ᠡᠷᠳᠡᠨᠢ ᠰᠢᠰᠢ ᠶᠢᠨ ᠵᠢᠵᠢᠭ ᠲᠣᠯᠪᠣᠲᠤ ᠡᠪᠡᠳᠴᠢᠨ ᠢ ᠰᠡᠷᠭᠡᠶᠢᠯᠡᠨ ᠵᠠᠰᠠᠬᠤ ᠠᠷᠭ᠎ᠠ
ᠨᠡᠶᠢᠲᠡᠯᠡᠭᠰᠡᠨ ᠴᠠᠭ᠄
2022/7/18
           ᠡᠪᠡᠳᠴᠢᠨ ᠢ ᠡᠰᠡᠷᠭᠦᠴᠡᠵᠦ ᠴᠢᠳᠠᠬᠤ ᠰᠢᠯᠢᠳᠡᠭ ᠡᠷᠳᠡᠨᠢ ᠰᠢᠰᠢ ᠶᠢᠨ ᠲᠦᠷᠦᠯ ᠵᠦᠢᠯ ᠢ ᠰᠣᠩᠭᠤᠨ ᠬᠡᠷᠡᠭᠯᠡᠬᠦ ᠬᠡᠷᠡᠭᠲᠡᠢ᠃ ᠰᠡᠷᠭᠡᠶᠢᠯᠡᠨ ᠵᠠᠰᠠᠯᠲᠠ ᠶᠢ ᠴᠢᠩᠭᠠᠳᠬᠠᠵᠤ᠂ ᠲᠠᠷᠢᠶ᠎ᠠ ᠪᠠᠨ ᠴᠡᠪᠡᠷᠯᠡᠨ ᠠᠷᠢᠯᠭᠠᠵᠤ᠂ ᠰᠢᠷᠣᠢ ᠶᠢ ᠨᠢ ᠭᠦᠨ ᠤᠷᠪᠠᠭᠤᠯᠤᠨ᠂ ᠪᠠᠺᠲ᠋ᠧᠷᠢ ᠶᠢᠨ ᠡᠬᠢ ᠡᠭᠦᠰᠦᠯ ᠢ ᠬᠢᠵᠠᠭᠠᠷᠯᠠᠬᠤ ᠬᠡᠷᠡᠭᠲᠡᠢ᠃ ᠳᠣᠣᠷ᠎ᠠ ᠬᠡᠰᠡᠭ ᠤᠨ ᠬᠠᠭᠤᠴᠢᠨ ᠰᠢᠷᠠᠯᠠᠭᠰᠠᠨ ᠨᠠᠪᠴᠢ᠂ ᠡᠪᠡᠳᠴᠢᠨ ᠲᠠᠢ ᠨᠠᠪᠴᠢ ᠶᠢ ᠠᠪᠴᠤ ᠬᠠᠶᠠᠵᠤ᠂ ᠲᠡᠬᠢᠨ ᠪᠠᠺᠲ᠋ᠧᠷᠢ ᠳᠤ ᠬᠠᠯᠳᠠᠪᠤᠷᠢᠯᠠᠭᠳᠠᠬᠤ ᠶᠢ ᠪᠠᠭᠠᠰᠬᠠᠬᠤ ᠬᠡᠷᠡᠭᠲᠡᠢ᠃ ᠲᠠᠷᠢᠶᠠᠨ ᠤ ᠬᠠᠮᠢᠶᠠᠷᠤᠯᠲᠠ ᠪᠠᠨ ᠴᠢᠩᠭᠠᠳᠬᠠᠵᠤ ᠲᠠᠷᠢᠶᠠᠨ ᠤ ᠴᠢᠬᠢᠭ ᠤᠨ ᠬᠡᠮᠵᠢᠶ᠎ᠡ ᠶᠢ ᠪᠠᠭᠠᠰᠬᠠᠵᠤ᠂ ᠫᠤᠰᠫᠤᠷ ᠪᠣᠷᠳᠣᠭᠤᠷ᠂ ᠺᠠᠯᠢ ᠶᠢᠨ ᠪᠣᠷᠳᠣᠭᠤᠷ ᠨᠡᠮᠡᠵᠦ ᠤᠷᠤᠭᠤᠯᠬᠤ ᠬᠡᠷᠡᠭᠲᠡᠢ᠃ ᠡᠮ ᠢᠶᠠᠷ ᠰᠡᠷᠭᠡᠶᠢᠯᠡᠨ ᠵᠠᠰᠠᠬᠤ ᠳᠤ ᠲᠤᠰ ᠭᠠᠵᠠᠷ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ᠂ ᠲᠠᠷᠢᠶᠠᠨ ᠡᠮ ᠤᠨ ᠰᠡᠷᠭᠡᠶᠢᠯᠡᠨ ᠵᠠᠰᠠᠯᠲᠠ ᠶᠢ ᠵᠣᠬᠢᠰᠲᠠᠢ ᠬᠡᠷᠡᠭᠯᠡᠬᠦ ᠬᠡᠷᠡᠭᠲᠡᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号