ᠡᠷᠳᠡᠨᠢ ᠰᠢᠰᠢ ᠳᠤ ᠰᠠᠭᠤᠷᠢ ᠪᠤᠷᠳᠤᠭᠤᠷ ᠤᠷᠤᠭᠤᠯᠬᠤ ᠮᠡᠷᠭᠡᠵᠢᠯ
ᠨᠡᠶᠢᠲᠡᠯᠡᠭᠰᠡᠨ ᠴᠠᠭ᠄
2022/6/23
    ᠡᠷᠳᠡᠨᠢ ᠰᠢᠰᠢ ᠳᠤ ᠤᠷᠤᠭᠤᠯᠬᠤ ᠰᠠᠭᠤᠷᠢ ᠪᠤᠷᠳᠤᠭᠤᠷ ᠢ ᠬᠦᠷᠵᠠᠩ᠂ ᠤᠪᠤᠭᠠᠯᠠᠭᠰᠠᠨ ᠪᠤᠷᠳᠤᠭᠤᠷ᠂ ᠬᠤᠭ ᠪᠤᠷᠳᠤᠭᠤᠷ᠂ ᠡᠰᠢ ᠰᠦᠷᠡᠯ ᠵᠡᠷᠭᠡ ᠤᠷᠭᠠᠨᠢᠭ ᠪᠤᠷᠳᠤᠭᠤᠷ ᠢᠶᠠᠷ ᠭᠤᠤᠯ ᠪᠤᠯᠭᠠᠳᠠᠭ᠃ ᠶᠡᠷᠦ ᠳᠤ ᠪᠠᠨ ᠪᠤᠷᠳᠤᠭᠤᠷ  ᠤᠨ ᠶᠡᠷᠦᠩᠬᠡᠢ ᠬᠡᠮᠵᠢᠶᠡᠨ ᠤ 70% ᠶᠢ ᠡᠵᠡᠯᠡᠳᠡᠭ᠃ ᠹᠤᠰᠹᠤᠷ᠂ ᠺᠠᠯᠢ ᠵᠡᠷᠭᠡ ᠬᠢᠮᠢ ᠶᠢᠨ ᠪᠤᠷᠳᠤᠭᠤᠷ ᠢ ᠪᠠᠰᠠ ᠰᠠᠭᠤᠷᠢ ᠪᠤᠷᠳᠤᠭᠤᠷ ᠢᠶᠠᠷ ᠤᠷᠤᠭᠤᠯᠵᠤ ᠪᠤᠯᠤᠨ᠎ᠠ᠃ ᠬᠠᠪᠤᠷ ᠤᠨ ᠡᠷᠳᠡᠨᠢ ᠰᠢᠰᠢ ᠶᠢᠨ ᠰᠠᠭᠤᠷᠢ ᠪᠤᠷᠳᠤᠭᠤᠷ ᠢ ᠬᠠᠮᠤᠭ ᠰᠠᠶᠢᠨ ᠨᠢ ᠡᠮᠦᠨ᠎ᠡ ᠵᠢᠯ ᠤᠨ ᠨᠠᠮᠤᠷ ᠲᠤ ᠨᠢ ᠭᠠᠵᠠᠷ ᠬᠠᠭᠠᠯᠪᠤᠷᠢᠯᠠᠬᠤ ᠦᠶ᠎ᠡ ᠳᠤ ᠤᠷᠤᠭᠤᠯᠤᠨ᠎ᠠ᠃ ᠰᠠᠭᠤᠷᠢ ᠪᠤᠷᠳᠤᠭᠤᠷ ᠤᠷᠤᠭᠤᠯᠬᠤ ᠳᠤ ᠲᠡᠭᠦᠨ ᠢ ᠬᠦᠷᠦᠰᠦ ᠰᠢᠷᠤᠢ ᠲᠠᠢ ᠵᠢᠭᠳᠡ ᠬᠤᠯᠢᠯᠳᠤᠭᠤᠯᠬᠤ ᠬᠡᠷᠡᠭᠳᠡᠢ᠃ ᠬᠡᠷᠡᠭᠯᠡᠬᠦ ᠬᠡᠮᠵᠢᠶ᠎ᠡ ᠪᠠᠭ᠎ᠠ ᠦᠶ᠎ᠡ ᠳᠤ ᠦᠷ᠎ᠡ ᠶᠢᠨ ᠪᠤᠷᠳᠤᠭᠤᠷ ᠢᠶᠠᠷ ᠲᠦᠪᠯᠡᠷᠡᠭᠦᠯᠦᠨ ᠬᠤᠪᠢᠯ ᠳᠠᠳᠠᠵᠤ ᠤᠷᠤᠭᠤᠯᠤᠨ᠎ᠠ᠃ ᠤᠷᠭᠠᠨᠢᠭ ᠪᠤᠷᠳᠤᠭᠤᠷ ᠵᠢᠴᠢ ᠹᠤᠰᠹᠤᠷ᠂ ᠺᠠᠯᠢ ᠪᠤᠷᠳᠤᠭᠤᠷ ᠪᠤᠯᠤᠨ ᠪᠠᠭ᠎ᠠ ᠬᠡᠮᠵᠢᠶᠡᠨ ᠤ ᠠᠽᠤᠲ ᠪᠤᠷᠳᠤᠭᠤᠷ ᠢ ᠪᠠᠰᠠ ᠰᠠᠭᠤᠷᠢ ᠪᠤᠷᠳᠤᠭᠤᠷ ᠪᠤᠯᠭᠠᠵᠤ ᠪᠤᠯᠳᠠᠭ᠃     ᠡᠰᠢ ᠰᠦᠷᠡᠯ ᠢ ᠰᠢᠭᠤᠳ ᠠᠰᠢᠭᠯᠠᠵᠤ ᠡᠷᠳᠡᠨᠢ ᠰᠢᠰᠢ ᠶᠢᠨ ᠰᠠᠭᠤᠷᠢ ᠪᠤᠷᠳᠤᠭᠤᠷ ᠪᠤᠯᠭᠠᠪᠠᠯ ᠨᠡᠯᠢᠶᠡᠳ ᠰᠠᠶᠢᠨ ᠦᠢᠯᠡᠳᠦᠯ ᠲᠠᠢ ᠶᠤᠮ᠃ ᠪᠤᠭᠤᠳᠠᠢ ᠪᠠᠨ ᠬᠤᠷᠢᠶᠠᠭᠰᠠᠨ ᠤ ᠰᠡᠭᠦᠯᠡᠷ ᠪᠤᠭᠤᠳᠠᠢ ᠶᠢᠨ ᠰᠦᠷᠡᠯ ᠢ ᠰᠢᠭᠤᠳ ᠤᠷᠤᠭᠤᠯᠬᠤ ᠪᠤᠶᠤ ᠪᠤᠭᠤᠳᠠᠢ ᠬᠤᠷᠢᠶᠠᠬᠤ ᠦᠶ᠎ᠡ ᠳᠤ ᠦᠨᠳᠦᠷ ᠭᠤᠤᠷᠰᠤ ᠦᠯᠡᠳᠡᠭᠡᠵᠦ ᠡᠷᠳᠡᠨᠢ ᠰᠢᠰᠢ ᠶᠢᠨ ᠰᠠᠭᠤᠷᠢ ᠪᠤᠷᠳᠤᠭᠤᠷ ᠪᠤᠯᠭᠠᠬᠤ ᠪᠤᠯ ᠤᠷᠭᠠᠨᠢᠭ ᠪᠤᠷᠳᠤᠭᠤᠷ ᠭᠦᠢᠴᠡᠳ ᠪᠤᠰᠤ ᠶᠢ ᠰᠢᠢᠳᠪᠤᠷᠢᠯᠡᠬᠦ ᠠᠷᠭ᠎ᠠ ᠶᠤᠮ᠃ ᠪᠤᠭᠤᠳᠠᠢ ᠶᠢᠨ ᠰᠦᠷᠡᠯ ᠢᠶᠠᠷ ᠡᠷᠳᠡᠨᠢ ᠰᠢᠰᠢ ᠶᠢᠨ ᠰᠠᠭᠤᠷᠢ ᠪᠤᠷᠳᠤᠭᠤᠷ ᠪᠤᠯᠭᠠᠬᠤ ᠳᠤ ᠶᠡᠷᠦ ᠳᠤ ᠪᠠᠨ 667 ᠺᠤᠸᠠᠳ᠋ ᠮᠧᠲᠷ ᠪᠦᠷᠢ ᠳᠤ 200—300 ᠺᠢᠯᠤᠭ᠍ᠷᠠᠮ ᠤᠷᠤᠭᠤᠯᠳᠠᠭ᠃ ᠦᠩ ᠰᠢᠮ᠎ᠡ ᠲᠤᠷᠤᠢ ᠬᠦᠷᠦᠰᠦᠨ ᠳᠤ ᠡᠰᠢ ᠰᠦᠷᠡᠯ ᠤᠷᠤᠭᠤᠯᠬᠤ ᠲᠠᠢ ᠵᠡᠷᠭᠡ ᠪᠠᠭ᠎ᠠ ᠬᠡᠮᠵᠢᠶᠡᠨ ᠤ ᠠᠽᠤᠲ ᠪᠤᠷᠳᠤᠭᠤᠷ ᠬᠠᠪᠰᠤᠷᠭᠠᠨ ᠬᠡᠷᠡᠭᠯᠡᠵᠦ᠂ ᠨᠡᠭᠦᠷᠡᠰᠦᠳᠦ᠋ᠷᠦᠭᠴᠢ ᠪᠠ ᠠᠽᠤᠲ ᠤᠨ ᠬᠠᠷᠢᠴᠠᠯ ᠢ ᠲᠤᠬᠢᠷᠠᠭᠤᠯᠵᠤ᠂ ᠡᠰᠢ ᠰᠦᠷᠡᠯ ᠤᠨ ᠵᠠᠳᠠᠷᠠᠯᠳᠠ ᠶᠢ ᠬᠤᠷᠳᠤᠳᠬᠠᠨ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠳᠡᠢ᠃     ᠠᠽᠤᠲ ᠪᠤᠷᠳᠤᠭᠤᠷ ᠢ ᠰᠠᠭᠤᠷᠢ ᠪᠤᠷᠳᠤᠭᠤᠷ ᠪᠤᠯᠭᠠᠨ ᠭᠦᠨ ᠤᠷᠤᠭᠤᠯᠪᠠᠯ ᠠᠽᠤᠲ ᠪᠤᠷᠳᠤᠭᠤᠷ ᠤᠨ ᠠᠰᠢᠭᠯᠠᠯᠳᠠ ᠶᠢᠨ ᠨᠤᠷᠮ᠎ᠠ ᠶᠢ ᠳᠡᠭᠡᠭᠰᠢᠯᠡᠬᠦᠯᠵᠦ᠂ ᠡᠷᠳᠡᠨᠢ ᠰᠢᠰᠢ ᠶᠢᠨ ᠤᠨᠠᠯᠳᠠ ᠶᠢ ᠨᠡᠮᠡᠭᠳᠡᠬᠦᠯᠬᠦ ᠳᠤ ᠢᠯᠡᠳᠳᠡ ᠦᠢᠯᠡᠳᠦᠯ ᠦᠵᠡᠭᠦᠯᠳᠡᠭ᠃ ᠹᠣᠰᠹᠣᠷ ᠪᠤᠷᠳᠤᠭᠤᠷ ᠢᠶᠠᠷ ᠰᠠᠭᠤᠷᠢ ᠪᠤᠷᠳᠤᠭᠤᠷ ᠪᠤᠯᠭᠠᠪᠠᠯ ᠡᠷᠳᠡᠨᠢ ᠰᠢᠰᠢ ᠶᠢᠨ ᠤᠨᠠᠯᠳᠠ ᠳᠤ ᠶᠡᠭᠡ ᠨᠦᠯᠦᠭᠡ ᠦᠵᠡᠭᠦᠯᠳᠡᠭ᠃ ᠬᠡᠪᠡᠴᠦ ᠹᠤᠰᠹᠤᠷ ᠪᠤᠷᠳᠤᠭᠤᠷ ᠤᠨ ᠠᠳᠠᠯᠢ ᠪᠤᠰᠤ ᠬᠡᠷᠡᠭᠯᠡᠬᠦ ᠬᠡᠮᠵᠢᠶ᠎ᠡ ᠂ ᠠᠳᠠᠯᠢ ᠪᠤᠰᠤ ᠬᠤᠪᠢᠶᠠᠷᠢᠯᠠᠬᠤ ᠠᠷᠭ᠎ᠠ ᠨᠢ ᠡᠷᠳᠡᠨᠢ ᠰᠢᠰᠢ ᠶᠢ ᠤᠨᠠᠯᠳᠠ ᠨᠡᠮᠡᠭᠳᠡᠬᠦᠯᠬᠦ ᠪᠦᠳᠦᠮᠵᠢ ᠪᠠ ᠹᠤᠰᠹᠤᠷ ᠪᠤᠷᠳᠤᠭᠤᠷ ᠤᠨ ᠠᠰᠢᠭᠯᠠᠭᠳᠠᠬᠤ ᠨᠤᠷᠮ᠎ᠠ ᠶᠢ ᠰᠡᠭᠦᠯᠴᠢ ᠶᠢᠨ ᠬᠤᠭᠤᠴᠠᠭᠠᠨ ᠳᠤ ᠨᠢ ᠢᠯᠡᠷᠬᠡᠢ ᠵᠦᠷᠢᠶᠡᠨ ᠲᠠᠢ ᠪᠤᠯᠭᠠᠳᠠᠭ᠃     ︵ᠡᠬᠡ ᠪᠢᠴᠢᠭ ᠢ ︽ᠮᠠᠯᠴᠢᠨ ᠲᠠᠷᠢᠶᠠᠴᠢᠨ ᠤ ᠬᠡᠷᠡᠭᠯᠡᠭᠡᠨ ᠤ ᠮᠡᠷᠭᠡᠵᠢᠯ ᠴᠤᠪᠤᠷᠠᠯ ᠪᠢᠴᠢᠭ︾ ᠠᠴᠠ ᠠᠪᠤᠪᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号