ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠠᠭ ᠢ ᠤᠷᠳᠤᠳᠬᠠᠨ ᠦᠢᠯᠡᠴᠢᠯᠡᠭᠡ ᠬᠠᠩᠭᠠᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2022/7/11
   ᠥᠷᠭᠡᠨ ᠤᠯᠠᠨ ᠠᠷᠠᠳ ᠲᠦᠮᠡᠨ ᠪᠠ ᠠᠵᠤ ᠠᠬᠤᠶᠢᠯᠠᠯ ᠤᠨ ᠥᠮᠴᠢᠲᠡᠨ ᠨᠡᠷ ᠲᠤ᠄     ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ︽ᠠᠵᠢᠯᠯᠠᠬᠤ ᠴᠠᠭ ᠲᠤ ᠭᠦᠢᠴᠡᠳᠭᠡᠬᠦ ᠴᠢᠯᠥᠭᠡ ᠥᠬᠡᠶ︾ ︽ᠠᠮᠠᠷᠠᠬᠤ ᠴᠠᠭ ᠲᠤ ᠭᠦᠢᠴᠡᠳᠭᠡᠬᠦ ᠭᠠᠵᠠᠷ ᠥᠬᠡᠶ︾ ︽ᠭᠦᠢᠴᠡᠳᠭᠡᠵᠦ ᠳᠠᠭᠤᠰᠤᠭᠠᠳᠤᠶ ᠵᠦᠢᠯᠡᠰ ᠢ ᠳᠠᠭᠢᠵᠤ ᠭᠦᠢᠴᠡᠳᠭᠡᠬᠦ︾ ᠵᠡᠷᠭᠡ ᠠᠰᠠᠭᠤᠳᠠᠯ ᠢ ᠦᠨᠡᠨ ᠬᠦ ᠰᠢᠢᠳᠪᠤᠷᠢᠯᠡᠬᠦ ᠶᠢᠨ ᠲᠤᠰᠠᠳᠠ᠂ ᠴᠠᠭ ᠢ ᠤᠷᠳᠤᠳᠬᠠᠨ ᠦᠢᠯᠡᠴᠢᠯᠡᠭᠡ ᠬᠠᠩᠭᠠᠬᠤ ᠪᠠᠷ ᠪᠤᠯᠪᠠ᠃ ᠨᠠᠷᠢᠨ ᠵᠦᠢᠯᠡᠰ ᠢ ᠳᠣᠤᠷᠠᠬᠢ ᠮᠡᠲᠦ ᠵᠠᠷᠯᠠᠶ᠎ᠠ᠃     ᠨᠢᠭᠡ᠂ ᠦᠢᠯᠡᠴᠢᠯᠡᠭᠡᠨ ᠤ ᠬᠡᠪᠴᠢᠶ᠎ᠡ     ᠡᠭᠦᠨ ᠳᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ᠂ ᠥᠯᠥ ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠᠭᠲᠠᠨ᠎ᠠ᠃     ᠬᠤᠶᠠᠷ᠂ ᠦᠢᠯᠡᠴᠢᠯᠡᠬᠦ ᠴᠠᠭ ᠪᠠ ᠠᠷᠭ᠎ᠠ ᠬᠡᠯᠪᠡᠷᠢ     2022 ᠣᠨ ᠤ 7 ᠰᠠᠷ᠎ᠠ ᠶᠢᠨ 9 ᠤ ᠡᠳᠦᠷ ᠠᠴᠠ ᠡᠬᠢᠯᠡᠨ᠂ ᠴᠠᠭ ᠢ ᠤᠷᠳᠤᠳᠬᠠᠨ ᠦᠢᠯᠡᠴᠢᠯᠡᠭᠡ ᠬᠠᠩᠭᠠᠨ᠎ᠠ᠃ ᠪᠣᠳᠠᠲᠠᠶ ᠠᠭᠤᠯᠭ᠎ᠠ ᠨᠢ ᠳᠣᠣᠷᠠᠬᠢ ᠮᠡᠲᠦ᠄     1.  ᠠᠵᠢᠯᠯᠠᠬᠤ ᠡᠳᠦᠷ ᠤᠨ ᠪᠤᠰᠤ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ ᠦᠳᠡ ᠶᠢᠨ ᠡᠮᠦᠨᠡᠬᠢ 9᠄ 00 — 12᠄ 00 ᠴᠠᠭ ᠤᠨ ᠬᠤᠭᠤᠷᠤᠨᠳᠤ ᠦᠢᠯᠡᠴᠢᠯᠡᠭᠡ ᠬᠠᠩᠭᠠᠨ᠎ᠠ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠤᠯᠤᠨ ᠠᠮᠠᠷᠠᠯᠲᠠ ᠶᠢᠨ ᠡᠳᠦᠷ ᠠᠴᠠ ᠭᠠᠳᠠᠨ᠎ᠠ︶᠃     2. ᠠᠵᠢᠯᠯᠠᠬᠤ ᠡᠳᠦᠷ ᠲᠤ ᠦᠳᠡ ᠶᠢᠨ ᠡᠮᠦᠨ᠎ᠡ ᠦᠳᠡ ᠶᠢᠨ ᠬᠤᠶᠢᠨ᠎ᠠ ᠠᠵᠢᠯ ᠠᠴᠠ ᠪᠠᠭᠤᠬᠤ ᠴᠠᠭ ᠪᠣᠯᠲᠠᠯ᠎ᠠ᠂ ᠠᠵᠤ ᠠᠬᠤᠶᠢᠯᠠᠯ ᠣᠯᠠᠨ ᠲᠦᠮᠡᠨ ᠭᠦᠢᠴᠡᠳᠭᠡᠵᠦ ᠳᠠᠭᠤᠰᠤᠭᠠᠳᠤᠶ ᠵᠦᠢᠯᠡᠰ ᠢ ᠭᠦᠢᠴᠡᠳᠭᠡᠵᠦ ᠪᠠᠶᠢᠭ᠎ᠠ ᠦᠶ᠎ᠡ ᠳᠤ᠂  ᠴᠤᠩᠬᠤᠪᠴᠢ ᠶᠢᠨ ᠠᠵᠢᠯᠲᠠᠨ ᠰᠠᠨᠠᠭᠠᠴᠢᠯᠠᠭ᠎ᠠ ᠠᠴᠠ ᠪᠠᠨ ᠠᠵᠢᠯᠯᠠᠬᠤ ᠴᠠᠭ ᠢᠶᠠᠨ ᠶᠠᠭ ᠭᠦᠢᠴᠡᠳᠭᠡᠵᠦ ᠪᠠᠶᠢᠭ᠎ᠠ ᠶᠠᠪᠤᠳᠠᠯ ᠢᠶᠠᠨ  ᠭᠦᠢᠴᠡᠳᠭᠡᠵᠦ ᠲᠠᠭᠤᠰᠳᠠᠯ᠎ᠠ ᠤᠷᠲᠤᠳᠬᠠᠨ᠎ᠠ᠃     ᠭᠤᠷᠪᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ      ᠴᠠᠭ ᠢ ᠤᠷᠲᠤᠳᠬᠠᠨ ᠦᠢᠯᠡᠴᠢᠯᠡᠭᠡ ᠬᠠᠩᠭᠠᠬᠤ ᠬᠤᠭᠤᠴᠠᠭᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠬᠡᠪ ᠤᠨ ᠠᠵᠢᠯᠯᠠᠬᠤ ᠴᠠᠭ ᠲᠠᠢ ᠨᠢᠭᠡᠳᠦᠯᠲᠡᠶ ᠪᠠᠶᠢᠵᠤ᠂ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠥᠮᠴᠢᠲᠡᠨ ᠨᠡᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠨ ᠬᠠᠮᠵᠢᠯᠴᠠᠬᠤ ᠶᠢ ᠬᠦᠰᠡᠵᠦ ᠪᠠᠶᠢᠨ᠎ᠠ᠃      ᠴᠠᠭ ᠢ ᠤᠷᠳᠤᠳᠬᠠᠨ ᠦᠢᠯᠡᠴᠢᠯᠡᠭᠡ ᠬᠠᠩᠭᠠᠬᠤ ᠶᠢ ᠠᠵᠤ ᠠᠬᠤᠶᠢᠯᠠᠯ ᠪᠠ ᠤᠯᠠᠨ ᠲᠦᠮᠡᠨ ᠤ ᠬᠡᠷᠡᠭᠴᠡᠭᠡ ᠶᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠨ ᠳᠡᠭᠦᠯᠳᠡᠷᠵᠢᠭᠦᠯᠦᠨ᠎ᠡ᠂ ᠥᠷᠭᠡᠨ ᠤᠯᠠᠨ ᠲᠦᠮᠡᠨ ᠪᠠ ᠠᠵᠤ ᠠᠬᠤᠶᠢᠯᠠᠯ ᠤᠨ ᠥᠮᠴᠢᠲᠡᠨ ᠨᠠᠷ ᠤᠨ ᠮᠠᠨ ᠤ ᠦᠢᠯᠡᠴᠢᠯᠡᠭᠡ ᠳᠤ ᠰᠠᠨᠠᠯ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠳᠤᠵᠤ ᠪᠠᠶᠢᠨ᠎ᠠ᠃                                                                   ᠵᠠᠯᠠᠶᠢᠳ  ᠬᠤᠰᠢᠭᠤᠨ  ᠤ    ᠵᠠᠰᠠᠭ  ᠤᠨ                                 ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                                 2022 ᠣᠨ ᠤ 7 ᠰᠠᠷ᠎ᠠ ᠶᠢᠨ 8 ᠤ ᠡᠳᠦᠷ    
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号