ᠪᠤᠷᠳᠤᠭᠠᠨ ᠨᠠᠶᠢᠷᠠᠯᠭ᠎ᠠ ᠲᠦᠯᠦᠪᠯᠡᠬᠦ ᠦᠨᠳᠦᠰᠦᠨ ᠠᠷᠭ᠎ᠠ
ᠨᠡᠶᠢᠲᠡᠯᠡᠭᠰᠡᠨ ᠴᠠᠭ᠄
2022/6/23
    ᠪᠤᠷᠳᠤᠭᠠᠨ ᠨᠠᠶᠢᠷᠠᠯᠭ᠎ᠠ ᠶᠢ ᠪᠤᠳᠤᠬᠤ ᠠᠷᠭ᠎ᠠ ᠪᠠᠷᠢᠯ ᠳᠤ ᠭᠠᠷ ᠢᠶᠠᠷ ᠪᠤᠳᠤᠬᠤ ᠪᠠ ᠮᠠᠰᠢᠨ ᠢᠶᠠᠷ ᠨᠠᠶᠢᠷᠠᠬᠤ ᠠᠷᠭ᠎ᠠ ᠭᠡᠵᠦ ᠬᠤᠪᠢᠶᠠᠨ᠎ᠠ᠃ ᠭᠠᠷ ᠢᠶᠠᠷ ᠪᠤᠳᠤᠬᠤ ᠠᠷᠭ᠎ᠠ ᠪᠠᠭ᠋ᠠᠨ ᠤᠳᠠᠭᠠᠨ᠂ ᠬᠤᠯᠪᠤᠭᠳᠠᠬᠤ ᠰᠢᠮ᠎ᠡ ᠲᠡᠵᠢᠭᠡᠯ ᠤᠨ ᠭᠦᠢᠴᠡᠳᠭᠡᠯ ᠲᠤᠭ᠎ᠠ ᠴᠦᠬᠡᠨ᠂ ᠦᠪᠡᠷ ᠤᠨ ᠦᠷᠳᠡᠭ ᠢ ᠴᠦ ᠲᠠᠶᠢᠮᠦ ᠰᠠᠶᠢᠨ ᠪᠤᠳᠤᠯᠬᠢᠯᠠᠵᠤ ᠴᠢᠳᠠᠬᠤ ᠦᠭᠡᠢ᠃ ᠮᠠᠰᠢᠨ ᠢᠶᠠᠷ ᠨᠠᠶᠢᠷᠠᠬᠤ ᠠᠷᠭ᠎ᠠ ᠪᠤᠯ ᠪᠤᠳᠤᠯᠭ᠎ᠠ ᠶᠢᠨ ᠮᠠᠰᠢᠨ ᠢ ᠠᠰᠢᠭᠯᠠᠨ ᠵᠤᠬᠢᠬᠤ ᠲᠤᠭᠠᠨ ᠤ ᠵᠠᠭᠪᠤᠷ ᠢ ᠭᠡᠷᠡᠭᠯᠡᠵᠦ᠂ ᠰᠢᠮ᠎ᠡ ᠲᠡᠵᠢᠬᠡᠯ ᠤᠨ ᠪᠦᠷᠢᠯᠳᠦᠭᠦᠨ ᠬᠠᠮᠤᠭ ᠤᠨ ᠰᠠᠶᠢᠨ᠂ ᠦᠪᠡᠷ ᠤᠨ ᠦᠷᠳᠡᠭ ᠬᠠᠮᠤᠭ ᠤᠨ ᠲᠤᠤᠷ᠎ᠠ ᠪᠤᠷᠳᠤᠭᠠᠨ ᠨᠠᠶᠢᠷᠠᠯᠭ᠎ᠠ ᠶᠢ ᠪᠤᠳᠤᠵᠤ ᠭᠠᠷᠭᠠᠳᠠᠭ᠃    1. ᠭᠠᠷ ᠢᠶᠠᠷ ᠪᠤᠳᠤᠬᠤ ᠠᠷᠭ᠎ᠠ     ᠬᠠᠮᠤᠭ ᠤᠨ ᠦᠨᠳᠦᠰᠦᠨ ᠭᠠᠷ ᠢᠶᠠᠷ ᠪᠤᠳᠤᠬᠤ ᠠᠷᠭ᠎ᠠ ᠶᠢ ᠲᠤᠷᠰᠢᠬᠤ ᠢᠯᠭᠠᠪᠤᠷᠢᠯᠠᠯ ᠤᠨ ᠠᠷᠭ᠎ᠠ ᠭᠡᠳᠡᠭ᠃ ᠡᠬᠦᠨ ᠠᠴᠠ ᠭᠠᠳᠠᠨ᠎ᠠ ᠪᠠᠰᠠ ᠬᠠᠮᠳᠤᠳᠬᠠᠭᠰᠠᠨ ᠳᠡᠭᠰᠢᠳᠭᠡᠯ ᠤᠨ ᠠᠷᠭ᠎ᠠ᠂ ᠲᠦᠷᠪᠡᠯᠵᠢᠯ ᠤᠨ ᠠᠷᠭ᠎ᠠ ᠭᠡᠵᠦ ᠪᠤᠢ᠃     ᠲᠠᠬᠢᠶᠠᠨ ᠤ ᠳᠡᠵᠢᠭᠡᠯᠭᠡ ᠶᠢᠨ ᠪᠠᠷᠢᠮᠵᠢᠶ᠎ᠠ ᠶᠢ ᠦᠨᠳᠦᠰᠦᠯᠡᠨ ᠡᠯ᠎ᠡ ᠵᠦᠢᠯ ᠤᠨ ᠪᠤᠷᠳᠤᠭᠠᠨ ᠤ ᠲᠦᠬᠦᠭᠡᠢ ᠡᠳ᠋  ᠤᠨ ᠰᠤᠯᠢᠯᠴᠠᠭᠠᠨ ᠤ ᠡᠨᠧᠷᠭᠢ ᠪᠠ ᠡᠯ᠎ᠡ ᠵᠦᠢᠯ ᠤᠨ ᠰᠢᠮ᠎ᠡ ᠲᠡᠵᠢᠭᠡᠯ ᠤᠨ ᠪᠦᠷᠢᠯᠳᠦᠭᠦᠨ ᠤ ᠠᠭᠤᠯᠤᠭᠳᠠᠴᠠ ᠶᠢ ᠦᠷᠡᠵᠢᠭᠦᠯᠵᠦ᠂ ᠨᠠᠶᠢᠷᠠᠯᠭ᠎ᠠ ᠳᠠᠬᠢ ᠲᠦᠬᠦᠬᠡᠢ ᠡᠳ᠋ ᠪᠦᠷᠢ ᠶᠢᠨ ᠬᠠᠩᠭᠠᠬᠤ ᠰᠤᠯᠢᠯᠴᠠᠭᠠᠨ ᠤ ᠡᠨᠧᠷᠭᠢ ᠪᠤᠯᠤᠨ ᠰᠢᠮ᠎ᠡ ᠳᠡᠵᠢᠭᠡᠯ ᠤᠨ ᠪᠦᠷᠢᠯᠳᠦᠭᠦᠨ ᠨᠦᠭᠦᠳ ᠤᠨ ᠲᠤᠭ᠎ᠠ ᠬᠡᠮᠵᠢᠶ᠎ᠡ ᠶᠢ ᠤᠯᠤᠨ᠎ᠠ᠃ ᠡᠯ᠎ᠡ ᠵᠦᠢᠯ ᠤᠨ ᠲᠦᠬᠦᠭᠡᠢ ᠡᠳ᠋ ᠤᠨ ᠬᠠᠩᠭᠠᠬᠤ ᠰᠤᠯᠢᠯᠴᠠᠭᠠᠨ ᠤ ᠡᠨᠧᠷᠬᠢ ᠪᠠ ᠰᠢᠮ᠎ᠡ ᠲᠡᠵᠢᠭᠡᠯᠲᠦ ᠪᠤᠳᠠᠰ ᠤᠨ ᠬᠡᠮᠵᠢᠶ᠎ᠡ ᠶᠢ ᠲᠤᠰ ᠲᠤᠰ ᠨᠡᠮᠡᠪᠡᠯ ᠲᠤᠰ ᠨᠠᠶᠢᠷᠠᠯᠭ᠎ᠠ ᠶᠢᠨ ᠰᠤᠯᠢᠯᠴᠠᠭᠠᠨ ᠤ ᠡᠨᠧᠷᠬᠢ ᠪᠤᠯᠤᠨ ᠰᠢᠮ᠎ᠡ ᠳᠡᠵᠢᠭᠡᠯ ᠤᠨ ᠪᠦᠷᠢᠯᠳᠦᠭᠦᠨ ᠪᠦᠷᠢ ᠶᠢᠨ ᠶᠡᠷᠦᠩᠬᠡᠢ ᠬᠡᠮᠵᠢᠶ᠎ᠡ ᠶᠢ ᠤᠯᠳᠠᠭ᠃ ᠶᠠᠮᠠᠷᠪᠠ ᠰᠢᠮ᠎ᠡ ᠲᠡᠵᠢᠭᠡᠯ ᠤᠨ ᠪᠦᠷᠢᠯᠳᠦᠬᠦᠨ ᠬᠡᠳᠦᠷᠡᠬᠦ ᠪᠤᠶᠤ ᠳᠤᠳᠠᠪᠠᠯ ᠲᠦᠬᠦᠭᠡᠢ ᠡᠳ᠋ ᠤᠨ ᠬᠠᠷᠢᠴᠠᠯ ᠢ ᠶᠡᠬᠡᠰᠭᠡᠬᠦ ᠪᠤᠶᠤ ᠪᠠᠭᠠᠰᠬᠠᠵᠤ᠂ ᠪᠤᠢ ᠪᠦᠬᠦᠢ ᠰᠢᠮ᠎ᠡ ᠲᠡᠵᠢᠭᠡᠯ ᠤᠨ ᠭᠦᠢᠴᠡᠳᠭᠡᠯ ᠲᠤᠭ᠎ᠠ ᠴᠦᠮ ᠰᠢᠮ᠎ᠡ ᠲᠡᠵᠢᠭᠡᠯ ᠤᠨ ᠬᠡᠷᠡᠭᠴᠡᠭᠡ ᠶᠢ ᠦᠨᠳᠦᠰᠦᠨ ᠳᠤ ᠪᠠᠨ ᠬᠠᠩᠭᠠᠬᠤ ᠪᠤᠯᠭᠠᠨ᠎ᠠ᠃    2. ᠮᠠᠰᠢᠨ ᠢᠶᠠᠷ ᠨᠠᠶᠢᠷᠠᠭᠤᠯᠬᠤ ᠠᠷᠭ᠎ᠠ     ᠵᠤᠬᠢᠬᠤ ᠲᠤᠭᠠᠨ ᠤ ᠤᠬᠠᠭᠠᠨ ᠤ ᠵᠠᠭᠪᠤᠷ ᠢ ᠠᠰᠢᠭᠯᠠᠬᠤ ᠪᠦᠭᠡᠳ ᠺᠤᠮᠫᠢᠦ᠋ᠲ᠋ᠧᠷ ᠤᠨ ᠵᠦᠭᠡᠯᠡᠨ ᠬᠡᠷᠡᠭᠰᠡᠯ ᠨᠠᠶᠢᠷᠠᠭᠤᠯᠤᠨ ᠵᠤᠬᠢᠶᠠᠭᠠᠳ ᠺᠤᠮᠫᠢᠦ᠋ᠲ᠋ᠧᠷ ᠳᠡᠭᠡᠷ᠎ᠡ ᠪᠤᠷᠳᠤᠭᠠᠨ ᠨᠠᠶᠢᠷᠠᠯᠭ᠎ᠠ ᠶᠢᠨ ᠲᠦᠯᠦᠪᠯᠡᠭᠡ ᠶᠢ ᠪᠡᠶᠡᠯᠡᠬᠦᠯᠦᠨ᠎ᠡ᠃ ᠲᠡᠵᠢᠭᠡᠯᠭᠡ ᠶᠢᠨ ᠦᠢᠯᠡᠰ ᠤᠨ ᠡᠷᠴᠢᠮᠵᠢᠭᠦᠯᠦᠯᠳᠡ ᠪᠠ ᠨᠠᠶᠢᠷᠠᠭᠤᠯᠤᠭᠰᠠᠨ ᠪᠤᠷᠳᠤᠭᠠᠨ ᠤ ᠠᠵᠤ ᠦᠢᠯᠡᠳᠪᠤᠷᠢᠵᠢᠯᠡᠯᠳᠡ ᠶᠢᠨ ᠬᠦᠭᠵᠢᠯᠳᠡ ᠶᠢ ᠲᠠᠭᠠᠯᠳᠤᠨ ᠨᠠᠶᠢᠷᠠᠯᠭ᠎ᠠ ᠶᠢᠨ ᠲᠦᠯᠦᠪᠯᠡᠭᠡ ᠳᠤ ᠤᠯᠠᠨ ᠵᠦᠢᠯ ᠤᠨ ᠪᠤᠷᠳᠤᠭᠠᠨ ᠤ ᠲᠦᠬᠦᠭᠡᠢ ᠡᠳ᠋ ᠬᠡᠷᠡᠭᠯᠡᠬᠦ ᠶᠢ ᠱᠠᠭᠠᠷᠳᠠᠳᠠᠭ ᠠᠴᠠ ᠪᠤᠳᠤᠬᠤ ᠴᠢᠬᠤᠯᠠᠳᠠᠢ ᠰᠢᠮ᠎ᠡ ᠲᠡᠵᠢᠭᠡᠯ ᠤᠨ ᠭᠦᠢᠴᠡᠳᠭᠡᠯ ᠲᠤᠭ᠎ᠠ ᠤᠯᠠᠰᠢᠷᠠᠵᠤ᠂ ᠲᠠᠩ ᠨᠠᠶᠢᠷᠠᠯᠭ᠎ᠠ ᠶᠢᠨ ᠦᠪᠡᠷ ᠤᠨ ᠦᠷᠳᠡᠭ ᠬᠠᠮᠤᠭ ᠤᠨ ᠲᠤᠤᠷ᠎ᠠ ᠪᠠᠷ ᠦᠯᠦ ᠪᠠᠷᠠᠨ᠂ ᠪᠤᠷᠳᠤᠭᠠᠨ ᠤ ᠦᠢᠯᠡᠳᠪᠤᠷᠢ ᠶᠢᠨ ᠪᠦᠬᠦ ᠪᠤᠷᠳᠤᠭᠠᠨ ᠤ ᠦᠪᠡᠷ ᠤᠨ ᠦᠷᠳᠡᠭ ᠬᠠᠮᠤᠭ ᠠᠴᠠ ᠲᠤᠤᠷ᠎ᠠ ᠪᠠᠶᠢᠬᠤ ᠶᠢ ᠡᠷᠡᠮᠡᠯᠵᠡᠬᠦ ᠪᠤᠯᠵᠠᠢ᠃     ᠡᠭᠦᠨ ᠢ ᠭᠠᠷ ᠢᠶᠠᠷ ᠪᠤᠳᠤᠭᠠᠳ ᠪᠤᠯᠬᠤ ᠦᠭᠡᠢ᠂ ᠵᠠᠪᠠᠯ ᠺᠤᠮᠫᠢᠦ᠋ᠲ᠋ᠧᠷ ᠢ ᠠᠰᠢᠭᠯᠠᠨ ᠨᠠᠶᠢᠷᠠᠯᠭ᠎ᠠ ᠪᠠᠨ ᠰᠢᠯᠢᠳᠡᠭᠵᠢᠭᠦᠯᠬᠦ ᠬᠡᠷᠡᠭᠳᠡᠢ ᠶᠤᠮ᠃ ᠱᠤᠭᠤᠮᠤᠨ ᠲᠦᠯᠦᠪᠵᠢᠭᠦᠯᠭᠡ ᠶᠢᠨ ᠠᠷᠭ᠎ᠠ ᠮᠠᠶ᠋ᠢᠭ ᠬᠠᠮᠤᠭ ᠤᠨ ᠦᠷᠭᠡᠨ ᠳᠡᠯᠭᠡᠷ ᠬᠡᠷᠡᠭᠯᠡᠭᠳᠡᠵᠦ᠂ ᠪᠤᠳᠤᠬᠤ ᠠᠷᠭ᠎ᠠ ᠨᠢ ᠪᠤᠯᠪᠠᠰᠤᠷᠠᠩᠭᠤᠢ᠂ ᠵᠢᠷᠤᠮᠵᠢᠯ ᠲᠠᠢ ᠪᠦᠭᠡᠳ ᠪᠤᠰᠤᠳ ᠲᠦᠯᠦᠪᠵᠢᠭᠦᠯᠭᠡ ᠶᠢᠨ ᠠᠷᠭ᠎ᠠ ᠶᠢᠨ ᠰᠠᠭᠤᠷᠢ ᠶᠤᠮ᠃    ︵ᠡᠬᠡ ᠪᠢᠴᠢᠭ ᠢ ︽ᠮᠠᠯᠴᠢᠨ ᠲᠠᠷᠢᠶᠠᠴᠢᠨ ᠤ ᠬᠡᠷᠡᠭᠯᠡᠭᠡᠨ ᠤ ᠮᠡᠷᠭᠡᠵᠢᠯ ᠴᠤᠪᠤᠷᠠᠯ ᠪᠢᠴᠢᠭ︾ ᠠᠴᠠ ᠠᠪᠤᠪᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号