ᠵᠠᠯᠠᠶᠢᠳ ᠬᠤᠰᠢᠭᠤᠨ ᠤ ᠪᠠᠶ᠋ᠬᠠᠤᠯᠠᠭᠠᠨ ᠰᠤᠮᠤ
ᠨᠡᠶᠢᠲᠡᠯᠡᠭᠰᠡᠨ ᠴᠠᠭ᠄
2022/12/16
   1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ    ᠭᠤᠣᠯ ᠡᠭᠦᠷᠭᠡ ᠬᠠᠷᠢᠭᠤᠴᠠᠯᠭ᠎ᠠ᠄ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠬᠠᠮᠵᠢᠨ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠬᠦ ᠶᠢ ᠬᠠᠷᠢᠭᠤᠴᠠᠨ᠎ᠠ᠃  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠷᠢᠯᠴᠠᠬᠤ ᠠᠵᠢᠯ ᠢ ᠬᠠᠷᠢᠭᠤᠴᠠᠨ᠎ᠠ᠃ ᠨᠠᠷᠢᠨ ᠪᠢᠴᠢᠭᠡᠴᠢ᠂ ᠮᠡᠳᠡᠭᠡ ᠵᠠᠩᠭᠢ᠂ ᠲᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠨᠠᠮ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠬᠢᠬᠦ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠵᠢᠴᠢ ᠵᠠᠰᠠᠭ ᠵᠠᠬᠢᠷᠭᠠᠨ ᠤ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃    2. ᠦᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠲᠥᠯᠥᠪᠵᠢᠭᠦᠯᠬᠦ᠂ ᠪᠣᠳᠠᠲᠠᠢ ᠡᠭᠦᠷᠭᠡ ᠶᠢ ᠨᠠᠶᠢᠳᠠᠪᠤᠷᠢᠵᠢᠭᠤᠯᠬᠤ ᠵᠡᠷᠭᠡ ᠬᠦᠷᠢᠶᠡᠨ ᠤ ᠠᠵᠢᠯ ᠢ ᠬᠠᠷᠢᠭᠤᠴᠠᠨ᠎ᠠ᠃ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢᠨ ᠠᠵᠢᠯ ᠢ ᠬᠠᠷᠢᠭᠤᠴᠠᠨ᠎ᠠ᠃ ᠭᠠᠴᠠᠭᠠᠨ ᠤ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠷᠢᠭᠤᠴᠠᠨ᠎ᠠ᠃ ᠬᠠᠷᠢᠶ᠎ᠠ ᠣᠷᠣᠨ ᠤ ᠪᠠᠨ ᠳᠣᠲᠣᠷᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠨᠠᠮ ᠤᠨ ᠵᠣᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠵᠢᠯᠤᠭᠤᠳᠤᠨ᠎ᠠ᠃  ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ᠂ ᠺᠠᠳ᠋ᠷ ᠢ ᠬᠥᠮᠥᠵᠢᠭᠦᠯᠬᠦ᠂ ᠪᠤᠯᠪᠠᠰᠤᠷᠠᠯ ᠬᠦᠷᠳᠡᠭᠡᠬᠦ᠂ ᠬᠢᠨᠠᠨ ᠰᠢᠯᠭᠠᠬᠤ᠂ ᠬᠢᠨᠠᠯᠲᠠ ᠲᠠᠯᠪᠢᠬᠤ ᠵᠢᠴᠢ ᠪᠡᠯᠡᠳᠬᠡᠯ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠬᠦ ᠵᠡᠷᠭᠡ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠨᠠᠮ ᠤᠨ ᠭᠡᠰᠢᠭᠦᠨ ᠤ ᠬᠠᠮᠢᠶᠠᠷᠤᠯᠳᠠ ᠪᠠ ᠰᠤᠷᠭᠠᠨ ᠬᠦᠮᠤᠵᠢᠯ ᠤᠨ ᠠᠵᠢᠯ ᠢ  ᠬᠦᠭᠵᠢᠬᠦᠯᠬᠦ ᠶᠢ ᠬᠠᠷᠢᠭᠤᠴᠠᠨ᠎ᠠ᠃    3. ᠠᠮᠤᠷ ᠠᠮᠤᠭᠤᠯᠠᠩ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠪᠠ ᠠᠮᠤᠷ ᠠᠮᠤᠭᠤᠯᠠᠩ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠲᠤᠰ ᠬᠠᠷᠢᠶ᠎ᠠ ᠣᠷᠣᠨ ᠤ ᠪᠠᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠥᠯᠥᠪᠯᠡᠭᠡ᠂ ᠱᠠᠳᠤᠴᠢ ᠴᠢᠨᠠᠷᠲᠠᠢ ᠠᠵᠢᠯ ᠤᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠣᠰ ᠬᠠᠷᠢᠶ᠎ᠠ ᠣᠷᠣᠨ ᠤ ᠪᠠᠨ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠪᠠ ᠠᠵᠢᠯ ᠤᠨ ᠪᠠᠶᠢᠳᠠᠯ ᠢ ᠪᠠᠶᠢᠴᠠᠭᠠᠨ ᠣᠶᠢᠯᠠᠭᠠᠬᠤ ᠶᠢᠨ ᠬᠠᠮᠲᠤ  ᠠᠵᠢᠯ ᠤᠨ ᠬᠦᠳᠡᠯᠤᠩᠭᠦᠢ ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠡᠯ᠎ᠡ ᠭᠠᠴᠠᠭ᠎ᠠ ᠲᠤᠰᠬᠤᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃     4. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷᠭᠤᠣᠯ ᠡᠭᠦᠷᠭᠡ ᠬᠠᠷᠢᠭᠤᠴᠠᠯᠭ᠎ᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠥᠯᠦᠪᠵᠢᠭᠦᠯᠭᠡ ᠲᠣᠭᠲᠠᠭᠠᠬᠤ ᠶᠢ ᠬᠠᠷᠢᠭᠤᠴᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠨᠠᠮ ᠤᠨ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠰᠤᠮᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠯ᠎ᠡ  ᠭᠠᠴᠠᠭ᠎ᠠ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃    5. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷᠭᠤᠣᠯ ᠡᠭᠦᠷᠭᠡ ᠬᠠᠷᠢᠭᠤᠴᠠᠯᠭ᠎ᠠ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠡᠪᠰᠡᠭᠲᠦ ᠬᠦᠴᠦᠨ᠂ ᠠᠷᠠᠳ ᠤᠨ ᠶᠠᠪᠤᠳᠠᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠬᠦᠷᠢᠶᠡᠨ ᠳᠠᠬᠢ ᠠᠵᠢᠯ ᠢ ᠬᠠᠷᠢᠭᠤᠴᠠᠨ᠎ᠠ᠃ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶ᠎ᠠ ᠪᠦᠬᠦᠢ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠲᠠᠭᠠᠭᠠᠴᠢᠯᠠᠨ ᠭᠦᠢᠴᠡᠳᠬᠡᠨ᠎ᠡ᠃    6. ᠨᠠᠮ ᠤᠯᠠᠨ ᠲᠦᠮᠡᠨ ᠤ ᠠᠵᠢᠯ ᠤᠨ ᠤᠶᠢᠯᠡᠴᠢᠯᠡᠭᠡᠨ ᠤ ᠲᠦᠪᠭᠤᠣᠯ ᠡᠭᠦᠷᠭᠡ ᠬᠠᠷᠢᠭᠤᠴᠠᠯᠭ᠎ᠠ᠄ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ  ᠴᠤᠩᠬᠤᠪᠴᠢ  ᠶᠢᠨ ᠡᠳᠦᠷ ᠲᠤᠲᠤᠮ ᠤᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠦᠢᠯᠡᠴᠢᠯᠡᠭᠡ ᠬᠠᠩᠭᠠᠨ᠎ᠠ᠃ ᠵᠠᠰᠠᠭ ᠵᠠᠬᠢᠷᠭᠠᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠪᠣᠶ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠣᠷᠣᠭᠤᠯᠵᠤ ᠡᠯ᠎ᠡ ᠵᠦᠢᠯ ᠤᠨ ᠵᠠᠰᠠᠭ ᠵᠠᠬᠢᠷᠭᠠᠨ ᠤ ᠦᠢᠯᠡᠴᠢᠯᠡᠭᠡᠨ ᠤ ᠳᠦᠷᠢᠮ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠣᠷᠣᠵᠤ ᠰᠠᠭᠤᠬᠤ ᠴᠣᠩᠬᠤᠪᠴᠢ ᠵᠢᠴᠢ ᠲᠡᠭᠦᠨ ᠤ ᠠᠵᠢᠯᠲᠠᠨ ᠢ ᠲᠥᠪᠯᠡᠷᠡᠭᠦᠯᠦᠨ ᠬᠠᠮᠢᠶᠠᠷᠤᠨ᠎ᠠ᠃    7. ᠶᠡᠷᠤᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠᠭᠤᠣᠯ ᠡᠭᠦᠷᠭᠡ ᠬᠠᠷᠢᠭᠤᠴᠠᠯᠭ᠎ᠠ᠄ ᠡᠷᠬᠡ ᠣᠯᠭᠤᠭᠰᠠᠨ ᠪᠠ ᠡᠷᠬᠡ ᠣᠯᠭᠤᠭᠰᠠᠨ ᠪᠠᠶᠢᠳᠠᠯ ᠢ ᠦᠨᠳᠦᠰᠦᠯᠡᠨ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠰᠤᠮᠤ ᠶᠢᠨ ᠵᠠᠰᠠᠭ ᠤᠨ ᠣᠷᠳᠣᠨ ᠢ ᠲᠥᠯᠥᠭᠡᠯᠡᠨ ᠬᠠᠷᠢᠶ᠎ᠠ ᠣᠷᠣᠨ ᠤ ᠪᠠᠨ ᠶᠡᠷᠤᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠨᠢᠭᠡᠳᠦᠯᠲᠡᠢ ᠬᠠᠷᠢᠭᠤᠴᠠᠨ᠎ᠠ     8.  ᠶᠡᠷᠤᠩᠬᠡᠶᠢᠯᠡᠨ ᠪᠠᠳᠤᠯᠠᠬᠤ ᠪᠠ ᠮᠡᠷᠭᠡᠵᠢᠯ ᠳᠡᠯᠭᠡᠷᠡᠭᠦᠯᠬᠦ ᠲᠥᠪᠭᠤᠣᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠮᠠᠯ ᠠᠵᠤ ᠠᠬᠤᠢ᠂ ᠣᠶ ᠰᠢᠭᠤᠢ᠂ ᠤᠰᠤᠨ ᠠᠰᠢᠭᠯᠠᠯᠳᠠ ᠵᠡᠷᠭᠡ  ᠬᠦᠷᠢᠶᠡᠨ ᠤ ᠮᠡᠷᠭᠡᠵᠢᠯ ᠤᠨ ᠦᠢᠯᠡᠴᠢᠯᠡᠭᠡ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠯᠤᠰ ᠤᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠬᠤ ᠳᠤ ᠣᠷᠤᠯᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠷᠢᠶᠠᠯᠠᠩ ᠤᠨ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ᠂ ᠰᠢᠨ᠎ᠡ ᠬᠡᠪ ᠵᠠᠭᠪᠤᠷ᠂ ᠰᠢᠨ᠎ᠡ ᠮᠠᠰᠢᠨ ᠪᠠᠭᠠᠵᠢ ᠳᠤ ᠲᠤᠷᠰᠢᠯᠲᠠ ᠬᠢᠵᠦ᠂ ᠦᠯᠢᠭᠡᠷ ᠵᠢᠱᠢᠶ᠎ᠡ ᠦᠵᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠠᠵᠢᠯ ᠢ ᠬᠠᠷᠢᠭᠤᠴᠠᠨ᠎ᠠ᠃ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠪᠠᠶ᠋ᠬᠠᠤᠯᠠᠭᠠᠨ ᠰᠤᠮᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号