ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠰᠤᠷᠭᠠᠨ ᠬᠥᠮᠦᠵᠢᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/17
     10 ᠰᠠᠷ᠎ᠠ ᠶᠢᠨ 10 ᠤ ᠡᠳᠦᠷ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠰᠤᠷᠭᠠᠨ ᠬᠥᠮᠦᠵᠢᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠢ ᠵᠠᠨ ᠭᠦᠸᠧ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠲᠠᠢ ᠤᠶᠠᠯᠳᠤᠭᠤᠯᠤᠨ ᠪᠤᠰᠤᠳ ᠬᠤᠰᠢᠭᠤ ᠰᠢᠶᠠᠨ ᠬᠤᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ᠂ ᠰᠢᠨ᠎ᠡ ᠣᠨᠴᠠᠯᠢᠭ᠂ ᠰᠢᠨ᠎ᠡ ᠬᠢᠯᠠᠰ ᠴᠡᠭ ᠢ ᠪᠦᠷᠢᠳᠬᠡᠵᠦ᠂ ᠮᠠᠨ ᠤ ᠬᠤᠰᠢᠭᠤᠨ ᠤ ᠣᠳᠣᠬᠠᠨ ᠤ ᠰᠤᠷᠭᠠᠨ ᠬᠥᠮᠦᠵᠢᠯ ᠤᠨ ᠪᠠᠶᠢᠳᠠᠯ ᠳᠤ ᠵᠠᠳᠠᠯᠤᠯᠲᠠ ᠬᠢᠵᠦ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠪᠠ ᠵᠥᠷᠢᠶ᠎ᠡ ᠶᠢ ᠵᠢᠭᠠᠨ ᠭᠠᠷᠭᠠᠨ ᠲᠠᠷᠠᠭᠠᠴᠢ ᠶᠢᠨ ᠠᠯᠬᠤᠮ ᠤᠨ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠭᠯᠡᠯ ᠬᠠᠷᠠᠯᠲᠠ ᠶᠢ ᠲᠣᠳᠣᠷᠬᠠᠢ ᠲᠣᠭᠲᠠᠭᠠᠪᠠ᠃     ᠬᠤᠷᠠᠯ ᠠᠴᠠ᠂ ᠰᠤᠷᠭᠠᠨ ᠬᠥᠮᠦᠵᠢᠯ ᠤᠨ ᠵᠢᠷᠤᠮᠵᠢᠭᠰᠠᠨ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠬᠠᠮᠲᠤ ᠨᠡᠶᠢᠲᠡ ᠶᠢ ᠪᠠᠶᠢᠭᠤᠯᠵᠤ᠂ ᠡᠶ᠎ᠡ ᠵᠣᠬᠢᠴᠠᠩᠭᠤᠢ ᠰᠤᠷᠭᠠᠨ ᠬᠥᠮᠦᠵᠢᠯ ᠤᠨ ᠬᠥᠭᠵᠢᠯᠲᠡ ᠶᠢ ᠪᠡᠶᠡᠯᠡᠭᠦᠯᠬᠦ ᠂ ᠰᠠᠶᠢᠨ ᠰᠠᠶᠢᠬᠠᠨ ᠰᠤᠷᠭᠠᠭᠤᠯᠢ ᠶᠢᠨ ᠰᠤᠷᠲᠠᠯ ᠤᠨ ᠪᠦᠷᠢᠯᠳᠦᠯ ᠂ ᠰᠤᠷᠭᠠᠭᠤᠯᠢ ᠶᠢᠨ ᠠᠭᠤᠯᠤᠭᠳᠠᠬᠤᠨ ᠤ ᠬᠥᠭᠵᠢᠯᠲᠡ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ ᠰᠢᠢᠳᠪᠦᠷᠢᠲᠦ ᠪᠣᠳᠣᠯᠭ᠎ᠠ ᠶᠢ ᠲᠠᠰ ᠳᠠᠷᠠᠭᠠᠵᠢᠭᠤᠯᠬᠤ᠂ ᠵᠣᠬᠢᠶᠠᠨ ᠪᠠᠶᠢᠭᠤᠯᠤᠯᠲᠠ ᠶᠢ ᠰᠢᠰᠲ᠋ᠧᠮᠵᠢᠭᠦᠯᠬᠦ᠂ ᠡᠷᠬᠡ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ᠂ ᠱᠠᠩᠨᠠᠵᠤ ᠲᠣᠷᠭᠠᠬᠤ ᠶᠢ ᠦᠨᠳᠦᠰᠦᠯᠡᠯ ᠲᠠᠢ ᠪᠣᠯᠭᠠᠬᠤ᠂ ᠬᠠᠷᠠᠯᠲᠠ ᠶᠢ ᠲᠦᠯᠦᠪᠵᠢᠬᠦᠯᠬᠦ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠦᠶᠯᠡ ᠠᠵᠢᠯᠯᠠᠭ᠎ᠠ ᠶᠢ ᠪᠠᠷᠢᠮᠵᠢᠶᠠᠵᠢᠭᠤᠯᠬᠤ ᠵᠡᠷᠭᠡ ᠲᠠᠯ᠎ᠠ ᠪᠠᠷ ᠪᠦᠷᠢᠨ ᠲᠥᠬᠦᠷ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠤ ᠴᠢᠩᠭᠠᠳᠬᠠᠵᠠᠢ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号