ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
ᠨᠡᠶᠢᠲᠡᠯᠡᠭᠰᠡᠨ ᠴᠠᠭ᠄
2022/11/25
    ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︵ᠳᠣᠷᠣᠭᠰᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠭᠡᠵᠦ ᠲᠣᠪᠴᠢᠯᠠᠨ᠎ᠠ︶ ᠤᠨ ᠭᠤᠤᠯ ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠪᠠ᠄    ︵ᠨᠢᠭᠡ︶ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠲᠤ ᠬᠠᠮᠵᠢᠨ ᠪᠥᠬᠦ ᠬᠤᠰᠢᠭᠤᠨ ᠤ ᠠᠵᠢᠯ ᠤᠨ ᠪᠠᠶᠢᠳᠠᠯ ᠢ ᠣᠶᠢᠯᠭᠠᠨ ᠡᠵᠡᠮᠰᠢᠭᠦᠯᠦᠨ᠎ᠡ᠃ ᠬᠤᠰᠢᠭᠤᠨ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠤᠨ ᠵᠢᠭᠠᠪᠤᠷᠢ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃    ︵ᠬᠤᠶᠠᠷ︶ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠢ ᠬᠠᠮᠵᠢᠨ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠤᠨ ᠶᠠᠷᠢᠶ᠎ᠠ ᠵᠢᠴᠢ ᠪᠤᠰᠤᠳ ᠡᠬᠡ ᠪᠢᠴᠢᠭ ᠢ ᠵᠣᠬᠢᠶᠠᠨ ᠪᠠᠶᠢᠭᠤᠯᠤᠨ ᠨᠣᠣᠷᠠᠭᠯᠠᠨ᠎ᠠ᠃    ︵ᠭᠤᠷᠪᠠ︶ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠲᠥᠷᠥᠯ ᠤᠨ ᠬᠤᠷᠠᠯ ᠢ ᠵᠣᠬᠢᠶᠠᠨ ᠪᠠᠶᠢᠭᠤᠯᠤᠨ ᠪᠡᠯᠡᠳᠬᠡᠬᠦ ᠠᠵᠢᠯ ᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠢ ᠬᠠᠪᠰᠤᠷᠤᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠳᠥᠷᠪᠡ︶ ᠬᠤᠰᠢᠭᠤᠨ ᠤ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠤᠨ ᠴᠢᠬᠤᠯᠠ ᠳᠣᠲᠣᠭᠠᠳᠤ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃    ︵ᠲᠠᠪᠤ︶ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠦᠷ᠎ᠡ ᠶᠢᠨ ᠮᠠᠯ ᠦᠷᠡᠵᠢᠭᠦᠯᠬᠦ ᠲᠠᠯᠠᠪᠠᠶ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠰᠢᠭᠤᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯᠡᠰ ᠢ ᠬᠠᠷᠢᠭᠤᠴᠠᠨ ᠬᠢᠨᠠᠨ ᠬᠠᠷᠭᠤᠭᠤᠯᠵᠤ᠂ ᠭᠦᠢᠴᠡᠳᠭᠡᠬᠦ ᠰᠠᠨᠠᠯ ᠢᠶᠠᠨ ᠳᠤᠷᠠᠳᠤᠨ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃    ︵ᠵᠢᠷᠭᠤᠭ᠎ᠠ︶ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠲᠥᠷᠥᠯ ᠤᠨ ᠴᠠᠬᠢᠯᠭᠠᠨ ᠮᠡᠳᠡᠭᠡ ᠰᠢᠢᠳᠪᠤᠷᠢᠯᠡᠬᠦ ᠠᠵᠢᠯ ᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠵᠣᠬᠢᠶᠠᠵᠤ ᠲᠠᠷᠬᠠᠭᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠯᠲᠠ ᠬᠢᠨ᠎ᠠ᠃    ︵ᠳᠣᠯᠤᠭ᠎ᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠠᠶᠢᠮᠠᠭ ᠤᠨ ᠵᠠᠬᠢᠷᠭ᠎ᠠ ᠂ ᠬᠤᠰᠢᠭᠤᠨ ᠤ ᠵᠠᠰᠠᠭ ᠤᠨ ᠣᠷᠳᠣᠨ ᠤ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ᠂ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠵᠢᠴᠢ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠡᠷ ᠤᠨ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠴᠠᠭ ᠲᠤᠬᠠᠶ ᠳᠤᠨᠢ ᠮᠡᠳᠡᠭᠦᠯᠬᠦ ᠶᠢ ᠬᠠᠷᠢᠭᠤᠴᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠵᠣᠬᠢᠴᠠᠭᠤᠯᠤᠨ ᠰᠢᠢᠳᠪᠤᠷᠢᠯᠡᠬᠦ ᠪᠠ ᠱᠠᠯᠠᠪᠳᠠᠨ ᠪᠠᠶᠢᠴᠠᠭᠠᠵᠤ ᠱᠠᠯᠠᠪᠳᠠᠨ ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂  ᠦᠷ᠎ᠡ ᠶᠢᠨ ᠮᠠᠯ ᠦᠷᠡᠵᠢᠭᠦᠯᠬᠦ ᠲᠠᠯᠠᠪᠠᠶ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃    ︵ᠨᠠᠢᠮᠠ︶ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠠᠮᠢᠶ᠎ᠠ ᠪᠥᠬᠦᠶ ᠲᠠᠯ᠎ᠠ ᠶᠢᠨ ᠴᠢᠬᠤᠯᠠ ᠶᠡᠭᠡ ᠣᠨᠣᠯ᠂ ᠲᠥᠷᠥ ᠶᠢᠨ ᠪᠣᠳᠣᠯᠭ᠎ᠠ ᠶᠢ ᠴᠤᠭᠯᠠᠭᠤᠯᠬᠤ᠂ ᠡᠮᠬᠢᠳᠬᠡᠬᠦ᠂ ᠰᠤᠳᠤᠯᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠵᠢᠯ ᠤᠨ ᠰᠠᠨᠠᠭᠤᠯᠭ᠎ᠠ ᠳᠤᠷᠠᠳᠴᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠤᠨ ᠰᠢᠢᠳᠪᠤᠷᠢᠳᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃    ︵ᠶᠢᠰᠦ︶ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠢᠯᠣᠭᠤᠳᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠨᠡᠷ᠎ᠡ ᠪᠠᠷ ᠶᠠᠪᠤᠭᠳᠠᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠭᠦᠢᠴᠡᠳᠭᠡᠨ᠎ᠡ᠃ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ ᠬᠠᠮᠢᠶᠠᠷᠤᠨ᠎ᠠ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠮᠣᠩᠭᠤᠯ ᠬᠡᠯᠡᠨ ᠤ ᠣᠷᠴᠢᠭᠤᠯᠭ᠎ᠠ ᠪᠠ ᠮᠣᠩᠭᠤᠯ ᠬᠡᠯᠡᠨ ᠤ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃    ︵ᠠᠷᠪᠠᠨ ᠨᠢᠭᠡ︶ ᠭᠠᠳᠠᠭᠠᠳᠤ ᠶᠠᠪᠤᠳᠠᠯ ᠤᠨ ᠲᠦᠷᠢᠮ ᠲᠣᠭᠲᠠᠭᠠᠯ ᠪᠠ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠰᠢᠭᠤᠨ ᠳᠣᠲᠣᠷᠠᠬᠢ ᠭᠠᠳᠠᠭᠠᠳᠤ ᠳᠤ ᠬᠤᠯᠪᠣᠭᠳᠠᠬᠤ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠤᠷᠢᠯᠡᠨ᠎ᠡ᠃ ᠪᠥᠬᠦ ᠬᠤᠰᠢᠭᠤᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ ᠪᠠ ᠭᠠᠳᠠᠭᠠᠳᠤ ᠨᠡᠭᠡᠭᠡᠯᠲᠡ ᠶᠢᠨ ᠲᠣᠭᠤᠷᠢᠨ ᠳᠤ ᠭᠠᠳᠠᠭᠠᠳᠤ ᠶᠠᠪᠤᠳᠠᠯ ᠤᠨ ᠪᠠᠶᠢᠴᠠᠭᠠᠨ ᠰᠤᠳᠤᠯᠤᠯᠲᠠ ᠬᠢᠨ᠎ᠠ᠃ ᠭᠠᠳᠠᠭᠠᠳᠤ ᠠᠴᠠ ᠢᠷᠡᠭᠰᠡᠨ ᠵᠣᠴᠢᠳ ᠢ ᠬᠦᠯᠢᠶᠡᠨ ᠠᠪᠴᠤ ᠵᠣᠴᠢᠯᠠᠬᠤ ᠶᠢ ᠬᠠᠷᠢᠭᠤᠴᠠᠨ᠎ᠠ᠃    ︵ᠠᠷᠪᠠᠨ ᠬᠤᠶᠠᠷ︶ ᠠᠵᠤ ᠠᠬᠤᠶ ᠶᠢᠨ ᠪᠠᠶᠢᠭᠤᠯᠤᠯ ᠪᠣᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠢ ᠬᠠᠷᠢᠭᠤᠴᠠᠨ᠎ᠠ᠃    ︵ᠠᠷᠪᠠᠨ ᠭᠤᠷᠪᠠ︶ ᠬᠤᠰᠢᠭᠤᠨ ᠤ ᠵᠠᠰᠠᠭ ᠤᠨ ᠣᠷᠳᠣᠨ ᠤ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠳᠥᠷᠪᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号