ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
ᠨᠡᠶᠢᠲᠡᠯᠡᠭᠰᠡᠨ ᠴᠠᠭ᠄
2022/12/16
    ᠬᠤᠶᠠᠳᠤᠭᠠᠷ ᠵᠤᠷᠪᠤᠰ   ᠭᠤᠣᠯ ᠡᠭᠦᠷᠭᠡ ᠬᠠᠷᠢᠭᠤᠴᠠᠯᠭ᠎ᠠ     ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠬᠢᠨᠠᠮᠠᠭᠠᠢ  ᠲᠤᠭᠤᠰᠢᠯᠠᠭᠤᠯᠤᠨ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ   ᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠳᠦᠷᠢᠮ ᠲᠣᠭᠲᠠᠭᠠᠯ   ᠢ ᠪᠠᠶᠢᠭᠤᠯᠤᠨ ᠪᠦᠷᠢᠨᠰᠢᠭᠦᠯᠵᠦ᠂ ᠵᠠᠰᠠᠯᠳᠠ ᠶᠢᠨ ᠰᠢᠰᠲ᠋ᠧᠮ ᠪᠣᠯᠣᠨ ᠵᠠᠰᠯᠠᠳᠠ ᠶᠢᠨ ᠴᠢᠳᠠᠪᠤᠷᠢ ᠶᠢᠨ ᠣᠳᠣᠬᠢᠴᠢᠯᠠᠯᠳᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠬᠤᠶᠠᠷ︶ ᠨᠠᠮ ᠤᠨ ᠤᠯᠤᠰ ᠲᠦᠷᠤ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠵᠢᠷᠤᠮ ᠤᠨ ᠤᠶᠦᠠ ᠤ ᠪᠣᠯᠪᠠᠰᠤᠨ ᠤ ᠪᠠᠶᠢᠭᠤᠯᠤᠯᠲᠠ ᠪᠣᠯᠣᠨ ᠦᠵᠡᠯ ᠰᠠᠨᠠᠭ᠎ᠠ ᠶᠣᠰᠣ  ᠰᠤᠷᠳᠠᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ ᠬᠡᠪ ᠪᠤᠯᠪᠠᠰᠤᠷᠠᠯ ᠢ ᠳᠡᠭᠡᠭᠰᠢᠯᠡᠭᠦᠯᠵᠦ᠂ ᠨᠡᠶᠢᠭᠡᠮ ᠤᠨ ᠪᠣᠯᠪᠠᠰᠤᠨ ᠲᠡᠪᠰᠢᠯᠳᠠ ᠶᠢ ᠠᠬᠢᠭᠤᠯᠬᠤ ᠬᠡᠷᠡᠭᠲᠡᠢ᠃ ᠠᠷᠠᠳ ᠤᠨ ᠵᠡᠪᠰᠡᠭᠲᠦ ᠬᠦᠴᠦᠨ᠂ ᠨᠢᠭᠡᠳᠦᠮᠡᠯ ᠹᠷᠣᠨᠲ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠵᠡᠷᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠦᠪᠯᠡᠯ ᠪᠠ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠨ᠎ᠡ᠃ ︽ ᠭᠤᠷᠪᠠᠨ ᠶᠠᠪᠤᠳᠠᠯ ᠢ ᠢᠯᠡ ᠪᠣᠯᠭᠠᠬᠤ︾ ᠠᠵᠢᠯ ᠢ ᠰᠠᠶᠢᠲᠤᠷ ᠬᠢᠵᠦ᠂ ᠰᠢᠢᠳᠪᠦᠷᠢᠲᠦ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠂ ᠦᠢᠯᠡᠴᠢᠯᠡᠭᠡᠨ ᠤ ᠶᠠᠰᠤ ᠴᠢᠨᠠᠷ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠤᠨ᠎ᠡ᠃  ︵ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠤᠰᠢᠭᠤᠨ ᠤ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ᠂ ᠪᠠᠯᠭᠠᠰᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠲᠣᠭᠲᠠᠭᠠᠵᠤ᠂ ᠦᠨᠡᠨ ᠬᠦ ᠶᠠᠪᠤᠭᠳᠠᠭᠤᠰᠢᠲᠠᠢ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠢ ᠶᠢᠨ ᠣᠷᠴᠢᠨ ᠨᠦᠬᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃ ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠭᠡᠯ ᠢ ᠪᠠᠬᠢᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ ᠠᠷᠠᠳ ᠣᠯᠠᠨ ᠤ ᠠᠮᠢᠳᠤᠷᠠᠯ ᠤᠨ ᠬᠢᠷᠢ ᠲᠦᠪᠰᠢᠨ ᠢ ᠰᠠᠶᠢᠵᠢᠷᠠᠭᠤᠯᠤᠨ᠎ᠠ᠃  ︵ᠲᠠᠪᠤ︶ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ  ᠂ ᠲᠤᠭ᠎ᠠ ᠪᠦᠷᠢᠳᠬᠡᠯ  ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠦᠯᠬᠦᠮ ᠵᠡᠷᠭᠡ ᠠᠵᠢᠯ   ᠢ ᠰᠠᠶᠢᠲᠤᠷ ᠬᠢᠵᠦ᠂ ᠮᠠᠯᠴᠢᠨ ᠲᠠᠷᠢᠶᠠᠴᠢᠳ ᠤᠨ ᠨᠠᠰᠤᠵᠢᠯ  ᠤᠨ ᠳᠠᠭᠠᠳᠬᠠᠯ ᠪᠣᠯᠣᠨ ᠬᠤᠷᠰᠢᠭᠰᠠᠨ ᠡᠮ ᠡᠮᠨᠡᠯᠭᠡ ᠵᠡᠷᠭᠡ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠢ ᠲᠦᠯᠬᠢᠨ ᠠᠬᠢᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠭᠠᠮᠰᠢᠭ ᠠᠴᠠ ᠠᠪᠤᠷᠠᠬᠤ᠂ ᠨᠡᠶᠢᠭᠡᠮ  ᠤᠨ ᠠᠪᠤᠷᠠᠨ ᠲᠤᠰᠠᠯᠠᠯᠳᠠ᠂ ᠬᠠᠷᠠᠭᠠᠯᠵᠠᠬᠤ ᠡᠳᠡᠭᠡᠳ᠂ ᠵᠡᠮᠳᠡᠭᠴᠦᠳ ᠵᠡᠷᠭᠡ ᠣᠷᠣᠯᠭ᠎ᠠ ᠪᠠᠭᠠᠲᠠᠢ ᠵᠢᠴᠢ ᠪᠠᠭᠤᠷᠠᠶᠢᠴᠤᠤᠯ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ ︵ᠵᠢᠷᠭᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠡᠶᠡᠳᠡᠬᠦᠯᠤᠨ ᠵᠤᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠵᠢᠷᠤᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠣᠣᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢᠵᠢᠯ  ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ ︵ᠳᠣᠯᠤᠭ᠎ᠠ︶ ᠬᠠᠷᠢᠶ᠎ᠠ ᠣᠷᠣᠨ ᠤ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠭ᠎ᠠ ᠲᠣᠭᠤᠷᠢᠭ ᠤᠨ ᠠᠳᠠᠯ ᠠᠬᠤᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠠᠮᠢᠲᠠᠨ ᠤ ᠬᠢᠵᠢᠭ ᠢ ᠰᠡᠷᠭᠡᠶᠢᠯᠡᠬᠦ᠂ ᠬᠤᠲᠠ ᠶᠢ ᠡᠭᠦᠳᠦᠨ ᠪᠠᠶᠢᠭᠤᠯᠬᠤ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠥᠯᠦᠪᠵᠢᠭᠦᠯᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠢ ᠬᠠᠮᠠᠭᠠᠯᠠᠬᠤ᠂ ᠬᠠᠭᠤᠴᠢᠨ ᠪᠠᠭ᠎ᠠ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃ ︵ᠨᠠᠢᠮᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠶᠡᠷᠦᠩᠬᠡᠶᠢᠯᠡᠨ ᠪᠠᠲᠤᠯᠠᠬᠤ ᠪᠠ ᠮᠡᠷᠭᠡᠵᠢᠯ ᠳᠡᠯᠭᠡᠷᠡᠭᠦᠯᠬᠦ ᠵᠡᠷᠭᠡ ᠠᠵᠢᠯ ᠢ ᠰᠠᠶᠢᠲᠤᠷ ᠠᠳᠬᠤᠨ᠎ᠠ᠃ ︵ᠶᠢᠰᠦ︶ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ  ᠴᠤᠭᠴᠠᠯᠠᠯᠳᠠ ᠪᠠ ᠳᠦᠷᠢᠮ ᠤᠨ ᠪᠠᠶᠢᠭᠤᠯᠤᠯᠲᠠ ᠶᠢ ᠵᠢᠯᠤᠭᠤᠳᠴᠤ᠂ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠥᠵᠢᠭᠦᠯᠵᠦ ᠪᠠᠶᠢᠭᠠᠳ ᠭᠦᠢᠴᠡᠳᠬᠡᠪᠡᠰᠦ ᠵᠣᠬᠢᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号