| | 5 ᠰᠠᠷ᠎ᠠ ᠶᠢᠨ 11 ᠤ ᠡᠳᠦᠷ᠂ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠵᠠᠭᠠᠭ ᠤᠨ | ᠬᠠᠮᠲᠤᠷᠠᠭᠰᠠᠨ ᠵᠥᠪᠯᠡᠯ ᠤᠨ ᠳᠤᠮᠳᠠᠳᠤ ᠤᠯᠤᠰ ᠤᠨ ᠲᠠᠯ᠎ᠠ ᠶᠢᠨ ᠵᠥᠪᠯᠡᠯ ᠠᠴᠠ ᠮᠣᠩᠭᠤᠯ ᠤᠯᠤᠰ ᠤᠨ ᠬᠥᠷᠰᠢ | ᠵᠡᠷᠭᠡᠯᠡᠳᠡᠭᠡ ᠭᠠᠵᠠᠷ ᠣᠷᠣᠨ ᠳᠤ ᠬᠢᠵᠢᠭ ᠰᠡᠷᠭᠡᠶᠢᠯᠡᠬᠦ ᠡᠳ᠋ ᠪᠣᠳᠠᠰ ᠬᠠᠨᠳᠢᠪᠯᠠᠨ ᠲᠤᠰᠢᠶᠠᠬᠤ ᠪᠠ ᠭᠥᠯᠢᠶᠡᠨ ᠠᠪᠬᠤ | ᠶᠣᠰᠣᠯᠠᠯ ᠡᠷᠢᠶᠡᠨ ᠬᠤᠲᠠ ᠪᠣᠯᠤᠨ ᠭᠠᠭᠴᠠᠮᠤᠳᠤ ᠪᠣᠭᠤᠮᠲᠠ ᠳᠤ ᠵᠡᠷᠭᠡᠪᠡᠷ ᠶᠠᠪᠤᠭᠳᠠᠪᠠ᠃ | ᠬᠢᠩᠭᠠᠨ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠨᠢ ᠭᠠᠳᠠᠭᠠᠳᠤ ᠶᠠᠪᠤᠳᠠᠯ ᠤᠨ ᠶᠠᠮᠤᠨ ᠪᠣᠯᠤᠨ | ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠪᠥᠬᠦ ᠬᠦᠴᠦᠨ ᠤ ᠳᠡᠮᠵᠢᠯᠭᠡ ᠳᠣᠤᠷ᠎ᠠ᠂ | ᠨᠢᠳᠤᠨᠤᠨ ᠬᠠᠨᠳᠢᠪᠯᠠᠭᠰᠠᠨ ᠤ ᠳᠠᠷᠠᠭ᠎ᠠ ᠮᠣᠩᠭᠤᠯ ᠤᠯᠤᠰ ᠤᠨ ᠠᠶᠢᠮᠠᠭ ᠲᠤ ᠳᠠᠬᠢᠨᠲᠠ 25 ᠲᠦᠮᠡᠨ | ᠲᠥᠭᠦᠷᠢᠭ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠬᠠᠨᠳᠢᠪᠯᠠᠪᠠ᠃ ᠣᠳᠣᠬᠠᠨ ᠳᠤ᠂ ᠪᠣᠶ ᠪᠥᠬᠦᠶ ᠬᠠᠨᠳᠢᠪᠯᠠᠨ | ᠬᠦᠷᠭᠡᠭᠰᠡᠨ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠢᠭᠡᠨᠲᠡ ᠲᠡᠷᠭᠡᠨ ᠳᠤ ᠲᠡᠭᠡᠭᠡᠬᠦ ᠪᠠ ᠪᠣᠭᠤᠮᠲᠠ ᠳᠤ ᠮᠡᠳᠡᠭᠦᠯᠦᠨ | ᠪᠠᠶᠢᠴᠠᠭᠠᠨ ᠰᠢᠯᠭᠠᠵᠤ ᠳᠠᠭᠤᠰᠬᠠᠭᠠᠳ᠂ ᠡᠷᠢᠶᠡᠨ ᠬᠤᠲᠠ — ᠵᠠᠮ ᠤᠨ ᠡᠭᠦᠳᠡ ᠶᠢᠨ ᠪᠣᠭᠤᠮᠲᠠ ᠪᠠᠷ | ᠳᠠᠮᠵᠢᠭᠤᠯᠤᠨ ᠮᠣᠩᠭᠤᠯ ᠤᠯᠤᠰ ᠤᠨ ᠳᠣᠷᠣᠨᠠᠲᠤ ᠠᠶᠢᠮᠠᠭ ᠲᠤ ᠵᠥᠭᠡᠭᠡᠪᠦᠷᠢᠯᠡᠨ ᠬᠦᠷᠭᠡᠬᠦ ᠪᠣᠯᠤᠨ᠎ᠠ᠃ ᠲᠤᠰ | ᠤᠳᠠᠭᠠᠨ ᠤ ᠬᠠᠨᠳᠢᠪᠯᠠᠨ ᠬᠦᠷᠭᠡᠬᠦ ᠠᠵᠢᠯᠯᠠᠭ᠎ᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠭᠠᠳᠠᠭᠠᠳᠤ | ᠬᠠᠷᠢᠯᠴᠠᠭᠠᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠷᠰᠢ ᠵᠡᠷᠭᠡᠯᠡᠳᠡᠭᠡ ᠲᠠᠢ ᠪᠠᠨ | ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠬᠠᠨᠢ ᠪᠠᠨ ᠪᠣᠯᠭᠠᠬᠤ ᠶᠢ ᠪᠠᠷᠢᠮᠲᠠᠯᠠᠵᠤ᠂ ᠳᠣᠲᠣᠨᠣ ᠦᠨᠡᠨᠴᠢ | ᠬᠦᠷᠲᠡᠭᠡᠮᠵᠢ ᠲᠠᠢ ᠪᠠᠭᠲᠠᠭᠠᠮᠵᠢᠲᠠᠢ ᠪᠠᠶᠢᠬᠤ ᠡᠷᠬᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠤᠢᠢᠯᠠᠭᠠᠭᠳᠠᠬᠤᠨ ᠢ | ᠦᠢᠯᠡᠳᠦᠯᠭᠡᠵᠢᠭᠦᠯᠬᠦ ᠪᠣᠯ ᠪᠠᠰᠠ ᠴᠤ ᠮᠣᠩᠭᠤᠯ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠡᠰᠡᠷᠭᠦᠴᠡᠬᠦ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠨᠡ ᠨᠢ | ᠮᠠᠨ ᠤ ᠠᠶᠢᠮᠠᠭ ᠪᠣᠯᠤᠨ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠬᠤᠭᠤᠷᠣᠨᠳᠣᠬᠢ ᠰᠠᠬᠢᠨ ᠪᠠᠷᠠᠯᠠᠵᠦ | ᠬᠠᠷᠢᠯᠴᠠᠨ ᠬᠠᠪᠰᠤᠷᠤᠯᠴᠠᠬᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠭᠠᠷ ᠬᠤᠯᠪᠣᠨ ᠬᠢᠵᠢᠭ ᠢ ᠡᠰᠡᠷᠭᠦᠴᠡᠬᠦ | ᠴᠢᠩ ᠦᠨᠡᠨᠴᠢ ᠨᠥᠬᠦᠷᠯᠡᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ |