ᠵᠠᠯᠠᠶᠢᠳ ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2022/11/25
    ᠭᠤᠤᠯ ᠡᠭᠦᠷᠭᠡ ᠬᠠᠷᠢᠭᠤᠴᠠᠯᠭ᠎ᠠ᠄    ︵ᠨᠢᠭᠡ︶ ᠰᠣᠶᠣᠯ ᠤᠨ ᠠᠵᠢᠯ ᠤᠨ ᠲᠤᠬᠠᠶ ᠨᠠᠮ ᠪᠠ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠠᠵᠢᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ ᠬᠡᠷᠡᠭᠵᠢᠭᠦᠯᠦᠨ᠎ᠡ᠃    ︵ᠬᠤᠶᠠᠷ︶ ᠪᠥᠬᠦ ᠬᠤᠰᠢᠭᠤᠨ ᠤ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠬᠤᠷᠸ᠎ᠠ ᠲᠤᠬᠢᠷᠠᠭᠤᠯᠭ᠎ᠠ ᠡᠵᠡᠮᠳᠡᠯ ᠤᠨ ᠬᠠᠷᠠᠯᠲᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠭᠤᠷᠪᠠ︶ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠦᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠰᠣᠶᠣᠯ᠂ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠵᠢᠴᠢ ᠭᠤᠤᠯᠳᠠᠯᠭ᠎ᠠ ᠲᠠᠢ ᠰᠣᠶᠣᠯ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠪᠥᠬᠦ ᠬᠤᠰᠢᠭᠤᠨ ᠤ ᠭᠤᠤᠯ ᠪᠣᠯᠬᠤ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠶᠡᠷᠦᠩᠬᠡᠶ ᠠᠬᠢᠭᠤᠯᠬᠤ ᠠᠵᠢᠯ ᠢ ᠬᠠᠷᠢᠭᠤᠴᠠᠨ᠎ᠠ᠃ ᠰᠣᠶᠣᠯ᠂ ᠪᠡᠶ᠎ᠡ ᠶᠢᠨ ᠲᠠᠮᠢᠷ ᠪᠣᠯᠤᠨ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃    ︵ᠲᠦᠷᠪᠡ︶ ᠤᠳᠬ᠎ᠠ ᠵᠣᠬᠢᠶᠠᠯ᠂ ᠤᠷᠠᠯᠢᠭ ᠤᠨ ᠦᠢᠯᠡᠰ ᠢ ᠬᠠᠷᠢᠭᠤᠴᠠᠨ ᠬᠠᠮᠢᠶᠠᠷᠤᠨ᠎ᠠ᠃ ᠨᠡᠶᠢᠭᠡᠮ ᠤᠨ ᠰᠣᠶᠣᠯ ᠤᠨ ᠦᠢᠯᠡᠰ ᠢ ᠬᠠᠮᠢᠶᠠᠷᠴᠤ᠂ ᠡᠯ᠎ᠡ ᠲᠦᠷᠦᠯ ᠤᠨ ᠨᠡᠶᠢᠭᠡᠮ ᠤᠨ ᠰᠣᠶᠣᠯ ᠤᠨ ᠦᠢᠯᠡᠰ ᠤᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠤᠨ᠎ᠠ᠃ ᠤᠷᠠᠯᠢᠭ ᠤᠨ ᠵᠣᠬᠢᠶᠠᠨ ᠪᠦᠲᠦᠭᠡᠯᠭᠡ ᠪᠠ ᠦᠢᠯᠡᠳᠪᠦᠷᠢᠯᠡᠯ ᠢ ᠵᠢᠯᠣᠭᠤᠳᠴᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠶ ᠲᠥᠯᠥᠭᠡᠯᠡᠬᠦ ᠴᠢᠨᠠᠷᠲᠠᠶ ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠢ ᠢᠯᠡᠷᠡᠭᠦᠯᠵᠦ᠂ ᠡᠯ᠎ᠡ ᠲᠦᠷᠤᠯ ᠤᠨ ᠤᠷᠠᠯᠢᠭ᠂ ᠡᠯ᠎ᠡ ᠤᠷᠠᠯᠢᠭ ᠤᠨ ᠲᠦᠷᠤᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠣᠶᠣᠯ ᠤᠷᠠᠯᠢᠭ ᠤᠨ ᠴᠢᠬᠤᠯᠠ ᠶᠡᠭᠡ ᠠᠵᠢᠯᠯᠠᠭ᠎ᠠ ᠶᠢ ᠬᠠᠮᠢᠶᠠᠷᠤᠨ᠎ᠠ᠃ ᠪᠥᠬᠦ ᠬᠤᠰᠢᠭᠤᠨ ᠤ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ᠂ ᠪᠣᠯᠪᠠᠰᠤᠷᠠᠭᠤᠯᠬᠤ ᠠᠵᠢᠯ ᠢ ᠬᠠᠷᠢᠭᠤᠴᠠᠨ ᠵᠢᠯᠣᠭᠤᠳᠤᠨ᠎ᠠ᠃    ︵ᠲᠠᠪᠤ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠲᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠵᠤᠭᠠᠴᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠤᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠣᠶᠣᠯ ᠪᠠ ᠵᠤᠭᠠᠴᠠᠯ ᠤᠨ ᠠᠵᠢᠯ ᠲᠦᠷᠦᠯ ᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ︵ᠵᠢᠷᠭᠤᠭ᠎ᠠ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃    ︵ᠲᠤᠯᠤᠭ᠎ᠠ︶ ᠨᠣᠮ ᠤᠨ ᠰᠡᠩ ᠤᠨ ᠦᠢᠯᠡᠰ ᠢ ᠬᠠᠮᠢᠶᠠᠷᠴᠤ᠂ ᠨᠣᠮ ᠪᠢᠴᠢᠭ ᠰᠤᠷᠪᠤᠯᠵᠢ ᠪᠢᠴᠢᠭ ᠤᠨ ᠡᠬᠢ ᠪᠠᠶᠠᠯᠢᠭ ᠤᠨ ᠪᠦᠳᠦᠭᠡᠠ ᠪᠠᠶᠢᠭᠤᠯᠤᠯᠲᠠ᠂ ᠨᠡᠭᠡᠭᠡᠨ ᠠᠰᠢᠭᠯᠠᠯᠲᠠ ᠪᠠ ᠠᠰᠢᠭᠯᠠᠯᠲᠠ ᠶᠢ ᠵᠢᠯᠣᠭᠤᠳᠤᠨ᠎ᠠ᠃    ︵ᠨᠠᠢᠮᠠ︶ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠲᠠᠯ᠎ᠠ ᠪᠠᠷ ᠭᠠᠳᠠᠭᠠᠳᠤ ᠳᠤ ᠵᠣᠷᠢᠭᠤᠯᠤᠭᠰᠠᠨ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ᠂ ᠬᠠᠮᠲᠤᠷᠠᠯᠴᠠᠭ᠎ᠠ ᠪᠠ ᠤᠬᠠᠭᠤᠯᠭ᠎ᠠ᠂ ᠳᠡᠯᠭᠡᠷᠡᠭᠦᠯᠦᠯᠲᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠲᠤᠮᠤ ᠬᠡᠯᠪᠡᠷᠢ ᠶᠢᠨ ᠰᠣᠶᠣᠯ ᠪᠠ ᠵᠤᠭᠠᠴᠠᠯ ᠤᠨ ᠲᠠᠯ᠎ᠠ ᠪᠠᠷ ᠭᠠᠳᠠᠭᠠᠳᠤ ᠳᠤ ᠵᠣᠷᠢᠭᠤᠯᠤᠭᠰᠠᠨ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠨ᠎ᠠ᠃    ︵ᠶᠢᠰᠦ︶ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠬᠠᠮᠢᠶᠠᠷᠴᠤ᠂ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠦᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃    ︵ᠠᠷᠪᠠ︶ ᠪᠥᠬᠦ ᠬᠤᠰᠢᠭᠤᠨ ᠤ ᠵᠤᠭᠠᠴᠠᠯ ᠤᠨ ᠵᠠᠬ᠎ᠠ ᠳᠡᠯᠭᠡᠭᠦᠷ ᠢ ᠬᠦᠭᠵᠢᠭᠦᠯᠦᠨ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠵᠤᠭᠠᠴᠠᠯ ᠤᠨ ᠦᠢᠯᠡᠰ ᠢ ᠬᠥᠭᠵᠢᠭᠦᠯᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠵᠤᠭᠠᠴᠠᠯ ᠤᠨ ᠪᠦᠬᠦ᠋ᠢᠯᠡ ᠳᠦᠷᠢ ᠲᠥᠷᠬᠦ ᠶᠢᠨ ᠭᠠᠳᠠᠭᠠᠳᠤ ᠤᠬᠠᠭᠤᠯᠭ᠎ᠠ ᠪᠠ ᠴᠢᠬᠤᠯᠠ ᠶᠡᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠪᠥᠬᠦ ᠤᠷᠤᠨ ᠪᠦᠰᠡ ᠶᠢᠨ ᠵᠤᠭᠠᠴᠠᠯ᠂ ᠳᠥᠷᠪᠡᠨ ᠤᠯᠠᠷᠢᠯ ᠤᠨ ᠵᠤᠭᠠᠴᠠᠯ ᠪᠠ ᠴᠢᠬᠤᠯᠠ ᠵᠤᠭᠠᠴᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠵᠣᠬᠢᠶᠠᠨ ᠪᠠᠶᠢᠭᠤᠯᠵᠤ ᠵᠢᠯᠣᠭᠤᠳᠬᠤ ᠪᠠ ᠠᠬᠢᠭᠤᠯᠤᠨ᠎ᠠ᠃    ︵ᠠᠷᠪᠠᠨ ᠨᠢᠭᠡ︶ ᠵᠤᠭᠠᠴᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ᠂ ᠲᠥᠯᠥᠪᠵᠢᠭᠦᠯᠭᠡ᠂ ᠨᠡᠭᠡᠭᠡᠯᠳᠡ ᠪᠠ ᠬᠠᠮᠢᠶ᠎ᠠ ᠪᠥᠬᠦᠢ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ ᠭᠤᠣᠯᠳᠠᠯᠭ᠎ᠠ ᠲᠠᠢ ᠵᠤᠭᠠᠴᠠᠯ ᠤᠨ ᠣᠷᠣᠨ ᠢ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠶᠢ ᠵᠢᠯᠣᠭᠤᠳᠤᠨ᠎ᠠ᠃ ᠠᠮᠠᠷᠠᠯᠲᠠ ᠶᠢᠨ ᠡᠳᠦᠷ ᠤᠨ ᠵᠤᠭᠠᠴᠠᠯ ᠵᠡᠷᠭᠡ ᠤᠨᠴᠠᠯᠢᠬᠳᠤ ᠵᠤᠭᠠᠴᠠᠯ ᠤᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃    ︵ᠠᠷᠪᠠᠨ ᠬᠤᠶᠠᠷ︶ ᠪᠥᠬᠦ ᠬᠤᠰᠢᠭᠤᠨ ᠤ ᠬᠢᠯᠢ ᠠᠴᠠ ᠭᠠᠷᠴᠤ ᠵᠤᠭᠠᠴᠠᠬᠤ ᠪᠠ ᠬᠢᠯᠢ ᠪᠠᠷ ᠵᠤᠭᠠᠴᠠᠬᠤ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠤᠭᠠᠴᠠᠯ ᠤᠨ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠵᠢᠯᠣᠭᠤᠳᠤᠨ᠎ᠠ᠃    ︵ᠠᠷᠪᠠᠨ ᠭᠤᠷᠪᠠ︶ ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠪᠠ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠵᠤ᠂ ᠵᠤᠭᠠᠴᠠᠭᠴᠢ ᠶᠢᠨ ᠭᠤᠮᠤᠳᠠᠯ ᠲᠤᠭᠠᠴᠢᠯᠳᠠ ᠶᠢ ᠭᠥᠯᠢᠶᠡᠨ ᠠᠪᠴᠤ᠂ ᠵᠤᠭᠠᠴᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃    ︵ᠠᠷᠪᠠᠨ ᠳᠥᠷᠪᠡ︶ ︽ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠥᠯᠥᠪᠯᠡᠭᠡ︾ ᠶᠢ ᠬᠡᠷᠡᠭᠵᠢᠭᠦᠯᠵᠦ᠂ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠪᠠ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠰᠢᠯᠭᠠᠬᠤ ᠲᠦᠷᠢᠮ ᠢ ᠳᠡᠯᠭᠡᠷᠡᠭᠦᠯᠦᠨ᠎ᠡ᠃ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠵᠢᠯᠤᠭᠤᠳᠤᠨ ᠭᠡᠷᠡᠭᠵᠢᠭᠦᠯᠦᠨ᠎ᠡ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠦᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠠᠷᠪᠠᠨ ᠲᠠᠪᠤ︶ ᠵᠠᠯᠠᠶᠢᠳ ᠬᠤᠰᠢᠭᠤᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠪᠠᠶᠢᠷᠢᠯᠠᠭᠤᠯᠤᠯᠲᠠ ᠶᠢ ᠰᠤᠳᠤᠯᠤᠨ ᠲᠥᠯᠥᠪᠵᠢᠭᠦᠯᠦᠨ᠎ᠡ᠃ ᠪᠦᠭᠦ ᠬᠤᠰᠢᠭᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠵᠢᠯᠣᠭᠤᠳᠬᠤ ᠪᠠ ᠠᠬᠢᠭᠤᠯᠤᠨ᠎ᠠ᠃ ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠᠨ ᠵᠢᠷᠭᠤᠭ᠎ᠠ︶ ᠣᠯᠠᠨ ᠤᠯᠤᠰ᠂ ᠤᠯᠤᠰ ᠤᠨ ᠳᠣᠲᠣᠭᠠᠳᠤ ᠶᠢᠨ ᠵᠢᠴᠢ ᠥᠪᠡᠷᠲᠡᠭᠡᠨ ᠵᠠᠰᠠᠬᠤ ᠣᠷᠣᠨ ᠂ ᠬᠢᠩᠭᠠᠨ ᠠᠶᠢᠮᠠᠭ ᠤᠨ ᠴᠢᠬᠤᠯᠠ ᠶᠡᠭᠡ ᠤᠷᠤᠯᠳᠤᠭᠠᠨ ᠢ ᠳᠠᠭᠠᠭᠠᠨ ᠡᠷᠭᠢᠯᠡᠬᠦ ᠪᠠ ᠲᠡᠭᠦᠨ ᠳᠤ ᠣᠷᠣᠯᠴᠠᠬᠤ ᠶᠢ ᠬᠠᠷᠢᠭᠤᠴᠠᠨ᠎ᠠ᠃ ᠪᠦᠭᠦ ᠬᠤᠰᠢᠭᠤᠨ ᠤ ᠶᠡᠷᠦᠩᠬᠡᠶᠢᠯᠡᠭᠰᠡᠨ ᠴᠢᠨᠠᠷᠲᠠᠶ ᠲᠠᠮᠢᠷ ᠤᠨ ᠤᠷᠤᠯᠳᠤᠭᠠᠨ ᠢ ᠡᠷᠬᠢᠯᠡᠨ᠎ᠡ᠃ ᠪᠥᠬᠦ ᠬᠤᠰᠢᠭᠤᠨ ᠤ ᠴᠢᠨᠠᠷᠲᠠᠶ ᠲᠠᠮᠢᠷ ᠤᠨ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ ᠰᠢᠰᠲ᠋ᠧᠮᠵᠢᠭᠦᠯᠦᠨ ᠬᠠᠮᠢᠶᠠᠷᠤᠨ᠎ᠠ᠃ ᠪᠡᠶ᠎ᠡ ᠶᠢᠨ ᠲᠠᠮᠢᠷ ᠤᠨ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠬᠠᠮᠢᠶᠠᠷᠴᠤ᠂ ᠭᠠᠳᠠᠭᠠᠳᠤ ᠯᠤᠭ᠎ᠠ ᠶᠢᠨ ᠪᠡᠶ᠎ᠡ ᠶᠢᠨ ᠲᠠᠮᠢᠷ ᠤᠨ ᠬᠠᠮᠲᠤᠷᠠᠯᠴᠠᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃    ︵ᠠᠷᠪᠠᠨ ᠳᠣᠯᠤᠭ᠎ᠠ︶ ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ᠂ ᠰᠣᠶᠣᠯ ᠦᠵᠡᠰᠬᠦᠯᠡᠩ ᠤᠨ ᠦᠢᠯᠡᠰ ᠤᠨ ᠬᠠᠮᠢᠶᠠᠷᠤᠯᠲᠠ ᠶᠢ ᠴᠢᠩᠭᠠᠳᠬᠠᠨ᠂ ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠭᠡᠭᠡᠨ ᠬᠥᠭᠵᠢᠭᠦᠯᠬᠦ ᠪᠠ ᠠᠰᠢᠭᠯᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃    ︵ᠠᠷᠪᠠᠨ ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号