ᠢᠨᠳᠡᠷ ᠪᠠᠯᠭᠠᠰᠦᠨ ᠤ ᠲᠤᠸᠠᠨ ᠵᠢᠶᠧ ᠵᠠᠮ ︵ᠤᠯᠠᠭᠠᠨ ᠵᠡᠬᠡᠯᠢ ᠠᠴᠠ ᠡᠤ ᠰᠧ ᠵᠡᠬᠡᠯᠢ ᠶᠢᠨ ᠬᠡᠰᠡᠭ︶  ᠢ ᠪᠢᠳᠡᠬᠦᠮᠵᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/6/29
     ᠵᠠᠯᠠᠶᠢᠳ ᠬᠤᠰᠢᠭᠤᠨ ᠤ ᠢᠨᠳᠡᠷ ᠪᠠᠯᠭᠠᠰᠦ ᠶᠢᠨ ᠪᠤᠷᠤᠭᠠᠨ ᠤ ᠤᠰᠤ ᠶᠢ ᠵᠠᠯᠠᠬᠤ ᠬᠤᠭᠤᠯᠠᠢ ᠶᠢᠨ ᠢᠨᠵᠧᠨᠧᠷᠢᠩ ᠢ ᠪᠠᠶᠢᠭᠤᠯᠵᠦ᠂ ᠤᠳᠤ ᠪᠠᠷᠤᠬᠰᠢᠨ ᠵᠠᠮ ᠲᠡᠪᠢᠰᠬᠦ ᠬᠡᠵᠦ ᠪᠠᠶᠢᠭ᠎ᠠ ᠪᠤᠯᠬᠤᠷ ᠪᠠᠷᠢᠯᠭ᠎ᠠ ᠶᠢᠨ ᠬᠤᠭᠤᠴᠠᠭᠠᠨ ᠳᠤ ᠨᠠᠭᠠᠰᠢ ᠴᠠᠭᠠᠰᠢ ᠶᠠᠪᠤᠬᠤ ᠲᠡᠷᠬᠡ ᠬᠦᠰᠬᠡ  ᠪᠤᠯᠤᠨ ᠶᠠᠪᠠᠭᠠᠨ ᠬᠦᠮᠦᠨ ᠤ ᠠᠮᠦᠷ ᠲᠦᠪᠰᠢᠨ ᠢ ᠪᠠᠳᠦᠯᠠᠬᠤ ᠶᠢᠨ ᠲᠦᠯᠦᠬᠡ᠂  ᠡᠳᠦᠬᠡ ᠲᠤᠸᠠᠨ ᠵᠢᠶᠧ ᠵᠠᠮ ︵ᠡᠤ ᠰᠧ ᠵᠠᠮ ᠠᠴᠠ ᠱᠧᠨ ᠱᠠᠨ ᠵᠠᠮ ᠤᠨ ᠬᠡᠰᠡᠭ︶ ᠤᠨ ᠪᠠᠷᠠᠭᠤᠨ ᠲᠠᠯ᠎ᠠ ᠳᠠᠬᠢ ᠮᠠᠰᠢᠨᠳᠤ ᠲᠡᠷᠬᠡ ᠶᠠᠪᠤᠬᠤ ᠵᠠᠮ ᠢ ᠪᠢᠳᠡᠬᠦᠮᠵᠢᠯᠡᠬᠦ ᠪᠠᠷ ᠪᠤᠢ᠃  ᠡᠳᠦᠬᠡ ᠬᠤᠯᠪᠤᠬᠳᠠᠯ ᠪᠦᠬᠦᠢ ᠵᠦᠢᠯᠡᠰ ᠢ  ᠲᠤᠤᠷᠠᠬᠢ ᠠᠭᠤᠯᠭ᠎ᠠ ᠪᠠᠷ ᠮᠡᠳᠡᠭᠳᠡᠶ᠎ᠡ᠃     ᠨᠢᠬᠡ  ᠂  ᠪᠢᠳᠡᠬᠦᠮᠵᠢᠯᠡᠬᠦ ᠱᠠᠭᠠᠷᠳᠠᠯᠭ᠎ᠠ    ᠠᠯᠢᠪᠠ ᠲᠡᠷᠭᠡ ᠬᠦᠰᠬᠡ ᠪᠤᠯᠤᠨ ᠶᠠᠪᠠᠭᠠᠨ ᠬᠦᠮᠦᠨ ᠲᠤᠸᠠᠨ ᠵᠢᠶᠧ ᠵᠠᠮ ︵ᠡᠤ ᠰᠧ  ᠵᠡᠬᠡᠯᠢ ᠠᠴᠠ ᠱᠧᠨ ᠱᠠᠨ ᠵᠡᠬᠡᠯᠢ ᠶᠢᠨ ᠬᠡᠰᠡᠭ︶ ᠤᠨ ᠪᠠᠷᠠᠭᠤᠨ ᠲᠠᠯ᠎ᠠ  ᠪᠠᠷ ᠶᠠᠪᠤᠬᠤ ᠶᠢ ᠬᠤᠷᠢᠬᠯᠠᠨ᠎ᠠ᠃    ᠬᠤᠶᠠᠷ᠂  ᠲᠤᠭᠤᠷᠢᠵᠦ ᠶᠠᠪᠤᠬᠤ ᠵᠠᠮ    ᠲᠡᠷᠬᠡ ᠬᠦᠰᠭᠡ ᠪᠤᠯᠤᠨ ᠶᠠᠪᠠᠭᠠᠨ ᠬᠦᠮᠦᠨ  ᠴᠤᠤᠯ ᠵᠠᠮ ᠪᠤᠶᠤ ᠢᠨᠳᠡᠷ ᠵᠠᠮ ᠢᠶᠠᠷ ᠲᠤᠭᠤᠷᠢᠵᠦ ᠶᠠᠪᠤᠬᠤ ᠬᠡᠷᠡᠭᠳᠡᠢ᠃    ᠭᠤᠷᠪᠠ᠂ ᠪᠢᠳᠡᠬᠦᠮᠵᠢᠯᠡᠬᠦ ᠴᠠᠭ ᠬᠤᠭᠤᠴᠠᠭ᠎ᠠ    6 ᠰᠠᠷ᠎ᠠ ᠶᠢᠨ 29 ᠤ ᠡᠳᠦᠷ ᠠᠴᠠ 7 ᠰᠠᠷ᠎ᠠ ᠶᠢᠨ10 ᠤ ᠡᠳᠦᠷ ᠪᠤᠯᠳᠠᠯ᠎ᠠ ᠲᠦᠷ ᠪᠢᠳᠡᠬᠦᠮᠵᠢᠯᠡᠬᠦ ᠪᠠᠷ  ᠲᠤᠬᠳᠠᠵᠠᠢ᠃   ᠲᠡᠭᠡᠷᠡᠬᠢ ᠲᠤᠷᠠᠳᠤᠬᠰᠠᠨ ᠵᠠᠮ ᠢᠶᠠᠷ ᠲᠤᠭᠤᠷᠢᠵᠦ ᠶᠠᠪᠤᠬᠤ ᠮᠠᠰᠢᠨ ᠲᠡᠷᠭᠡ ᠪᠤᠯᠤᠨ ᠶᠠᠪᠠᠭᠠᠨ ᠬᠦᠮᠦᠨ ᠶᠠᠪᠤᠵᠦ ᠰᠠᠭᠤᠬᠤ ᠵᠠᠮ ᠱᠤᠭᠤᠮ ᠢᠶᠠᠨ ᠵᠤᠬᠢᠰᠳᠠᠢ  ᠲᠤᠬᠢᠷᠠᠭᠤᠯᠤᠭᠠᠷᠠᠢ︕ ᠵᠠᠮ ᠢ ᠲᠦᠷ ᠪᠢᠳᠡᠬᠦᠮᠵᠢᠯᠡᠬᠦ ᠰᠢᠯᠳᠠᠭᠠᠨ ᠠᠴᠠ ᠪᠤᠯᠵᠦ ᠦᠷᠬᠡᠨ ᠤᠯᠠᠨ ᠲᠦᠮᠡᠨ ᠤ ᠶᠠᠪᠤᠵᠦ ᠰᠠᠭᠤᠬᠤ ᠳᠤ ᠲᠦᠬᠦᠮ ᠦᠬᠡᠢ ᠪᠤᠯᠤᠯ᠎ᠠ᠃ ᠤᠯᠠᠨ ᠢᠶᠠᠷ ᠢᠶᠠᠨ ᠤᠶᠢᠯᠠᠭᠠᠨ ᠲᠡᠮᠵᠢᠬᠦ ᠶᠢ ᠬᠦᠰᠡᠵᠦ ᠪᠠᠶᠢᠨ᠎ᠠ᠃                              ᠵᠠᠯᠠᠶᠢᠳ ᠬᠤᠰᠢᠭᠤᠨ ᠤ ᠨᠡᠶᠢᠳᠡ ᠶᠢᠨ ᠠᠵᠢᠯ ᠦᠢᠯᠡᠰ ᠤᠨ                              ᠬᠦᠭᠵᠢᠯᠳᠡ    ᠶᠢᠨ     ᠦᠢᠯᠡᠴᠢᠯᠡᠬᠡᠨ ᠤ       ᠲᠦᠪ                                      2022ᠤᠨ ᠤ 6 ᠰᠠᠷ᠎ᠠ ᠶᠢᠨ 28 ᠤ ᠡᠳᠦᠷ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号