᠢᠨᠰᠢᠬᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ . | ︵ᠲᠠᠪᠤ︶ ᠪᠥᠬᠦ ᠬᠤᠰᠢᠭᠤᠨ ᠤ ᠠᠶᠤᠯᠭᠦᠶ ᠤᠶᠢᠯᠡᠳᠪᠤᠷᠢᠯᠠᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ | ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠶᠢ ᠵᠣᠬᠢᠶᠠᠨ | ᠪᠠᠶᠢᠭᠤᠯᠤᠨ ᠵᠢᠯᠣᠭᠤᠳᠴᠤ ᠵᠣᠬᠢᠴᠠᠭᠤᠯᠤᠨ᠂ ᠪᠥᠬᠦ ᠬᠤᠰᠢᠭᠤᠨ ᠤ ᠡᠩ ᠤᠨ ᠭᠠᠮᠰᠢᠭ ᠢ ᠠᠷᠭᠠᠴᠠᠭᠠᠨ | ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ | ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠭᠠᠬᠤ ᠰᠠᠨᠠᠯ ᠰᠠᠨᠠᠭᠤᠯᠭ᠎ᠠ ᠳᠤᠷᠠᠳᠴᠤ᠂ ᠳᠡᠭᠡᠳᠦ | ᠱᠠᠲᠤ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ | ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠠᠵᠢᠯ ᠢ | ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠡᠷᠬᠡ ᠮᠡᠳᠡᠯ ᠤᠨ ᠬᠡᠪᠴᠢᠶ᠎ᠡ ᠲᠤᠳᠤᠷ᠎ᠠ ᠪᠥᠬᠦ ᠬᠤᠰᠢᠭᠤᠨ ᠤ ᠡᠯ᠎ᠡ ᠲᠥᠷᠥᠯ ᠤᠨ ᠪᠠᠴᠢᠮ | ᠪᠠᠶᠢᠳᠠᠯ ᠢ ᠠᠷᠭᠠᠴᠠᠭᠠᠬᠤ ᠲᠤᠰᠬᠠᠶ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠥᠬᠦ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠭᠠᠬᠤ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ | ᠵᠢᠯᠣᠭᠤᠳᠬᠤ ᠲᠠᠪᠴᠠᠩ ᠢ ᠵᠤᠯᠭᠠᠭᠤᠯᠬᠤ ᠶᠢ ᠠᠬᠢᠭᠤᠯᠵᠤ᠂ ᠭᠠᠯ ᠰᠡᠷᠬᠡᠶᠢᠯᠡᠵᠦ ᠤᠨᠳᠠᠷᠠᠭᠠᠬᠤ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠬᠦ ᠡᠩᠨᠡᠭᠡ ᠶᠢ ᠵᠣᠯᠭᠠᠭᠤᠯᠬᠤ ᠶᠢ ᠠᠬᠢᠭᠤᠯᠵᠤ᠂ ᠴᠢᠯᠥᠭᠡᠯᠡᠬᠦ | ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠨ | ᠠᠪᠤᠷᠠᠨ ᠲᠤᠰᠠᠯᠠᠬᠤ ᠠᠵᠢᠯ ᠳᠤ ᠣᠷᠣᠯᠴᠠᠬᠤ ᠶᠢ ᠠᠬᠢᠭᠤᠯᠤᠨ᠎ᠠ᠃ ᠪᠥᠬᠦ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ | ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ ᠭᠠᠯ ᠲᠤᠶᠢᠮᠠᠷ ᠢ ᠤᠨᠲᠠᠷᠠᠭᠠᠬᠤ᠂ ᠣᠶ ᠰᠢᠭᠤᠶ ᠪᠠ | ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠬᠡᠶᠢᠯᠡᠵᠦ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ | ᠠᠪᠤᠷᠬᠠᠤ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ ᠠᠴᠠ ᠠᠪᠤᠷᠬᠠᠤ᠂ ᠤᠶᠢᠯᠡᠳᠪᠤᠷᠢᠯᠠᠯ ᠤᠨ | ᠠᠮᠤᠷ ᠲᠦᠪᠰᠢᠨ ᠤ ᠠᠳᠡᠯ ᠠᠴᠠ ᠠᠪᠤᠷᠬᠠᠤ ᠵᠡᠷᠭᠡ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠡᠯ᠎ᠡ ᠭᠠᠵᠠᠷ ᠵᠢᠴᠢ ᠨᠡᠶᠢᠭᠡᠮ ᠤᠨ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ | ᠠᠬᠢᠭᠤᠯᠤᠨ᠎ᠠ᠃ | ︵ᠳᠣᠯᠤᠭ᠎ᠠ︶ ᠡᠷᠬᠡ ᠮᠡᠳᠡᠯ ᠤᠨ ᠬᠡᠪᠴᠢᠶ᠎ᠡ ᠪᠠᠷ ᠢᠶᠠᠨ ᠪᠥᠬᠦ ᠬᠤᠰᠢᠭᠤᠨ ᠤ ᠭᠠᠯ ᠲᠤᠶᠢᠮᠠᠷ ᠢ ᠰᠡᠷᠭᠡᠶᠢᠯᠡᠨ | ᠤᠨᠲᠠᠷᠠᠭᠠᠬᠤ ᠠᠵᠢᠯ ᠳᠤ ᠬᠢᠨᠠᠯᠲᠠ ᠲᠠᠯᠪᠢᠬᠤ᠂ ᠭᠠᠯ ᠤᠨ ᠭᠠᠮᠰᠢᠭ ᠢ ᠰᠡᠷᠭᠡᠶᠢᠯᠡᠬᠦ᠂ ᠭᠠᠯ ᠤᠨ ᠭᠠᠮᠰᠢᠭ ᠠᠴᠠ | ᠠᠪᠤᠷᠬᠠᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵ᠨᠠᠢᠮᠠ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠭᠠᠮᠰᠢᠭ᠂ | ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ ᠵᠡᠷᠭᠡ ᠶᠢ ᠰᠡᠷᠭᠡᠶᠢᠯᠡᠨ | ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠨ᠂ ᠪᠥᠬᠦ ᠬᠤᠰᠢᠭᠤᠨ ᠤ ᠪᠠᠶᠢᠭᠠᠯᠢ ᠶᠢᠨ | ᠭᠠᠮᠰᠢᠭ ᠤᠨ ᠶᠡᠷᠤᠩᠬᠡᠢ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠶᠢᠰᠦ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ | ᠭᠠᠮᠰᠢᠭ ᠠᠴᠠ ᠠᠪᠤᠷᠠᠬᠤ ᠳᠤ ᠬᠠᠨᠳᠢᠪᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠳᠡᠭᠡᠳᠦ ᠱᠠᠲᠤ ᠪᠠ | ᠪᠥᠬᠦ ᠬᠤᠰᠢᠭᠤᠨ ᠤ ᠭᠠᠮᠰᠢᠭ ᠠᠴᠠ ᠠᠪᠤᠷᠬᠠᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠤᠨ ᠬᠤᠪᠢᠶᠠᠷᠢᠯᠠᠬᠤ ᠶᠢᠨ | ᠬᠠᠮᠲᠤ ᠬᠢᠨᠠᠯᠲᠠ ᠲᠠᠯᠪᠢᠵᠤ ᠬᠡᠷᠡᠭᠯᠡᠨ᠎ᠡ᠃ | ︵ᠠᠷᠪᠠ︶ ᠪᠥᠬᠦ ᠬᠤᠰᠢᠭᠤᠨ ᠤ ᠠᠶᠤᠯᠬᠦᠢ ᠤᠶᠢᠯᠡᠳᠪᠤᠷᠢᠯᠠᠯ ᠤᠨ ᠶᠡᠷᠤᠩᠬᠡᠢ ᠬᠢᠨᠠᠯᠲᠠ ᠬᠠᠮᠢᠶᠠᠷᠤᠯᠲᠠ ᠶᠢᠨ | ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ | ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠠᠶᠤᠯᠬᠦᠢ ᠤᠶᠢᠯᠡᠳᠪᠤᠷᠢᠯᠠᠯ ᠤᠨ | ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠤᠯᠬᠦᠢ ᠤᠶᠢᠯᠡᠳᠪᠤᠷᠢᠯᠠᠯ ᠤᠨ | ᠱᠠᠯᠠᠪᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠱᠠᠳᠤ ᠬᠤᠪᠢᠶᠠᠬᠤ ᠵᠠᠷᠴᠢᠮ ᠤᠨ ᠶᠣᠰᠣᠭᠠᠷ᠂ ᠬᠠᠷᠢᠶᠠᠳᠤ ᠭᠠᠵᠠᠷ ᠲᠤᠨᠢ ᠬᠢᠨᠠᠨ | ᠬᠠᠮᠢᠶᠠᠷᠤᠭᠤᠯᠬᠤ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯᠬᠦᠢ ᠦᠢᠯᠡᠳᠪᠦᠷᠢᠯᠡᠯ ᠤᠨ | ᠨᠥᠬᠦᠴᠡᠯ ᠪᠣᠯᠤᠨ ᠬᠠᠮᠢᠶ᠎ᠠ ᠪᠥᠬᠦᠢ ᠲᠥᠬᠦᠭᠡᠷᠦᠮᠵᠢ ︵ᠣᠨᠴᠠ ᠲᠥᠷᠥᠯ ᠤᠨ ᠲᠤᠨᠤᠭ ᠲᠥᠬᠦᠭᠡᠷᠦᠮᠵᠢ ᠠᠴᠠ | ᠭᠠᠳᠠᠨ᠎ᠠ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯᠬᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠨ᠎ᠠ᠃ | ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠠᠷᠢᠶᠠᠲᠤ ᠭᠠᠵᠠᠷ ᠲᠤᠨᠢ ᠬᠢᠨᠠᠵᠤ ᠬᠠᠮᠢᠶᠠᠷᠤᠭᠤᠯᠬᠤ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ | ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠠᠵᠢᠯ ᠪᠠ ᠬᠤᠸᠠᠷ | ᠫᠤᠤᠵᠢᠩ ᠤᠨ ᠠᠶᠤᠯᠭᠦᠶ ᠤᠶᠢᠯᠡᠳᠪᠤᠷᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠪᠥᠬᠦ ᠬᠤᠰᠢᠭᠤᠨ ᠤ ᠤᠶᠢᠯᠡᠳᠪᠤᠷᠢᠯᠠᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ | ᠰᠢᠢᠳᠪᠤᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠡ᠊ᠨᠳᠡᠯ ᠢ ᠪᠠᠶᠢᠴᠠᠭᠠᠨ | ᠰᠢᠢᠳᠪᠤᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ | ᠪᠠᠶᠢᠭᠠᠯᠢ ᠶᠢᠨ ᠭᠠᠮᠰᠢᠭ ᠤᠨ ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠭᠤᠷᠪᠠ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ | ᠨᠥᠭᠡᠴᠡᠯᠡᠯᠲᠡ ᠪᠠ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ | ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠠᠮᠤ | ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ | ᠠᠷᠭᠠᠴᠠᠭᠠᠬᠤ ᠡᠳ᠋ ᠪᠣᠳᠠᠰ ᠤᠨ ᠰᠤᠷᠠᠭ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠲᠦᠷᠢᠮ ᠢ ᠪᠠᠶᠢᠭᠤᠯᠤᠨ | ᠲᠡᠬᠦᠯᠳᠡᠷᠵᠢᠬᠦᠯᠵᠤ᠂ ᠭᠠᠮᠰᠢᠭ ᠠᠴᠠ ᠠᠪᠤᠷᠠᠬᠤ ᠳᠤ ᠨᠢᠭᠡᠳᠦᠯᠲᠡᠶ ᠳᠣᠭᠢᠷᠠᠭᠤᠯᠤᠯᠳᠠ ᠬᠢᠨ᠎ᠠ᠃ | ︵ᠠᠷᠪᠠᠨ ᠳᠥᠷᠪᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠬᠦᠢ | ᠤᠶᠢᠯᠡᠳᠪᠤᠷᠢᠯᠠᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠬᠤ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠠᠶᠤᠯᠬᠦᠢ ᠤᠶᠢᠯᠡᠳᠪᠤᠷᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ | ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | ︵ᠠᠷᠪᠠᠨ ᠲᠠᠪᠤ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |