ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠢ ᠢᠯᠡ ᠨᠡᠶᠢᠲᠡᠯᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2022/12/16
   ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠰᠤᠳᠤᠯᠤᠭᠠᠳ ᠳᠣᠣᠷᠠᠬᠢ ᠲᠡᠪᠰᠢᠭᠦᠯᠦᠨ ᠲᠤᠮᠢᠯᠠᠬᠤ ᠪᠠᠷ ᠪᠠᠶᠢᠭ᠎ᠠ 4 ᠬᠦᠮᠦᠨ ᠢ ᠢᠯᠡ ᠨᠡᠶᠢᠲᠡᠯᠡᠬᠦ ᠪᠠᠷ ᠲᠣᠭᠲᠠᠪᠠ᠃    ᠨᠢᠭᠡ᠂ ᠢᠯᠡ ᠪᠠᠷ ᠨᠡᠶᠢᠲᠡᠯᠡᠬᠦ ᠬᠦᠮᠦᠰ ᠤᠨ ᠨᠡᠷᠡᠰ    ᠯᠦ ᠶᠦᠩ ᠽᠧ᠂ ᠡᠷᠡᠭᠲᠡᠢ᠂ ᠬᠢᠲᠠᠳ ᠦᠨᠳᠦᠰᠦᠲᠡᠨ᠂ 1980 ᠣᠨ ᠤ 1 ᠰᠠᠷ᠎ᠠ ᠳᠤ ᠲᠦᠷᠦᠵᠠᠢ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠯᠪᠤᠭ᠎ᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠪᠠᠷ ᠠᠵᠢᠯᠯᠠᠵᠤ ᠪᠤᠢ᠃ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠤᠢ᠃    ᠲᠠᠩ ᠽᠢ ᠵᠢᠶᠠᠨ᠂ ᠡᠷᠡᠭᠲᠡᠢ᠂ ᠬᠢᠲᠠᠳ ᠦᠨᠳᠦᠰᠦᠲᠡᠨ᠂ 1983 ᠣᠨ ᠤ 1 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠠᠷᠪᠡᠨᠭᠡᠷ  ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ  ᠢᠶᠠᠷ ᠠᠵᠢᠯᠯᠠᠵᠤ ᠪᠤᠢ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠳᠠᠷᠤᠭ᠎ᠠ ᠶᠢᠨ ᠲᠤᠰᠢᠶᠠᠯ ᠳᠤ ᠲᠤᠮᠢᠯᠠᠵᠤ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃    ᠵᠢᠶᠠᠩ ᠬᠤᠩ ᠪᠢᠶᠣᠣ᠂ ᠡᠷᠡᠭᠲᠡᠢ᠂ ᠮᠣᠩᠭᠤᠯ ᠦᠨᠳᠦᠰᠦᠲᠡᠨ᠂ 1984 ᠣᠨ ᠤ 4 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠶ᠋ᠬᠠᠤᠯᠠᠭᠠᠨ ᠰᠤᠮᠤ ᠶᠢᠨ ᠳᠡᠳ᠋ ᠰᠤᠮᠤ ᠶᠢᠨ ᠲᠠᠷᠤᠭ᠎ᠠ ᠪᠠᠷ ᠠᠵᠢᠯᠯᠠᠵᠤ ᠪᠤᠢ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠣᠶ᠃    ᠵᠠᠩ ᠬᠠᠢ ᠢᠦᠢ᠂ ᠡᠷᠡᠭᠲᠡᠢ᠂ ᠬᠢᠲᠠᠳ ᠦᠨᠳᠦᠰᠦᠲᠡᠨ᠂ 1981 ᠣᠨ ᠤ 7 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠪᠠᠷ ᠠᠵᠢᠯᠯᠠᠵᠤ ᠪᠤᠢ᠂ ᠬᠤᠰᠢᠭᠤᠨ ᠤ ᠰᠢᠭᠤᠳ ᠬᠠᠷᠢᠶ᠎ᠠ ᠰᠠᠯᠠᠭᠠᠨ ᠲᠠᠰ ᠤᠨ ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃    ᠬᠤᠶᠠᠷ᠂ ᠢᠯᠡ ᠨᠡᠶᠢᠲᠡᠯᠡᠬᠦ ᠴᠠᠭ    ᠵᠠᠷᠯᠠᠨ ᠨᠡᠶᠢᠲᠡᠯᠡᠬᠦ ᠴᠠᠭ ᠨᠢ 2022 ᠣᠨ ᠤ 12 ᠰᠠᠷ᠎ᠠ ᠶᠢᠨ 16 ᠤ ᠡᠳᠦᠷ ᠠᠴᠠ 2022 ᠣᠨ ᠤ 12 ᠰᠠᠷ᠎ᠠ ᠶᠢᠨ 22 ᠤᠨ ᠡᠳᠦᠷ ᠪᠣᠯᠲᠠᠯ᠎ᠠ ᠨᠡᠶᠢᠳᠡᠯᠡᠨ᠎ᠡ᠃    ᠭᠤᠷᠪᠠ᠂  ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ    ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠬᠦᠯᠬᠦ ᠵᠡᠷᠭᠡ ᠬᠡᠯᠪᠡᠷᠢ ᠪᠠᠷ ᠳᠡᠭᠡᠷᠡᠬᠢ ᠢᠯᠡ ᠨᠡᠶᠢᠲᠡᠯᠡᠭᠰᠡᠨ ᠡᠲᠡᠭᠡᠳ ᠤᠨ ᠬᠠᠮᠢᠶ᠎ᠠ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠦᠬᠦᠮ ᠤᠨ ᠲᠥᠯᠥᠭᠡ᠂ ᠠᠰᠠᠭᠤᠳᠠᠯ ᠢ ᠲᠤᠰᠬᠠᠬᠤ ᠳᠠᠭᠠᠨ ᠬᠠᠮᠢᠶ᠎ᠠ ᠪᠦᠬᠦᠢ ᠰᠦᠪᠡᠭᠴᠢ ᠵᠢᠴᠢ ᠲᠤᠰ ᠬᠥᠮᠥᠨ ᠤ ᠦᠨᠡᠨ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠢ ᠵᠡᠷᠭᠡ ᠰᠤᠷᠠᠭ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃ᠵᠠᠷᠯᠠᠨ ᠨᠡᠶᠢᠲᠡᠯᠡᠬᠦ ᠠᠯᠪᠠᠨ ᠭᠡᠷ ᠢ ᠬᠤᠰᠢᠭᠤᠨ ᠤ ᠨᠠᠮ ᠵᠠᠰᠠᠭ ᠤᠨ ᠲᠣᠮᠣ ᠠᠰᠠᠷ ᠤᠨ 716 ᠲᠠᠰᠤᠭ ᠲᠤ ᠲᠣᠬᠢᠷᠠᠭᠤᠯᠪᠠ᠃    ᠭᠥᠯᠢᠶᠡᠨ ᠠᠪᠬᠤ ᠴᠠᠭ᠄ ᠠᠵᠢᠯᠯᠠᠬᠤ ᠡᠳᠦᠷ ᠪᠦᠷᠢ ᠶᠢᠨ ᠦᠳᠡ ᠶᠢᠨ ᠡᠮᠤᠨᠡᠬᠢ 8᠄ 30 ︱ 11᠄ 30᠂ ᠦᠳᠡ ᠶᠢᠨ ᠬᠤᠶᠢᠨᠡᠬᠢ 2᠄ 30 ︱ 5᠄ 30 ᠪᠤᠯᠳᠠᠯ᠎ᠠ ᠠᠵᠢᠯᠯᠠᠨ᠎ᠠ᠃ ᠭᠥᠯᠢᠶᠡᠨ ᠠᠪᠬᠤ ᠤᠲᠠᠰᠤ᠄ ︵0482︶ 12380 ︱ 3 ︵0482︶ 6736971 ᠪᠤᠯᠤᠨ᠎ᠠ᠃                        ᠣᠨᠴᠠᠭᠠᠶᠢᠯᠠᠨ ᠵᠠᠷᠯᠠᠪᠠ                                       ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ                                       ᠬᠤᠰᠢᠭᠤᠨ ᠤ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                                         2022 ᠤᠨ ᠤ 12  ᠰᠠᠷ᠎ᠠ ᠶᠢᠨ 15 ᠤ ᠡᠳᠤᠷ        
 
ᠢᠷᠡᠯᠲᠡ᠄ ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号