8 ᠰᠠᠷ᠎ᠠ ᠶᠢᠨ 13 ᠤ ᠡᠳᠦᠷ᠂ ᠬᠥᠬᠡᠬᠤᠲᠠ ᠭᠠᠳᠠᠨ᠎ᠠ ᠮᠤᠵᠢ ᠤᠷᠤᠨ ᠠᠴᠠ ᠬᠠᠯᠳᠠᠪᠤᠷᠢᠯᠠᠨ ᠤᠷᠤᠵᠤ | ᠢᠷᠡᠭᠰᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠠᠯᠳᠠᠪᠤᠷᠢᠯᠠᠭᠳᠠᠭᠰᠠᠳ ᠢ 4 ᠮᠡᠳᠡᠭᠦᠯᠪᠡ᠃ ᠡᠳᠡᠭᠡᠷ 4 | ᠬᠦᠮᠦᠨ ᠪᠦᠷ 8 ᠰᠠᠷ᠎ᠠ ᠶᠢᠨ 12 ᠤᠨ ᠡᠳᠦᠷ ᠴᠦᠩᠴᠢᠩ ᠬᠤᠲᠠ ᠠᠴᠠ ᠬᠥᠬᠡᠬᠤᠲᠠ ᠳᠤ ᠢᠷᠡᠬᠦ ᠨᠠᠨ ᠹᠠᠩ | ᠠᠭᠠᠷ ᠤᠨ ᠠᠶᠠᠯᠠᠯ ᠤᠨ ᠺᠣᠮᠫᠠᠨᠢ ᠶᠢᠨ CZ2751 ᠡᠭᠡᠯᠵᠢ ᠶᠢᠨ ᠨᠢᠰᠬᠡᠯ ᠳᠤ ᠰᠠᠭᠤᠭᠰᠠᠨ ᠠᠶᠠᠨᠴᠢᠳ ᠪᠤᠯᠤᠨ᠎ᠠ᠃ | ᠡᠳᠡᠭᠡᠷ 4 ᠬᠦᠮᠦᠨ ᠢ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠳᠤ ᠵᠤᠷᠰᠢᠯ ᠶᠤᠰᠤᠭᠠᠷ ᠪᠦᠭᠡᠮ ᠬᠦᠴᠢᠯ ᠤᠨ | ᠪᠠᠶᠢᠴᠠᠭᠠᠯᠲᠠ ᠬᠢᠬᠦ ᠪᠠᠷ ᠲᠠᠮᠵᠢᠨ ᠢᠯᠡᠷᠡᠭᠦᠯᠦᠭᠰᠡᠨ ᠪᠠᠶᠢᠨ᠎ᠠ᠃ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠢᠲᠠᠶ ᠪᠠᠷ | ᠰᠠᠶᠢᠲᠤᠷ ᠬᠢᠵᠦ᠂ ᠬᠢᠵᠢᠭ ᠤᠨ ᠪᠠᠶᠢᠳᠠᠯ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ | ᠰᠡᠷᠭᠡᠶᠢᠯᠡᠬᠦ ᠶᠢᠨ ᠲᠤᠰᠠᠳᠠ᠂ ᠬᠤᠯᠪᠣᠭᠳᠠᠯ ᠪᠦᠭᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠃ | ᠨᠢᠭᠡ᠂ 8 ᠰᠠᠷ᠎ᠠ ᠶᠢᠨ 12 ᠤᠨ ᠡᠳᠦᠷ ᠤᠨ 18᠄ 00 ——22᠄ 00 ᠴᠠᠭ ᠤᠨ | ᠬᠤᠭᠤᠷᠤᠨᠳᠤ ᠬᠥᠬᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠢᠶᠠᠷ ᠦᠩᠭᠡᠷᠡᠭᠰᠡᠨ ᠬᠦᠮᠦᠰ᠂ 8 | ᠰᠠᠷ᠎ᠠ ᠶᠢᠨ 12 ᠤᠨ ᠡᠳᠦᠷ ᠤᠨ 21᠄ 00 — 8 ᠰᠠᠷ᠎ᠠ ᠶᠢᠨ 13 ᠤ ᠡᠳᠦᠷ ᠤᠨ 3᠄ 00 ᠴᠠᠭ ᠪᠤᠯᠳᠠᠯ᠎ᠠ | ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠠᠨ ᠳ᠋ᠦᠩ ᠵᠠᠮ ᠤᠨ ᠯᠤᠤ ᠪᠠᠨ ᠵᠠᠩ ᠰᠢᠷᠠᠮᠠᠯ ᠢᠳᠡᠭᠡᠨ ᠤ | ᠳᠡᠯᠭᠡᠭᠦᠷ ᠲᠤ ᠬᠤᠭᠤᠯᠠ ᠢᠳᠡᠭᠰᠡᠨ ᠬᠦᠮᠦᠰ᠂ 8 ᠰᠠᠷ᠎ᠠ ᠶᠢᠨ 12 ᠤᠨ ᠡᠳᠦᠷ ᠤᠨ 19᠄ 00 — 8 | ᠰᠠᠷ᠎ᠠ ᠶᠢᠨ 13 ᠤ ᠪᠦᠬᠦᠯᠢ ᠡᠳᠦᠷ ᠲᠤ ᠶᠢᠩ ᠱᠠᠩ ᠪᠠᠭᠤᠳᠠᠯ ︵ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ | ᠬᠠᠶᠢᠯᠠᠷ ᠶᠡᠭᠡ ᠵᠡᠭᠡᠯᠢ ᠶᠢᠨ ᠴᠠᠭ ᠠᠭᠤᠷ ᠤᠨ ᠲᠣᠪᠴᠢᠶ᠎ᠠ ᠶᠢᠨ ᠪᠠᠷᠠᠭᠤᠨ 20 ᠮᠧᠲᠷ ᠤᠨ ᠵᠠᠮ ᠤᠨ ᠬᠤᠶᠢᠨ᠎ᠠ︶ ᠳᠤ | ᠬᠤᠨᠣᠵᠤ ᠥᠩᠭᠡᠷᠡᠭᠰᠡᠨ ᠬᠦᠮᠦᠰ᠂ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠪᠠᠶᠢᠪᠠᠯ ᠰᠠᠭᠤᠭ᠎ᠠ | ᠭᠠᠵᠠᠷ ᠤᠨ ᠢᠶᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠢ ᠪᠤᠶᠤ ᠪᠠᠭᠤᠳᠠᠯ ᠳᠤ ᠪᠠᠨ | ᠮᠡᠳᠡᠭᠦᠯᠦᠨ ᠳᠠᠩᠰᠠᠯᠠᠭᠤᠯᠵᠤ᠂ ︽ᠭᠤᠷᠪᠠᠨ ᠡᠳᠦᠷ ᠲᠤ ᠬᠤᠶᠠᠷ ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠲᠠ | ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠳᠡᠢ᠃ | ᠬᠤᠶᠠᠷ᠂ ᠬᠥᠬᠡᠬᠤᠲᠠ ᠳᠠᠬᠢ 4 ᠠᠷᠭ᠎ᠠ ᠴᠢᠨᠠᠷ ᠢᠯᠡᠷᠡᠭᠰᠡᠨ ᠬᠠᠯᠳᠠᠪᠤᠷᠢᠯᠠᠭᠰᠠᠳ ᠲᠠᠢ ᠬᠠᠮᠲᠤ ᠪᠠᠷ | CZ2751 ᠡᠭᠡᠯᠵᠢ ᠶᠢᠨ ᠨᠢᠰᠬᠡᠯ ᠳᠤ ᠰᠠᠭᠤᠭᠰᠠᠳ ᠰᠠᠭᠤᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶᠂ ᠪᠠᠶᠢᠭᠤᠯᠭ᠎ᠠ ᠨᠢᠭᠡᠴᠢ ᠪᠤᠶᠤ ᠪᠠᠭᠤᠳᠠᠯ ᠳᠤ ᠪᠠᠨ ᠮᠡᠳᠡᠭᠦᠯᠦᠨ ᠳᠠᠩᠰᠠᠯᠠᠭᠤᠯᠵᠤ᠂ ︽7 ᠡᠳᠦᠷ ᠤᠨ | ᠲᠥᠪᠯᠡᠷᠡᠭᠦᠯᠦᠨ ᠲᠤᠰᠠᠭᠠᠷᠯᠠᠬᠤ + 3 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢ ᠬᠢᠨᠠᠨ ᠪᠠᠶᠢᠴᠠᠭᠠᠬᠤ︾ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠳᠡᠢ᠃ | ᠭᠤᠷᠪᠠ᠂ 8 ᠰᠠᠷ᠎ᠠ ᠶᠢᠨ 12 ᠤᠨ ᠡᠳᠦᠷ ᠠᠴᠠ ᠨᠠᠭᠠᠰᠢ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ | ᠲᠤ ᠰᠠᠭᠤᠭᠰᠠᠨ ᠲᠡᠤᠬᠡ ᠲᠠᠢ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠰᠠᠭᠤᠭ᠎ᠠ | ᠭᠠᠵᠠᠷ ᠤᠨ ᠢᠶᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠢ ᠪᠤᠶᠤ ᠪᠠᠭᠤᠳᠠᠯ ᠳᠤ ᠪᠠᠨ | ᠳᠠᠷᠦ᠋ᠢᠬᠠᠨ ᠮᠡᠳᠡᠭᠦᠯᠦᠨ ᠳᠠᠩᠰᠠᠯᠠᠭᠤᠯᠵᠤ᠂ ᠬᠠᠷᠢᠶ᠎ᠠ ᠭᠠᠵᠠᠷ ᠲᠠᠢ ᠪᠠᠨ ᠬᠠᠮᠵᠢᠯᠴᠠᠨ ᠵᠣᠬᠢᠬᠤ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠡᠢ᠃ | ᠳᠥᠷᠪᠡ᠂ 8 ᠰᠠᠷ᠎ᠠ ᠶᠢᠨ 13 ᠤ ᠡᠳᠦᠷ ᠠᠴᠠ ᠨᠠᠭᠠᠰᠢ᠂ ᠬᠥᠬᠡᠬᠤᠲᠠ ᠶᠢᠨ ᠦᠴᠤᠸᠠᠨ ᠰᠢᠶᠠᠨ ᠳᠤ | ᠰᠠᠭᠤᠭᠰᠠᠨ ᠲᠡᠤᠬᠡ ᠲᠠᠢ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠰᠠᠭᠤᠭ᠎ᠠ ᠭᠠᠵᠠᠷ ᠤᠨ ᠢᠶᠠᠨ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠢ ᠪᠤᠶᠤ ᠪᠠᠭᠤᠳᠠᠯ ᠳᠤ ᠪᠠᠨ ᠮᠡᠳᠡᠭᠦᠯᠦᠨ | ᠳᠠᠩᠰᠠᠯᠠᠭᠤᠯᠵᠤ᠂ ᠬᠠᠷᠢᠶ᠎ᠠ ᠭᠠᠵᠠᠷ ᠲᠠᠢ ᠪᠠᠨ ᠬᠠᠮᠵᠢᠯᠴᠠᠨ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠳᠡᠢ᠃ | ᠲᠠᠪᠤ᠂ ᠡᠯ᠎ᠡ ᠭᠠᠵᠠᠷ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠵᠤᠭᠠᠴᠠᠨ ᠰᠠᠭᠤᠭᠰᠠᠨ ᠲᠡᠤᠬᠡ ᠲᠠᠢ | ᠬᠥᠮᠦᠰ ᠢ ᠳᠠᠷᠤᠶ ᠲᠦᠷᠭᠡᠨ ᠵᠢᠭᠰᠠᠭᠠᠨ ᠪᠠᠶᠢᠴᠠᠭᠠᠵᠤ᠂ ᠡᠷᠬᠡᠪᠰᠢ 24 ᠴᠠᠭ ᠤᠨ ᠳᠣᠲᠣᠷ᠎ᠠ ᠨᠠᠶᠢᠳᠠᠪᠤᠷᠢᠵᠢᠭᠤᠯᠵᠤ᠂ | ︽ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠪᠠᠲᠤᠯᠠᠬᠤ ᠬᠡᠷᠡᠭᠲᠡᠶ᠃ | ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠡᠷᠡᠭᠦᠯ ᠡᠩᠬᠡ ᠬᠢᠩᠭᠠᠨ ᠠᠶᠢᠮᠠᠭ ᠤᠨ ᠨᠡᠶᠢᠲᠡ ᠶᠢᠨ | ᠲᠠᠪᠴᠠᠩ ᠤᠨ ︽ᠬᠢᠩᠭᠠᠨ ᠠᠶᠢᠮᠠᠭ ᠤᠨ ᠭᠠᠳᠠᠨ᠎ᠠ ᠠᠴᠠ ᠢᠷᠡᠭᠰᠡᠨ ᠬᠥᠮᠦᠰ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠲᠠᠶᠢᠯᠪᠤᠷᠢ ᠵᠢᠷᠤᠭ︾ ᠢ ᠨᠢᠭᠲᠠ ᠠᠩᠬᠠᠷᠴᠤ᠂ ᠵᠠᠪᠠᠯ ᠤᠴᠢᠬᠤ ᠴᠢᠬᠤᠯᠠ ᠦᠭᠡᠢ ᠪᠤᠯ | ᠰᠢᠨᠵᠢᠶᠠᠩ᠂ ᠲᠥᠪᠡᠳ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ᠂ ᠦᠴᠤᠸᠠᠨ ᠰᠢᠶᠠᠨ ᠵᠢᠴᠢ ᠪᠤᠰᠤᠳ | ᠳᠤᠮᠳᠠ ᠲᠦᠭᠰᠢᠭᠦᠷᠢ ᠲᠠᠢ ᠭᠠᠵᠠᠷ ᠣᠷᠣᠨ ᠳᠤ ᠣᠴᠢᠬᠤ ᠥᠬᠡᠶ ᠪᠠᠶᠢᠬᠤ ᠬᠡᠷᠡᠭᠲᠡᠶ᠃ | ᠳᠣᠯᠤᠭ᠎ᠠ᠂ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭ᠎ᠠ | ᠰᠠᠶᠢᠲᠤᠷ ᠬᠢᠵᠦ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠤᠢ ᠪᠤᠯᠭᠠᠵᠤ᠂ ᠴᠤᠭᠯᠠᠷᠠᠬᠤ ᠥᠬᠡᠶ | ᠪᠠᠶᠢᠵᠤ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠳᠤᠯᠠᠨ᠂ ᠣᠯᠠᠨ ᠨᠡᠶᠢᠲᠡ ᠶᠢᠨ ᠲᠠᠯᠠᠪᠤᠷ ᠲᠤ | ᠣᠴᠢᠬᠤ ᠳᠤ ᠡᠷᠬᠡᠪᠰᠢ ᠪᠥᠬᠦ ᠶᠠᠪᠤᠴᠠ ᠳᠤ ᠠᠮᠠᠪᠴᠢ ᠵᠡᠭᠦᠬᠦ ᠶᠢ ᠵᠢᠷᠤᠮᠵᠢᠭᠤᠯᠬᠤ ᠶᠢᠨ ᠬᠠᠮᠲᠤ᠂ ᠪᠡᠶ᠎ᠡ ᠶᠢᠨ | ᠳᠤᠯᠠᠭᠠᠨ ᠢ ᠬᠡᠮᠵᠢᠬᠦ᠂ ᠺᠣᠳ᠋ ᠰᠢᠷᠪᠢᠬᠦ ᠵᠡᠷᠭᠡ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ | ᠨᠠᠢᠮᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠦᠭᠡᠢ᠂ ᠪᠠᠶᠢᠳᠠᠯ ᠢᠶᠠᠨ ᠮᠡᠳᠡᠭᠦᠯᠬᠦ | ᠥᠬᠡᠶ ᠨᠢᠭᠤᠵᠤ᠂ ᠬᠤᠳᠠᠯ ᠢᠶᠠᠷ ᠮᠡᠳᠡᠭᠦᠯᠬᠦ ᠪᠤᠶᠤ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠥᠬᠡᠶ ᠵᠡᠷᠭᠡ | ᠰᠢᠯᠳᠠᠭᠠᠨ ᠠᠴᠠ ᠪᠣᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠬᠠᠯᠳᠠᠪᠤᠷᠢᠯᠠᠬᠤ ᠲᠦᠭᠰᠢᠭᠦᠷᠢ ᠶᠢ ᠪᠣᠶ ᠪᠣᠯᠭᠠᠭᠰᠠᠨ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ | ᠪᠣᠯᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ | ᠰᠢᠳᠬᠡᠵᠦ᠂ ᠬᠦᠨᠳᠦ ᠨᠣᠴᠢᠲᠠᠶ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠵᠠᠯᠠᠶᠢᠳ ᠬᠤᠰᠢᠭᠤᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ | 2022 ᠣᠨ ᠤ 8 ᠰᠠᠷ᠎ᠠ ᠶᠢᠨ 14 ᠤ ᠡᠳᠦᠷ | ᠳᠠᠭᠠᠯᠳᠤᠭᠤᠯᠤᠯ᠄ ᠵᠠᠯᠠᠶᠢᠳ ᠬᠤᠰᠢᠭᠤᠨ ᠤ ᠮᠡᠳᠡᠭᠦᠯᠦᠨ ᠳᠠᠩᠰᠠᠯᠠᠭᠤᠯᠬᠤ ᠤᠳᠠᠰᠤ | ᠪᠠᠶᠠᠨᠵᠢᠯᠠᠭ᠎ᠠ ᠰᠢᠶᠠᠩ᠄ 0482 — 6660099 | ᠪᠠᠳᠠᠷᠠᠬᠤ ᠪᠠᠯᠭᠠᠰᠤ᠄ 0482-6590014 | ᠠᠷᠪᠡᠨᠭᠡᠷ ᠪᠠᠯᠭᠠᠰᠤ᠄ 0482-6630069 | ᠬᠤᠯᠪᠤᠭ᠎ᠠ ᠪᠠᠯᠭᠠᠰᠤ᠄ 0482-6690004 | ᠨᠤᠨᠮᠦ᠋ᠷᠡᠨ ᠰᠢᠶᠠᠩ᠄ 0482-6750021 | ᠢᠨᠳᠡᠷ ᠪᠠᠯᠭᠠᠰᠤ᠄ 0482-6061388 | ᠪᠠᠶ᠋ᠬᠠᠤᠯᠠᠭᠠᠨ ᠰᠤᠮᠤ᠄ 0482 — 6510003 | ᠰᠢᠨᠯᠢᠨ ᠪᠠᠯᠭᠠᠰᠤ᠄ 0482-6620484 | ᠪᠠᠶᠠᠨᠭᠤᠣᠯ ᠪᠠᠯᠭᠠᠰᠤ᠄ 0482-6765041 | ᠲᠡᠮᠡᠭᠡᠴᠢ ᠪᠠᠯᠭᠠᠰᠤ᠄ 0482-6580021 | ᠪᠤᠯᠭᠠᠨᠬᠤᠸᠠ ᠰᠤᠮᠤ᠄ 0482-6540003 | ᠬᠦᠷᠡᠯ ᠪᠠᠯᠭᠠᠰᠤ᠄ 0482-6530003 | ᠠᠯᠳᠠᠷᠳᠤ ᠰᠤᠮᠤ᠄ 0482-6520003 | ᠦᠷ᠎ᠡ ᠶᠢᠨ ᠮᠠᠯ ᠦᠷᠡᠵᠢᠭᠦᠯᠬᠦ ᠲᠥᠪ᠄ 0482 — 650002 | ᠪᠠ ᠢ ᠮᠠᠯᠵᠢᠯ ᠤᠨ ᠲᠠᠯᠠᠪᠠᠢ᠄ 0482 — 6550114 | ᠲᠡᠮᠡᠭᠡᠴᠢ ᠬᠤᠣᠷ ᠲᠠᠲᠠᠬᠤ ᠶᠢ ᠵᠣᠭᠰᠣᠭᠠᠬᠤ ᠭᠠᠵᠠᠷ᠄ 0482-6710211 | ᠪᠠᠳᠠᠷᠠᠬᠤ ᠲᠠᠷᠢᠶᠠᠯᠠᠩ ᠤᠨ ᠲᠠᠯᠠᠪᠠᠶ᠄ 0482-6600007 | ᠥᠪᠥᠷ ᠮᠣᠩᠭᠤᠯ ᠤᠨ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠵᠡᠭᠦᠨ ᠤᠷᠤᠨ ᠤ ᠬᠤᠪᠢᠶᠠᠷᠢ | ᠲᠣᠪᠴᠢᠶ᠎ᠠ᠄ 0482 — 6740118 | ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠤᠲᠠᠰᠤ᠄ 0482 — | 2247175 | ᠶᠤᠸᠠᠨ ᠯᠦᠩ ᠯᠦ ᠨᠡᠶᠢᠭᠡᠮ ᠲᠣᠭᠤᠷᠢᠭ 0482-6133620 | ᠳ᠋ᠢᠶᠠᠨ ᠯᠢ ᠨᠡᠶᠢᠭᠡᠮ ᠲᠣᠭᠤᠷᠢᠭ 0482-6601026 | ᠤᠯᠠᠭᠠᠨ ᠨᠡᠶᠢᠭᠡᠮ ᠲᠣᠭᠤᠷᠢᠭ 0482-2247178 | ᠳ᠋ᠦᠩ ᠱᠧᠩ ᠨᠡᠶᠢᠭᠡᠮ ᠲᠣᠭᠤᠷᠢᠭ 0482-6133611 | ᠭᠤᠸᠠᠩ ᠮᠢᠩ ᠨᠡᠶᠢᠭᠡᠮ ᠲᠣᠭᠤᠷᠢᠭ 0482-2887735 | ᠢᠦᠢ ᠭᠥᠸᠧ ᠨᠡᠶᠢᠭᠡᠮ ᠲᠣᠭᠤᠷᠢᠭ 0482-6693998 | ᠹᠠᠨ ᠷᠥᠩ ᠨᠡᠶᠢᠭᠡᠮ ᠲᠣᠭᠤᠷᠢᠭ 0482-6133615 | ᠵᠢᠶᠠᠨ ᠱᠧ ᠨᠡᠶᠢᠭᠡᠮ ᠲᠣᠭᠤᠷᠢᠭ 0482-2247175 | ᠲᠦᠩ ᠬᠠᠶ ᠯᠦ ᠨᠡᠶᠢᠭᠡᠮ ᠲᠣᠭᠤᠷᠢᠭ 0482-6121960/6063223 | ᠲᠤᠷᠠᠨ ᠨᠡᠶᠢᠭᠡᠮ ᠲᠣᠭᠤᠷᠢᠭ 0482-2887736 | ᠴᠤᠤᠯ ᠨᠡᠶᠢᠭᠡᠮ ᠲᠣᠭᠤᠷᠢᠭ 0482-6133613 | |