4.66 ᠳ᠋ᠦᠩᠰᠢᠭᠤᠷ ᠲᠦᠭᠦᠷᠢᠭ ᠪᠡᠯᠡ ᠤᠷᠤᠭᠤᠯᠤᠭᠰᠠᠨ ᠴᠤᠣᠯ ᠤᠰᠣᠨ ᠠᠰᠢᠭᠯᠠᠯᠲᠠ ᠶᠢᠨ ᠲᠤᠤᠷᠠᠳᠣ ᠤᠷᠤᠰᠬᠠᠯ ᠤᠨ ᠦᠪᠤᠷ ᠮᠤᠩᠭᠤᠯ ᠤᠨ ᠤᠰᠤᠯᠠᠯᠲᠠ ᠶᠢᠨ ᠤᠷᠤᠨ ᠤ ᠲᠠᠷᠢᠶᠠᠨ ᠭᠠᠵᠠᠷ ᠤᠨ ᠪᠠᠷᠢᠯᠭ᠎ᠠ ᠶᠢᠨ ᠠᠵᠢᠯ ᠲᠠᠭᠤᠰᠪᠠ
ᠨᠡᠶᠢᠲᠡᠯᠡᠭᠰᠡᠨ ᠴᠠᠭ᠄
2022/8/22
       ᠦᠢᠷ᠎ᠠ ᠳᠤ᠂ 4.66 ᠳ᠋ᠦᠩᠰᠢᠭᠤᠷ ᠲᠦᠭᠦᠷᠢᠭ ᠪᠡᠯᠡ ᠤᠷᠤᠭᠤᠯᠤᠭᠰᠠᠨ ᠴᠤᠣᠯ ᠤᠰᠣᠨ ᠠᠰᠢᠭᠯᠠᠯᠲᠠ  ᠶᠢᠨ ᠲᠤᠤᠷᠠᠳᠣ ᠤᠷᠤᠰᠬᠠᠯ ᠤᠨ ᠦᠪᠤᠷ ᠮᠤᠩᠭᠤᠯ ᠤᠨ ᠤᠰᠤᠯᠠᠯᠲᠠ ᠶᠢᠨ ᠤᠷᠤᠨ ᠤ ᠲᠠᠷᠢᠶᠠᠨ ᠭᠠᠵᠠᠷ ᠤᠨ ᠪᠠᠷᠢᠯᠭ᠎ᠠ ᠶᠢᠨ ᠠᠵᠢᠯ ᠲᠠᠭᠤᠰᠪᠠ᠃ ᠲᠤᠰ ᠪᠠᠷᠢᠯᠭ᠎ᠠ ᠵᠠᠯᠠᠶᠢᠳ ᠬᠤᠰᠢᠭᠤᠨ ᠤ ᠢᠨᠳᠡᠷ ᠪᠠᠯᠭᠠᠰᠣ᠂ ᠬᠤᠯᠪᠤᠭ᠎ᠠ ᠪᠠᠯᠭᠠᠰᠣᠨ ᠤ 40 ᠲᠤᠰᠬᠤᠨ ᠢ ᠬᠠᠮᠤᠷᠴᠤ᠂ 10 ᠲᠦᠮᠡ ᠰᠢᠬᠠᠮ ᠬᠦᠮᠦᠨ ᠳᠤ ᠠᠰᠢᠭ ᠬᠦᠷᠳᠡᠭᠡᠪᠡ᠃        ᠴᠤᠤᠯ ᠤᠰᠣᠨ ᠠᠰᠢᠭᠯᠠᠯᠲᠠ ᠶᠢᠨ ᠲᠤᠤᠷᠠᠳᠣ ᠤᠷᠤᠰᠬᠠᠯ ᠤᠨ ᠦᠪᠤᠷ ᠮᠤᠩᠭᠤᠯ ᠤᠨ ᠤᠰᠤᠯᠠᠯᠲᠠ ᠶᠢᠨ ᠤᠷᠤᠨ ᠤ ᠢᠨᠵᠧᠨᠧᠷᠢᠩ ᠪᠤᠯ ︽ᠠᠷᠪᠠᠨ ᠭᠤᠷᠪᠠᠳᠣᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ  ᠳᠤ ᠤᠯᠤᠰ ᠠᠴᠠ ᠲᠤᠭᠲᠠᠭᠠᠭᠰᠠᠨ ᠴᠢᠬᠤᠯᠠ ᠶᠡᠭᠡ ᠤᠰᠤᠨ ᠠᠰᠢᠭᠯᠠᠯᠲᠠ ᠶᠢᠨ 172 ᠲᠦᠷᠦᠯ ᠵᠤᠶᠢᠯ ᠤᠨ ᠨᠢᠭᠡ ᠪᠤᠯᠤᠨ᠎ᠠ᠃ 41.02 ᠲᠦᠮᠡᠨ ᠮᠤ᠋ ᠲᠠᠷᠢᠶ᠎ᠠ ᠶᠢ ᠤᠰᠤᠯᠠᠬᠤ ᠪᠠᠷ ᠲᠦᠯᠦᠪᠯᠡᠵᠤ᠂ ᠡᠭᠦᠨ ᠳᠤ ᠲᠠᠷᠢᠶᠠᠨ ᠭᠠᠵᠠᠷ ᠤᠨ ᠢᠨᠵᠧᠨᠧᠷᠢᠩ ᠤᠨ ᠪᠦᠳᠣᠭᠡᠨ ᠪᠠᠶᠢᠭᠤᠯᠤᠯᠲᠠ ᠶᠢᠨ ᠲᠠᠯᠠᠪᠠᠢ ᠨᠢ 28.35 ᠲᠦᠮᠡᠨ ᠮᠤ᠋ ᠪᠤᠯᠤᠨ᠎ᠠ᠃ ᠲᠠᠷᠢᠶᠠᠨ ᠭᠠᠵᠠᠷ ᠤᠨ ᠢᠨᠵᠧᠨᠧᠷᠢᠩ ᠢ ᠰᠤᠪᠠᠭ ᠢᠶᠠᠷ ᠤᠰᠤᠯᠠᠬᠤ ᠪᠠ ᠬᠤᠭᠤᠯᠠᠢ ᠪᠠᠷ ᠤᠰᠤᠯᠠᠬᠤ ᠭᠡᠵᠤ ᠬᠤᠪᠢᠶᠠᠨ᠂ ᠣᠳᠣᠬᠠᠨ ᠳᠤ 10.47 ᠲᠦᠮᠡᠨ ᠮᠤ᠋ ᠲᠠᠷᠢᠶᠠᠨ ᠳᠤ ᠨᠢᠭᠡᠨᠲᠡ 310 ᠺᠢᠯᠤᠮᠧᠲᠷ ᠤᠷᠳᠤ᠂ 437 ᠰᠤᠪᠠᠭ ᠢ ᠰᠢᠨ᠎ᠡ ᠪᠠᠷ ᠮᠠᠯᠳᠠᠵᠤ᠂ ᠤᠰᠤ ᠲᠠᠮᠵᠢᠭᠤᠯᠬᠤ ᠪᠠᠷᠢᠯᠭ᠎ᠠ ᠶᠢ 2578 ᠰᠠᠭᠤᠷᠢ ᠪᠠᠶᠢᠷᠢᠯᠠᠭᠤᠯᠵᠤ᠂ ᠪᠦᠬᠦᠨ ᠢ ᠠᠰᠢᠭᠯᠠᠯᠲᠠ ᠳᠤ ᠤᠷᠤᠭᠤᠯᠵᠠᠢ᠃ 17.88 ᠲᠦᠮᠡᠨ ᠮᠤ᠋ ᠲᠠᠷᠢᠶ᠎ᠡ ᠶᠢ ᠬᠤᠭᠤᠯᠠᠢ ᠪᠠᠷ ᠤᠰᠤᠯᠠᠬᠤ ᠭᠤᠤᠯ ᠰᠤᠪᠠᠭ  ᠢ 450 ᠺᠢᠯᠤᠮᠧᠲᠷ ᠤᠷᠳᠤ ᠮᠠᠯᠳᠠᠵᠤ᠂ 565ᠺᠢᠯᠤᠮᠧᠲᠷ ᠤᠷᠳᠤ ᠤᠰᠤ ᠲᠠᠮᠵᠢᠭᠤᠯᠬᠤ ᠬᠤᠭᠤᠯᠠᠢ ᠤᠭᠰᠠᠷᠠᠨ᠂ ᠤᠰᠣᠨ ᠴᠦᠭᠦᠷᠦᠮ ᠢ 160 ᠪᠠᠶᠢᠭᠤᠯᠵᠤ᠂10KV ᠶᠢᠨ ᠴᠠᠬᠢᠯᠭᠠᠨ ᠲᠠᠮᠵᠢᠭᠤᠯᠬᠤ ᠤᠳᠠᠰᠣ ᠶᠢ 65 ᠺᠢᠯᠤᠮᠧᠲᠷ ᠤᠷᠳᠤ ᠲᠠᠳᠠᠵᠠᠢ᠃ ︵ᠨᠢᠩᠵᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号