︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠡᠪᠴᠢᠶ᠎ᠡ ᠶᠢ | ᠵᠠᠭᠠᠭᠯᠠᠨ ᠲᠣᠭᠲᠠᠭᠠᠬᠤ ᠠᠵᠢᠯ ᠢ ᠲᠡᠭᠦᠯᠳᠡᠷᠵᠢᠭᠦᠯᠦᠨ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠤᠰᠤᠨ ᠠᠰᠢᠭᠯᠠᠯᠳᠠ ᠶᠢᠨ ᠲᠢᠩᠬᠢᠮ ᠤᠨ ᠬᠠᠮᠢᠶᠠᠷᠤᠯᠲᠠ ﹇2021﹈ 32 ᠳ᠋ᠤᠭᠠᠷ ᠲᠣᠭᠠᠲᠤ | ︶ ᠪᠠ ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠵᠠᠭᠠᠭ ᠲᠣᠭᠲᠠᠭᠠᠬᠤ ᠠᠵᠢᠯ ᠢ ᠤᠯᠠᠮ ᠨᠢᠭᠡ ᠠᠯᠬᠤᠮ | ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ | ᠠᠰᠢᠭᠯᠠᠯᠳᠠ ᠶᠢᠨ ᠲᠢᠩᠬᠢᠮ ᠤᠨ ᠬᠠᠮᠢᠶᠠᠷᠤᠯᠲᠠ ﹇2020﹈ 44 ᠳ᠋ᠤᠭᠡᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠡᠳᠦᠭᠡ ᠬᠤᠯᠪᠣᠭᠳᠠᠯ ᠪᠥᠬᠦᠢ ᠵᠤᠶᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠲᠣᠰ ᠠᠯᠪᠠᠨ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠤᠰᠢᠭᠤᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠬᠠᠰᠢᠯᠭ᠎ᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠬᠢᠨ᠎ᠠ᠃ ᠵᠠᠭᠠᠭᠯᠠᠨ ᠲᠣᠭᠲᠠᠭᠠᠭᠰᠠᠨ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠠᠵᠠᠷ ᠰᠢᠷᠣᠶ ᠶᠢᠨ ᠡᠷᠬᠡ ᠶᠢᠨ | ᠬᠠᠷᠢᠶᠠᠯᠠᠯ ᠢ ᠬᠤᠪᠢᠷᠠᠭᠤᠯᠬᠤ ᠦᠭᠡᠢ᠃ | ᠬᠤᠶᠠᠷ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠬᠡᠪᠴᠢᠶᠡᠨ ᠳᠤ ᠬᠠᠰᠢᠯᠭ᠎ᠠ | ᠲᠠᠯᠠᠩ ᠢ ᠰᠡᠯᠪᠢᠨ ᠵᠠᠰᠠᠬᠤ᠂ ᠤᠰᠤ ᠬᠤᠷᠢᠭᠯᠠᠬᠤ ᠰᠤᠪᠠᠭ᠂ ᠤᠰᠤ ᠬᠤᠷᠢᠭᠯᠠᠬᠤ ᠵᠠᠮ ᠵᠠᠰᠠᠬᠤ ᠶᠢ ᠴᠠᠭᠠᠵᠠᠯᠠᠨ᠎ᠠ ᠃ | ᠥᠨᠳᠥᠷ ᠡᠰᠢᠲᠦ ᠲᠠᠷᠢᠮᠠᠯ ︵ᠣᠨᠴᠠᠭᠠᠶᠢᠯᠠᠨ ᠡᠷᠳᠡᠨᠢ ᠰᠢᠰᠢ᠂ ᠨᠠᠷᠠᠨ ᠬᠤᠸᠠᠷ᠂ ᠥᠨᠳᠥᠷ ᠡᠰᠢᠲᠦ ᠰᠢᠰᠢ ᠶᠢ | ᠵᠢᠭᠠᠵᠤ ᠪᠠᠶᠢᠨ᠎ᠠ︶᠂ ᠬᠤᠯᠤᠰᠤ᠂ ᠬᠠᠷᠭᠠᠰᠤ᠂ ᠲᠦᠯᠡᠭᠡ ᠪᠠ ᠮᠣᠳᠣ ︵ᠬᠠᠰᠢᠯᠭ᠎ᠠ ᠶᠢᠨ ᠬᠠᠮᠠᠭᠠᠯᠠᠯᠲᠠ ᠶᠢᠨ ᠤᠢ | ᠠᠴᠠ ᠭᠠᠳᠠᠨ᠎ᠠ︶ ᠲᠠᠷᠢᠬᠤ ᠶᠢ ᠴᠠᠭᠠᠵᠠᠯᠠᠨ᠎ᠠ᠃ ᠭᠤᠣᠯ ᠬᠠᠰᠢᠵᠤ ᠵᠢᠭᠠᠰᠤ ᠠᠩᠨᠠᠬᠤ ᠪᠠᠭᠠᠵᠢ ᠬᠡᠷᠡᠭᠰᠡᠯ | ᠭᠠᠷᠭᠠᠬᠤ ᠶᠢ ᠴᠠᠭᠠᠵᠠᠯᠠᠨ᠎ᠠ︔ ᠬᠦᠳᠡᠷ ᠤᠨ ᠰᠢᠭᠠᠷᠤ᠂ ᠴᠢᠯᠠᠭᠤᠨ ᠰᠢᠭᠠᠷᠤ᠂ ᠨᠡᠭᠦᠷᠡᠰᠦᠨ ᠤ ᠦᠨᠡᠰᠦ᠂ ᠰᠢᠪᠠᠷ | ᠰᠢᠷᠣᠶ᠂ ᠬᠤᠭ ᠨᠣᠪᠰᠢ ᠵᠡᠷᠭᠡ ᠶᠢ ᠲᠤᠷ᠎ᠠ ᠪᠠᠷ ᠬᠠᠶᠠᠬᠤ ᠶᠢ ᠴᠠᠭᠠᠵᠠᠯᠠᠨ᠎ᠠ᠃ | ᠭᠤᠷᠪᠠ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ᠂ ᠤᠰᠤ | ᠶᠢ ᠪᠣᠬᠢᠷᠲᠤᠭᠤᠯᠬᠤ ᠪᠣᠳᠠᠰ ᠢ ᠣᠪᠣᠭᠠᠯᠠᠬᠤ᠂ ᠴᠢᠳᠬᠤᠬᠤ᠂ ᠪᠤᠯᠠᠬᠤ᠂ ᠭᠠᠳᠠᠭᠰᠢᠯᠠᠭᠤᠯᠬᠤ ᠶᠢ ᠴᠠᠭᠠᠵᠠᠯᠠᠨ᠎ᠠ᠃ | ᠤᠰᠦᠠ ᠬᠠᠭᠠᠯᠲᠠ᠂ ᠲᠡᠯᠡᠩ ᠳᠣᠲᠣᠷ᠎ᠠ ᠲᠤᠰᠦᠠ ᠤ ᠵᠦᠢᠯ ᠪᠤᠶᠤ ᠬᠤᠣᠷᠲᠠᠢ ᠪᠣᠬᠢᠷᠲᠤᠯ ᠪᠣᠳᠠᠰ ᠢ ᠰᠠᠪᠠᠯᠠᠵᠤ | ᠬᠠᠳᠠᠭᠠᠯᠠᠵᠤ ᠥᠩᠭᠡᠷᠡᠭᠰᠡᠨ ᠲᠡᠷᠭᠡ ᠤᠨᠤᠭ᠎ᠠ᠂ ᠰᠡᠪᠡ ᠬᠡᠷᠡᠭᠰᠡᠯ ᠢ ᠤᠬᠢᠶᠠᠵᠤ ᠴᠡᠪᠡᠷᠯᠡᠬᠦ ᠶᠢ ᠴᠠᠭᠠᠵᠠᠯᠠᠨ᠎ᠠ᠃ | ᠲᠦᠷᠪᠡ᠂ ᠬᠠᠰᠢᠯᠭ᠎ᠠ ᠳᠠᠯᠠᠩ ᠪᠠ ᠬᠠᠰᠢᠯᠭ᠎ᠠ ᠬᠠᠮᠠᠭᠠᠯᠠᠬᠤ ᠭᠠᠵᠠᠷ ᠲᠤ ᠭᠡᠷ ᠪᠠᠷᠢᠬᠤ᠂ ᠮᠠᠯ ᠬᠠᠷᠢᠭᠤᠯᠬᠤ᠂ | ᠰᠤᠪᠠᠭ ᠮᠠᠯᠲᠠᠬᠤ᠂ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠪᠤᠯᠠᠰᠢ ᠪᠤᠯᠠᠰᠢᠯᠠᠬᠤ᠂ ᠠᠮᠤ ᠪᠤᠳᠠᠭ᠎ᠠ ᠡᠭᠡᠭᠡᠬᠦ᠂ | ᠡᠳ᠋ ᠮᠠᠲ᠋ᠧᠷᠢᠶᠠᠯ ᠬᠠᠳᠠᠭᠠᠯᠠᠬᠤ᠂ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ᠂ ᠬᠠᠭᠤᠴᠢ | ᠰᠤᠳᠤᠯᠤᠯ ᠤᠨ ᠨᠡᠭᠡᠭᠡᠨ ᠮᠠᠯᠲᠠᠬᠤ ᠵᠢᠴᠢ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠥᠷᠨᠢᠭᠦᠯᠬᠦ ᠶᠢ ᠴᠠᠭᠠᠵᠠᠯᠠᠨ᠎ᠠ︔ | ᠬᠤᠳᠳᠤᠭ ᠮᠠᠯᠲᠠᠬᠤ᠂ ᠥᠷᠥᠮᠳᠡᠨ ᠬᠠᠶᠢᠬᠤ᠂ ᠳᠡᠯᠪᠡᠴᠢᠬᠦ᠂ ᠵᠢᠭᠠᠰᠤᠨ ᠴᠥᠭᠦᠷᠥᠮ ᠮᠠᠯᠲᠠᠬᠤ᠂ ᠴᠢᠯᠠᠭᠤ ᠭᠠᠷᠭᠠᠬᠤ | ᠂ ᠡᠯᠡᠰᠦ ᠰᠢᠷᠣᠢ ᠠᠪᠬᠤ ᠵᠡᠷᠭᠡ ᠬᠠᠰᠢᠯᠭ᠎ᠠ ᠲᠡᠯᠡᠩ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ | ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠲᠠᠪᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ | ᠵᠥᠪᠰᠢᠶᠡᠷᠡᠯ ᠣᠯᠤᠭᠰᠠᠨ ᠦᠭᠡᠢ ᠪᠠᠷ ᠡᠯᠡᠰᠦ ᠮᠠᠯᠲᠠᠬᠤ᠂ ᠰᠢᠷᠣᠶ ᠠᠪᠬᠤ᠂ ᠠᠯᠲᠠ ᠲᠤᠩᠭᠠᠬᠤ᠂ ᠬᠠᠶᠢᠷ ᠴᠢᠯᠠᠭᠤ | ᠪᠤᠶᠤ ᠯᠠᠭ ᠰᠢᠪᠡᠷ ᠬᠠᠶᠠᠬᠤ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠯ ᠥᠬᠡᠶ ᠪᠠᠷ ᠤᠰᠤᠨ ᠬᠠᠭᠠᠯᠲᠠ᠂ | ᠬᠠᠰᠢᠯᠭ᠎ᠠ ᠲᠠᠩ ᠭᠠᠵᠠᠷ ᠲᠤ ᠭᠠᠵᠠᠷ ᠳᠣᠤᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ ᠵᠢᠴᠢ ᠬᠠᠭᠤᠴᠢ ᠰᠤᠳᠤᠯᠤᠯ ᠢ | ᠨᠡᠭᠡᠭᠡᠨ ᠮᠠᠯᠲᠠᠬᠤ ᠶᠢ ᠴᠢᠩᠭ᠎ᠠ ᠴᠠᠭᠠᠵᠠᠯᠠᠨ᠎ᠠ᠃ ᠵᠥᠪᠰᠢᠶᠡᠷᠡᠯ ᠦᠭᠡᠢ ᠪᠠᠷ ᠢᠨᠵᠧᠨᠧᠷᠢᠩ ᠤᠨ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠨ᠎ᠠ᠃ | ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ | ᠲᠣᠭᠲᠠᠭᠠᠯ ᠢ ᠵᠥᠷᠢᠴᠡᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ | ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠤᠬᠠᠶ ᠶᠢᠨ ᠬᠥᠮᠦᠨ | ᠠᠴᠠ ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ᠳᠠᠭᠠᠯᠳᠤᠭᠤᠯᠤᠯ᠄ 1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ | ᠢᠨᠵᠧᠨᠧᠷᠢᠩ ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠬᠰᠠᠨ | ᠪᠠᠷᠢᠮᠵᠢᠶ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ᠃ doc | 2. ᠵᠠᠯᠠᠶᠢᠳ ᠬᠤᠰᠢᠭᠤᠨ ᠤ ᠪᠤᠭᠳᠠ ᠠᠭᠤᠯᠠ ᠴᠥᠭᠦᠷᠥᠮ ᠤᠨ ᠦᠨᠳᠦᠰᠦᠨ ᠰᠤᠷᠠᠭ ᠵᠠᠩᠭᠢ ᠵᠢᠴᠢ | ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠤᠨ | ᠪᠦᠷᠢᠳᠬᠡᠯ ᠤᠨ ᠬᠦᠰᠦᠨᠦᠭᠲᠦ. xlsx | 3. ᠵᠠᠯᠠᠶᠢᠳ ᠬᠤᠰᠢᠭᠤᠨ ᠤ ᠪᠤᠭᠳᠠ ᠠᠭᠤᠯᠠ ᠴᠥᠭᠦᠷᠥᠮ ᠤᠨ ᠬᠢᠯᠢ ᠶᠢᠨ ᠵᠠᠭᠠᠭ ᠤᠨ ᠵᠢᠷᠤᠭ | ※ ᠨᠠᠷᠢᠨ ᠠᠭᠤᠯᠭ᠎ᠠ ᠶᠢ ᠬᠤᠰᠢᠭᠤᠨ ᠤ ᠵᠠᠰᠠᠭ ᠤᠨ ᠤᠷᠳᠤᠨ ᠤ ᠬᠢᠳᠠᠳ ᠰᠦᠯᠵᠢᠶ᠎ᠡ ᠠᠴᠠ | ᠠᠩᠬᠠᠷᠤᠭᠠᠷᠠᠢ︕ |