ᠠᠷᠠᠳ ᠤᠨ ᠪᠠᠶᠢᠳᠠᠯ ᠢ ᠨᠡᠩ ᠰᠠᠶᠢᠨ ᠣᠶᠢᠯᠠᠭᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ | ᠣᠶᠤᠨ ᠤᠬᠠᠭᠠᠨ ᠢ ᠬᠤᠷᠠᠮᠳᠤᠭᠤᠯᠤᠨ᠂ ᠠᠷᠠᠳ ᠤᠨ ᠵᠣᠪᠠᠨᠢᠯ ᠢ ᠰᠢᠢᠳᠪᠤᠷᠢᠯᠡᠨ᠂ ᠵᠠᠰᠠᠭ ᠤᠨ ᠣᠷᠳᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠰᠢᠢᠳᠪᠤᠷᠢᠳᠤ ᠪᠣᠳᠣᠯᠭ᠎ᠠ ᠶᠢ ᠲᠣᠭᠲᠠᠭᠠᠬᠤ | ᠪᠠ ᠬᠡᠷᠡᠭᠵᠢᠭᠦᠯᠬᠦ ᠶᠢᠨ ᠠᠷᠠᠳᠴᠢᠯᠠᠯᠲᠠ᠂ ᠰᠢᠨᠵᠢᠯᠡᠬᠦ ᠤᠬᠠᠭᠠᠨᠴᠢᠯᠠᠯᠲᠠ᠂ ᠬᠠᠤᠯᠢ ᠳᠦᠷᠢᠮᠵᠢᠭᠦᠯᠦᠯᠲᠡ ᠶᠢ ᠤᠯᠠᠮ | ᠨᠢᠭᠡ ᠠᠯᠬᠤᠮ ᠠᠬᠢᠭᠤᠯᠵᠤ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠤᠶᠢᠯ ᠢ ᠦᠨᠡᠨ ᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ | ᠪᠣᠯᠭᠠᠬᠤ ᠶᠢ ᠪᠠᠳᠤᠯᠠᠬᠤ ᠶᠢᠨ ᠲᠦᠯᠦᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠰᠢᠭᠤᠨ ᠤ ᠨᠡᠶᠢᠭᠡᠮ ᠤᠨ ᠡᠯ᠎ᠡ ᠡᠲᠡᠭᠡᠳ ᠠᠴᠠ 2023 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠯ ᠰᠠᠨᠠᠭᠤᠯᠭ᠎ᠠ ᠶᠢ ᠢᠯᠡ ᠪᠠᠷ ᠬᠤᠷᠢᠶᠠᠬᠤ ᠪᠠᠷ ᠲᠣᠭᠲᠠᠪᠠ᠂ | ᠡᠳᠦᠭᠡ ᠬᠤᠯᠪᠣᠭᠳᠠᠯ ᠪᠥᠬᠦᠶ ᠵᠤᠶᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠰᠠᠨᠠᠯ ᠰᠠᠨᠠᠭᠤᠯᠭ᠎ᠠ ᠶᠢ ᠬᠤᠷᠢᠶᠠᠬᠤ ᠴᠠᠭ | ᠲᠣᠰ ᠠᠯᠪᠠᠨ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ 2022 ᠣᠨ ᠤ 12 ᠰᠠᠷ᠎ᠠ ᠶᠢᠨ 20 ᠤ | ᠡᠳᠦᠷ ᠪᠣᠯᠲᠠᠯ᠎ᠠ ᠬᠤᠷᠢᠶᠠᠨ᠎ᠠ᠃ | ᠬᠤᠶᠠᠷ᠂ ᠰᠠᠨᠠᠯ ᠰᠠᠨᠠᠭᠤᠯᠭ᠎ᠠ ᠬᠤᠷᠢᠶᠠᠬᠤ ᠵᠠᠷᠴᠢᠮ | ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠬᠡᠷᠡᠭᠴᠡᠭᠡ ᠱᠠᠭᠠᠷᠳᠠᠯᠭ᠎ᠠ ᠪᠠᠷ ᠰᠢᠢᠳᠪᠤᠷᠢᠳᠤ ᠪᠣᠳᠣᠯᠭ᠎ᠠ | ᠲᠣᠭᠲᠠᠭᠠᠬᠤ ᠶᠢᠨ ᠭᠤᠣᠯ ᠦᠨᠳᠦᠰᠦᠯᠡᠯ ᠪᠣᠯᠭᠠᠬᠤ ᠶᠢ ᠪᠠᠷᠢᠮᠲᠠᠯᠠᠵᠤ᠂ ᠬᠠᠤᠯᠢ ᠶᠣᠰᠣᠴᠢ ᠴᠢᠨᠠᠷ᠂ ᠨᠠᠷᠢᠯᠢᠭ | ᠤᠨᠤᠴᠠᠳᠤ ᠴᠢᠨᠠᠷ᠂ ᠲᠦᠭᠡᠮᠡᠯ ᠬᠠᠷᠠᠭᠠᠯᠵᠠᠯᠳᠤ ᠴᠢᠨᠠᠷ᠂ ᠪᠣᠯᠤᠮᠵᠢᠲᠤ ᠴᠢᠨᠠᠷ ᠤᠨ ᠵᠠᠷᠴᠢᠮ ᠶᠣᠰᠣᠭᠠᠷ᠂ ᠵᠠᠰᠠᠭ ᠤᠨ | ᠣᠷᠳᠣᠨ ᠠᠴᠠ ᠪᠡᠯᠡ ᠣᠷᠣᠭᠤᠯᠤᠨ ᠲᠤᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠡᠷᠡᠭᠵᠢᠭᠦᠯᠦᠭᠰᠡᠨ ᠲᠦᠭᠡᠮᠡᠯ | ᠬᠠᠷᠠᠭᠠᠯᠵᠠᠯ ᠤᠨ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠ ᠨᠡᠶᠢᠭᠡᠮ ᠤᠨ ᠦᠷ᠎ᠡ ᠠᠰᠢᠭ ᠢᠶᠠᠷ | ᠨᠡᠯᠢᠶᠡᠳ ᠲᠤᠪᠤᠶᠢᠮ᠎ᠠ ᠠᠷᠠᠳ ᠤᠨ ᠠᠮᠢᠳᠤᠷᠠᠯ ᠤᠨ ᠲᠦᠷᠦᠯ ᠤᠨ ᠭᠤᠣᠯᠳᠠᠯᠭ᠎ᠠ ᠲᠠᠢ ᠤᠯᠠᠨ ᠨᠡᠶᠢᠲᠡ ᠶᠢᠨ | ᠦᠢᠯᠡᠰ ᠤᠨ ᠲᠦᠷᠤᠯ ᠵᠤᠶᠢᠯ ᠤᠨ ᠲᠤᠬᠠᠢ ᠰᠠᠨᠠᠯ ᠰᠠᠨᠠᠭᠤᠯᠭ᠎ᠠ ᠶᠢ ᠬᠤᠷᠢᠶᠠᠨ᠎ᠠ᠃ ᠡᠭᠦᠨ ᠳᠤ᠂ ᠳᠤᠷᠠᠳᠤᠭᠰᠠᠨ | ᠰᠠᠨᠠᠯ ᠰᠠᠨᠠᠭᠤᠯᠭ᠎ᠠ ᠶᠢᠨ ᠲᠦᠷᠤᠯ ᠵᠤᠶᠢᠯ ᠨᠢ ᠡᠮᠬᠢ ᠵᠢᠷᠤᠮ ᠲᠠᠢ᠂ ᠰᠡᠳᠬᠢᠮᠵᠢ ᠨᠢ ᠲᠣᠳᠣᠷᠬᠠᠶ᠂ ᠠᠭᠤᠯᠭ᠎ᠠ ᠨᠢ | ᠲᠣᠪᠴᠢ ᠠᠪᠰᠠᠷᠬᠠᠨ᠂ ᠨᠢᠭᠡ ᠶᠠᠪᠤᠳᠠᠯ ᠳᠤ ᠨᠢᠭᠡ ᠰᠠᠨᠠᠯ ᠳᠤᠷᠠᠳᠬᠤ ᠬᠡᠷᠡᠭᠲᠡᠶ᠃ | ᠭᠤᠷᠪᠠ᠂ ᠰᠠᠨᠠᠯ ᠰᠠᠨᠠᠭᠤᠯᠭ᠎ᠠ ᠬᠤᠷᠢᠶᠠᠬᠤ ᠬᠡᠪᠴᠢᠶ᠎ᠡ | ᠰᠠᠨᠠᠯ ᠰᠠᠨᠠᠭᠤᠯᠭ᠎ᠠ ᠬᠤᠷᠢᠶᠠᠬᠤ ᠲᠥᠷᠥᠯ ᠵᠤᠶᠢᠯ ᠤᠨ ᠬᠦᠷᠢᠶ᠎ᠡ ᠬᠡᠪᠴᠢᠶᠡᠨ ᠳᠤ᠄ ᠨᠡᠶᠢᠭᠡᠮ ᠤᠨ ᠪᠠᠲᠤᠯᠠᠭ᠎ᠠ᠂ | ᠣᠯᠠᠨ ᠨᠡᠶᠢᠲᠡ ᠶᠢᠨ ᠤᠶᠢᠯᠡᠴᠢᠯᠡᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠠᠵᠤ ᠤᠶᠢᠯᠡᠰ ᠤᠨ ᠬᠥᠭᠵᠢᠯᠲᠡ᠂ ᠣᠷᠴᠢᠨ ᠠᠬᠤᠶ ᠶᠢᠨ ᠬᠠᠮᠠᠭᠠᠯᠠᠯᠲᠠ᠂ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠶᠠᠪᠤᠵᠤ ᠰᠠᠭᠤᠬᠤ᠂ | ᠠᠵᠢᠯ ᠤᠯᠭᠤᠵᠤ ᠤᠶᠢᠯᠡᠰ ᠪᠤᠰᠬᠠᠬᠤ᠂ ᠢᠳᠡᠭᠡᠨ ᠤ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ | ᠬᠦᠷᠢᠶ᠎ᠡ ᠬᠡᠪᠴᠢᠶᠡᠨ ᠳᠠᠬᠢ ᠠᠭᠤᠯᠭ᠎ᠠ ᠪᠠᠭᠲᠠᠨ᠎ᠠ᠃ | ᠳᠥᠷᠪᠡ᠂ ᠰᠠᠨᠠᠯ ᠰᠠᠨᠠᠭᠤᠯᠭ᠎ᠠ ᠬᠤᠷᠢᠶᠠᠬᠤ ᠠᠷᠭ᠎ᠠ ᠮᠠᠶ᠋ᠢᠭ | ᠳᠤᠷᠠᠳᠤᠭᠰᠠᠨ ᠰᠠᠨᠠᠯ ᠰᠠᠨᠠᠭᠤᠯᠭ᠎ᠠ ︵ᠲᠥᠷᠥᠯ ᠵᠤᠶᠢᠯ ᠤᠨ ᠨᠡᠷᠡᠶᠢᠳᠦᠯ᠂ ᠭᠤᠤᠯ ᠠᠭᠤᠯᠭ᠎ᠠ ᠶᠢ ᠪᠠᠭᠲᠠᠭᠠᠨ᠎ᠠ︶ | ᠶᠢ ᠵᠠᠬᠢᠳᠠᠯ ᠢᠶᠠᠷ ᠢᠯᠡᠭᠡᠬᠦ᠂ ᠡᠯᠧᠺᠲᠷᠣᠨ ᠰᠢᠤᠳᠠᠨ ᠤ ᠬᠠᠶᠢᠷᠴᠠᠭ ᠲᠤ ᠢᠯᠡᠭᠡᠬᠦ ᠵᠡᠷᠭᠡ ᠠᠷᠭ᠎ᠠ ᠪᠠᠷ ᠵᠠᠯᠠᠶᠢᠳ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 310 ᠲᠠᠰᠤᠭ ᠲᠤ ᠬᠠᠷᠢᠭᠤ ᠲᠤᠰᠬᠠᠨ᠎ᠠ᠂ | ᠬᠠᠷᠢᠯᠴᠠᠬᠤ ᠬᠥᠮᠦᠨ᠄ ᠱᠠᠨ ᡁᠢ ᠴᠤᠤ᠂ ᠬᠠᠷᠢᠯᠴᠠᠬᠤ ᠤᠲᠠᠰᠤ᠄ 6736468 ᠪᠤᠯᠤᠨ᠎ᠠ᠃ ᠡᠯᠧᠺᠲᠷᠣᠨ | ᠰᠢᠤᠳᠠᠨ ᠤ ᠬᠠᠶᠢᠷᠴᠠᠭ᠄ zhichao7030@163.com᠃ | ᠺᠠᠳ᠋ᠷ ᠣᠯᠠᠨ ᠲᠦᠮᠡᠨ ᠪᠠ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠢᠴᠢ ᠨᠡᠶᠢᠭᠡᠮ ᠤᠨ ᠡᠯ᠎ᠡ | ᠡᠲᠡᠭᠡᠳ ᠤᠨ ᠬᠥᠮᠦᠰ ᠢᠳᠡᠪᠬᠢᠲᠡᠶ ᠪᠠᠷ ᠣᠷᠣᠯᠴᠠᠵᠤ᠂ ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ | ᠤᠬᠠᠭᠠᠨ ᠭᠠᠷᠭᠠᠵᠤ᠂ ᠣᠳᠣᠬᠠᠨ ᠳᠤ ᠪᠠᠴᠢᠮ ᠰᠢᠢᠳᠪᠤᠷᠢᠯᠡᠬᠦ ᠴᠢᠬᠤᠯᠠᠲᠠᠶ᠂ ᠬᠤᠯᠪᠣᠭᠳᠠᠬᠤ ᠬᠡᠪᠴᠢᠶ᠎ᠡ ᠨᠢ | ᠨᠡᠯᠢᠶᠡᠳ ᠥᠷᠭᠡᠨ᠂ ᠵᠣᠬᠢᠬᠤ ᠬᠡᠮᠵᠢᠶᠡᠨ ᠤ ᠪᠣᠯᠤᠮᠵᠢᠲᠤ ᠴᠢᠨᠠᠷ ᠲᠠᠢ ᠰᠠᠨᠠᠯ ᠰᠠᠨᠠᠭᠤᠯᠭ᠎ᠠ ᠶᠢ ᠳᠤᠷᠠᠳᠴᠤ᠂ ᠮᠠᠨ ᠤ | ᠬᠤᠰᠢᠭᠤᠨ ᠤ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ | ᠳᠡᠭᠡᠭᠰᠢᠯᠡᠯᠳᠡ ᠳᠤ ᠲᠦᠯᠬᠢᠴᠡ ᠬᠦᠴᠦᠨ ᠪᠤᠯᠬᠤ ᠶᠢ ᠬᠦᠰᠡᠵᠦ ᠪᠠᠶᠢᠨ᠎ᠠ᠃ | 2022 ᠤᠨ ᠤ 12 ᠰᠠᠷ᠎ᠠ ᠶᠢᠨ 5 ᠤ ᠡᠳᠤᠷ |