ᠢᠨᠳᠡᠷ ᠲᠠᠬᠢ ᠳᠥᠷᠪᠡᠳᠦᠭᠡᠷ ᠳᠤᠮᠳᠠᠳᠤ ᠰᠤᠷᠭᠠᠭᠤᠯᠢ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠠᠷᠠᠳ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠪᠤᠢ
ᠨᠡᠶᠢᠲᠡᠯᠡᠭᠰᠡᠨ ᠴᠠᠭ᠄
2023/10/23
     ᠭᠤᠣᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠵᠠᠯᠠᠶᠢᠳ ᠬᠤᠰᠢᠭᠤᠨ ᠤ ᠢᠨᠳᠡᠷ ᠳᠥᠷᠪᠡᠳᠦᠭᠡᠷ ᠳᠤᠮᠳᠠᠳᠤ ᠰᠤᠷᠭᠠᠭᠤᠯᠢ ᠭᠤᠣᠯ ᠰᠡᠳᠦᠪᠲᠦ ᠰᠤᠷᠭᠠᠨ ᠬᠥᠮᠦᠵᠢᠯ ᠤᠨ ᠤᠨᠤᠯ ᠤᠨ ᠮᠡᠳᠡᠯᠭᠡ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠰᠤᠷᠤᠭᠴᠢᠳ ᠤᠨ ᠦᠰᠦᠨ ᠪᠤᠶᠢᠵᠢᠯᠲᠠ ᠶᠢᠨ ︽ᠤᠷᠮᠠᠰᠢᠭᠤᠯᠤᠨ ᠵᠣᠷᠢᠭᠵᠢᠭᠤᠯᠬᠤ︾ ᠲᠣᠭᠲᠠᠴᠠ ᠶᠢ ᠪᠠᠶᠢᠭᠤᠯᠵᠤ᠂ ᠪᠦᠬᠦ ᠰᠤᠷᠭᠠᠭᠤᠯᠢ ᠶᠢᠨ ᠢᠶᠠᠨ 2132 ᠪᠠᠭᠠᠴᠤᠳ ᠤᠨ ᠬᠦᠰᠡᠯ ᠵᠡᠭᠦᠳᠦ ᠪᠠᠨ ᠲᠡᠷᠭᠡᠯᠰᠢᠬᠦᠯᠬᠦ ᠶᠢ ᠵᠣᠷᠢᠭᠵᠢᠭᠤᠯᠪᠠ᠃ ᠡᠭᠦᠨ ᠤ ᠬᠠᠮᠲᠤ᠂ ᠪᠠᠭᠰᠢ ᠶᠢᠨ ᠲᠤᠰᠬᠠᠶ ᠮᠡᠷᠭᠡᠵᠢᠯ ᠤᠨ ᠬᠥᠭᠵᠢᠯᠲᠡ ᠶᠢᠨ ᠨᠡᠮᠡᠭᠳᠡᠯ ᠤᠨ ᠴᠡᠭ ᠢ ᠠᠳᠬᠤᠵᠤ᠂ ︽ᠬᠥᠳᠡᠯᠭᠡᠭᠦᠷ ᠤᠨ ᠢᠨᠵᠧᠨᠧᠷᠢᠩ︾ ︽ᠵᠢᠱᠢᠶ᠎ᠡ ᠦᠵᠡᠭᠦᠯᠬᠦ ᠢᠨᠵᠧᠨᠧᠷᠢᠩ︾ ︽ᠨᠠᠷᠠᠲᠤ ᠪᠠᠭᠰᠢ ᠶᠢᠨ ᠢᠨᠵᠧᠨᠧᠷᠢᠩ︾ ᠵᠡᠷᠭᠡ ︽ᠲᠤᠯᠤᠭᠠᠨ ᠵᠤᠶᠢᠯ ᠤᠨ ᠢᠨᠵᠧᠨᠧᠷᠢᠩ︾ ᠢ ᠬᠡᠷᠡᠭᠵᠢᠭᠦᠯᠵᠠᠢ᠃ ᠨᠠᠮ ᠤᠨ ᠭᠡᠰᠢᠭᠦᠨ ᠺᠠᠳ᠋ᠷᠴᠤᠳ ︽ᠭᠤᠷᠪᠠ ᠶᠢ ᠢᠯᠡ ᠪᠣᠯᠭᠠᠬᠤ ᠨᠢᠭᠡ ᠶᠢ ᠵᠥᠪᠯᠡᠬᠦ ᠲᠦᠷᠪᠡᠨ ᠨᠠᠷᠢᠨ ᠬᠠᠭᠤᠳᠠᠰᠤ︾ ᠶᠢᠨ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠡᠷᠤᠬᠡ ᠬᠤᠯᠪᠣᠭᠠᠯᠠᠨ ᠰᠡᠳᠬᠢᠯ ᠢᠶᠠᠨ ᠨᠢᠭᠡᠳᠬᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠲᠣᠭᠤᠷᠢᠭ ᠤᠨ 58 ᠭᠤᠣᠯᠳᠠᠯᠭ᠎ᠠ ᠲᠠᠢ ᠡᠷᠤᠬᠡ᠂ 31 ᠡᠩ ᠤᠨ ᠡᠷᠤᠬᠡ ᠲᠠᠢ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ︽ᠳᠠᠩᠰᠠ ᠶᠢ ᠬᠦᠯᠢᠶᠡᠨ ᠠᠪᠴᠤ︾᠂ ᠤᠷᠢᠳ ᠬᠤᠵᠢᠳ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ 3 ᠠᠰᠠᠭᠤᠳᠠᠯ ᠢ ᠰᠢᠢᠳᠪᠦᠷᠢᠯᠡᠵᠤ ᠦᠭᠴᠡᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号