ᠡᠩ ᠤᠨ ᠦᠶ᠎ᠡ ᠳᠠᠬᠢ ᠮᠠᠯ ᠤᠨ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2022/8/25
     ⒈ ᠠᠷᠠᠳᠴᠢᠯᠠᠯᠲᠠ ᠬᠠᠮᠢᠶᠠᠷᠤᠯᠲᠠ ᠶᠢ ᠴᠢᠩᠭᠠᠳᠬᠠᠨ ᠡᠷᠡᠭᠦᠯ ᠬᠠᠮᠠᠭᠠᠯᠠᠯ᠂ ᠠᠷᠢᠭᠤᠳᠬᠠᠬᠤ ᠠᠵᠢᠯ ᠢ ᠰᠠᠶᠢᠨ ᠬᠢᠵᠤ ᠮᠠᠯ ᠤᠨ ᠪᠡᠶ᠎ᠡ ᠶᠢᠨ ᠡᠰᠡᠷᠬᠦᠴᠡᠬᠦ ᠬᠦᠴᠦ ᠶᠢ ᠳᠡᠭᠡᠭᠰᠢᠯᠡᠬᠦᠯᠦᠨ᠂ ︽ᠦᠪᠡᠷᠳᠡᠭᠡᠨ ᠦᠷᠡᠵᠢᠬᠦᠯᠵᠤ ᠦᠪᠡᠷᠳᠡᠭᠡᠨ ᠠᠷᠠᠴᠢᠯᠠᠬᠤ︾ ᠵᠠᠷᠴᠢᠮ ᠢ ᠪᠠᠷᠢᠮᠲᠠᠯᠠᠵᠤ᠂ ᠡᠪᠡᠳᠴᠢᠨ ᠬᠢᠵᠢᠭ  ᠤᠨ ᠬᠠᠯᠳᠠᠪᠤᠷᠢᠯᠠᠬᠤ ᠶᠢ ᠪᠠᠭᠠᠰᠬᠠᠬᠤ ᠬᠡᠷᠡᠭᠲᠠᠢ᠃      ⒉ ᠲᠤᠭᠲᠠᠭᠰᠠᠨ ᠬᠤᠭᠤᠴᠠᠭᠠᠨ ᠳᠤ ᠡᠭᠡᠯᠢᠯᠡᠭᠡ ᠶᠢᠨ ᠲᠠᠷᠢᠯᠭ᠎ᠠ ᠪᠠ ᠨᠦᠬᠦᠪᠦᠷᠢ ᠲᠠᠷᠢᠯᠭ᠎ᠠ ᠬᠢᠬᠦ ᠲᠦᠯᠦᠪᠯᠡᠭᠡ ᠲᠤᠭᠲᠠᠭᠠᠵᠤ ᠬᠡᠷᠡᠭᠵᠢᠬᠦᠯᠦᠨ᠎ᠡ᠃      ⒊ ᠠᠷᠢᠭᠤᠳᠬᠠᠬᠤ᠂ ᠬᠤᠷᠤᠬᠠᠢ ᠪᠠ ᠬᠤᠯᠤᠭᠠᠨ᠎ᠠ ᠶᠢ ᠤᠰᠠᠳᠬᠠᠬᠤ ᠠᠵᠢᠯ ᠢ ᠰᠠᠶᠢᠨ ᠬᠢᠵᠤ ᠪᠠᠭᠠᠰᠤ ᠰᠢᠭᠡᠰᠤ ᠶᠢ ᠨᠢ ᠠᠶᠤᠯ ᠦᠬᠡᠢ ᠰᠢᠢᠳᠪᠦᠷᠢᠯᠡᠨ᠎ᠡ᠃      ⒋ ᠤᠯᠤᠰ ᠤᠨ ᠬᠢᠯᠢ ᠶᠢᠨ ᠬᠢᠵᠢᠭ ᠤᠨ ᠪᠠᠶᠢᠴᠠᠭᠠᠯᠲᠠ᠂ ᠵᠠᠮ ᠬᠠᠷᠢᠯᠴᠠᠭᠠᠨ ᠤ ᠬᠢᠵᠢᠭ ᠤᠨ ᠪᠠᠶᠢᠴᠠᠭᠠᠯᠲᠠ᠂ ᠵᠠᠬ᠎ᠠ ᠳᠡᠯᠭᠡᠭᠦᠷ ᠤᠨ ᠬᠢᠵᠢᠭ ᠤᠨ ᠪᠠᠶᠢᠴᠠᠭᠠᠯᠲᠠ ᠵᠡᠷᠭᠡ ᠠᠵᠢᠯ ᠢ ᠨᠠᠷᠢᠨ ᠬᠢᠨᠠᠮᠠᠭᠠᠢ ᠬᠢᠵᠤ᠂ ᠬᠠᠯᠳᠠᠪᠤᠷᠢ ᠶᠢᠨ ᠡᠬᠢ ᠶᠢ ᠴᠠᠭ ᠳᠤᠬᠠᠢ ᠳᠤ ᠨᠢ ᠮᠡᠳᠡᠵᠤ ᠤᠰᠠᠳᠬᠠᠬᠤ ᠬᠡᠷᠡᠭᠲᠠᠢ᠃      ⒌ ᠡᠯ᠎ᠡ ᠭᠠᠵᠠᠷ ᠤᠨ ᠮᠠᠯ ᠡᠮᠨᠡᠯᠭᠡ ᠶᠢᠨ ᠪᠠᠶᠢᠭᠤᠯᠭ᠎ᠠ ᠲᠤᠬᠠᠢ ᠶᠢᠨ ᠭᠠᠵᠠᠷ ᠤᠨ ᠡᠪᠡᠳᠴᠢᠨ ᠬᠢᠵᠢᠭ ᠤᠨ ᠳᠠᠷᠬᠠᠯᠲᠠ ᠶᠢ ᠰᠤᠳᠤᠯᠤᠨ᠂ ᠵᠡᠷᠭᠡᠯᠡᠳᠡᠭᠡ ᠤᠷᠤᠨ ᠢ ᠵᠤᠬᠢᠶᠠᠨ ᠪᠠᠶᠢᠭᠤᠯᠵᠤ᠂ ᠮᠠᠯ ᠤᠨ ᠬᠠᠯᠳᠠᠪᠤᠷᠢᠲᠤ ᠡᠪᠡᠳᠴᠢᠨ ᠢ ᠬᠤᠯᠪᠤᠭᠠᠯᠠᠨ ᠰᠡᠷᠭᠡᠶᠢᠯᠡᠵᠤ᠂ ᠡᠳᠡᠭᠡᠷ ᠡᠪᠡᠳᠴᠢᠨ ᠢ ᠲᠦᠯᠦᠪᠯᠡᠭᠡ ᠲᠠᠢ ᠪᠠᠷ ᠤᠰᠠᠳᠬᠠᠬᠤ ᠪᠠ ᠬᠢᠵᠠᠭᠠᠷᠯᠠᠬᠤ᠂ ᠭᠠᠳᠠᠨ᠎ᠠ ᠠᠴᠠ ᠡᠪᠡᠳᠴᠢᠨ ᠬᠢᠵᠢᠭ ᠤᠷᠤᠵᠤ ᠢᠷᠡᠬᠦ ᠶᠢ ᠰᠡᠷᠭᠡᠶᠢᠯᠡᠨ᠎ᠡ᠃ ︽ᠮᠠᠯ ᠤᠨ ᠬᠠᠯᠳᠠᠪᠤᠷᠢᠲᠤ ᠡᠪᠡᠳᠴᠢᠨ ᠤ ᠤᠬᠠᠭᠠᠨ︾ ᠬᠡᠬᠦ ᠨᠤᠮ ᠠᠴᠠ ᠪᠠᠭᠤᠯᠭᠠᠪᠠ
 
ᠢᠷᠡᠯᠲᠡ᠄ ᠦᠣᠰᠢᠨ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号