ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠰᠤᠷᠭᠠᠨ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/12
            10 ᠰᠠᠷ᠎ᠠ ᠶᠢᠨ 10 ᠤ ᠡᠳᠦᠷ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ  ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃     ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠢ ᠵᠠᠨ ᠭᠦᠸᠧ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠬᠢᠨᠠᠮᠠᠭᠠᠢ ᠬᠠᠷᠢᠭᠤᠴᠠᠬᠤ ᠣᠪᠣᠷ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠪᠠᠷ ᠰᠠᠶᠢᠲᠤᠷ ᠵᠣᠬᠢᠶᠠᠨ ᠪᠠᠶᠢᠭᠤᠯᠵᠤ ᠰᠠᠶᠢᠲᠤᠷ ᠥᠷᠨᠢᠭᠦᠯᠬᠦ ᠬᠡᠷᠡᠭᠲᠡᠢ ᠭᠡᠵᠤ ᠱᠠᠭᠠᠷᠳᠠᠵᠠᠢ᠃    ᠬᠤᠷᠠᠯ ᠳᠤ ᠣᠷᠣᠯᠴᠠᠭᠰᠠᠳ ︽ᠵᠠᠯᠠᠶᠢᠳ ᠬᠤᠰᠢᠭᠤᠨ ᠤ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠤᠯᠠᠮ ᠨᠢᠭᠡ ᠠᠯᠬᠤᠮ ᠰᠤᠷᠤᠯᠴᠠᠪᠠ᠃     ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ ᠪᠥᠬᠦ ᠬᠤᠰᠢᠭᠤᠨ ᠤ ᠡᠯ᠎ᠡ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠱᠦᠵᠢ᠂ ᠰᠤᠷᠭᠠᠭᠤᠯᠢ ᠶᠢᠨ ᠵᠠᠬᠢᠷᠤᠯ᠂ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ᠂ ᠰᠣᠷᠣᠭᠴᠢ ᠶᠢ ᠲᠤᠰᠠᠯᠠᠬᠤ ᠲᠥᠪ ᠂ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠬᠠᠷᠢᠭᠤᠴᠠᠯᠭᠠᠲᠠᠨ ᠵᠡᠷᠭᠡ 100 ᠭᠠᠷᠤᠢ ᠬᠥᠮᠥᠨ ᠬᠤᠷᠠᠯ ᠳᠤ ᠣᠷᠣᠯᠴᠠᠵᠠᠢ᠃      
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号