ᠬᠤᠳᠠᠯᠠ ᠤᠯᠠᠨ ᠳᠠᠭᠠᠨ ᠮᠠᠭᠳᠠᠭᠠᠯᠳᠠᠢ ᠮᠠ ᠱᠦᠵᠢ
ᠨᠡᠶᠢᠲᠡᠯᠡᠭᠰᠡᠨ ᠴᠠᠭ᠄
2023/11/1
     ᠲᠡᠷᠡ᠂ ᠬᠦᠷ ᠨᠠᠷᠭᠢᠶᠠᠨ ᠲᠠᠢ ᠬᠤᠳᠠ ᠠᠴᠠ ᠪᠤᠶᠢᠳᠠ ᠪᠥᠭᠯᠡᠭᠦᠦ ᠬᠥᠳᠡᠭᠡ ᠲᠣᠰᠬᠤᠨ ᠳᠤ ᠤᠴᠢᠵᠤ᠂ ᠳᠤᠯᠠᠭᠠᠨ ᠲᠠᠭᠠᠯᠠᠮᠵᠢᠲᠠᠶ ᠠᠯᠪᠠᠨ ᠭᠡᠷ ᠠᠴᠠ ᠲᠣᠰᠬᠤᠨ ᠤ ᠠᠷᠠᠳ ᠤᠨ ᠭᠡᠷ ᠲᠤ ᠤᠴᠢᠵᠤ᠂ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠠᠴᠠ ᠦᠨᠳᠦᠰᠦᠨ ᠱᠠᠲᠤᠨ ᠤ ᠡᠮᠥᠨ᠎ᠡ ᠹᠷᠤᠨᠲ ᠲᠤ ᠬᠦᠨᠵᠡᠬᠡᠶᠢᠷᠡᠨ᠂ ᠨᠢᠭᠡ ᠰᠡᠳᠬᠢᠯ ᠭᠠᠭᠴᠠ ᠵᠤᠷᠢᠭ ᠢᠶᠠᠷ ᠤᠯᠠᠨ ᠲᠦᠮᠡᠨ ᠳᠤ ᠥᠢᠯᠡᠴᠢᠯᠡᠨ᠂ ᠤᠯᠠᠨ ᠤ ᠢᠳᠡᠭᠡᠯ ᠬᠦᠨᠳᠥ ᠶᠢ ᠤᠯᠤᠭᠰᠠᠨ ᠪᠠᠶᠢᠨ᠎ᠠ᠃ ᠳᠡᠷᠡ ᠪᠤᠯ ᠳᠠᠷᠤᠢ ᠳᠠᠷᠢᠶᠠᠴᠢᠳ ᠤᠨ ︽ᠰᠡᠳᠬᠢᠯ ᠤᠨ ᠬᠦᠮᠥᠨ︾ ︽ᠪᠠᠶᠠᠵᠢᠯ ᠤᠨ ᠳᠠᠭᠠᠭᠤᠯᠤᠭᠴᠢ︾ — ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠵᠢᠭᠠᠰᠤᠳᠠᠢ ᠭᠠᠴᠠᠭᠠᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠮᠠ ᠹᠦ᠋ ᠴᠢᠤᠸᠠᠨ ᠪᠤᠯᠤᠨ᠎ᠠ᠃     ᠮᠠ ᠹᠦ᠋ ᠴᠢᠤᠸᠠᠨ ᠪᠤᠯ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠠᠵᠢᠯ ᠤᠨ ᠠᠯᠪᠠ ᠲᠠᠢ᠂ 2021 ᠤᠨ ᠤ 9 ᠰᠠᠷ᠎ᠠ ᠳᠤ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠵᠢᠭᠠᠰᠤᠳᠠᠢ ᠭᠠᠴᠠᠭᠠᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠᠷ ᠲᠤᠮᠢᠯᠠᠭᠳᠠᠵᠤ᠂ ᠲᠤᠰᠬᠤᠨ ᠳᠤ ᠰᠠᠭᠤᠭ᠎ᠠ ᠬᠤᠭᠤᠴᠠᠭᠠᠨ ᠳᠠᠭᠠᠨ ᠡᠬᠦᠷᠭᠡ ᠬᠠᠷᠢᠭᠤᠴᠠᠯᠭ᠎ᠠ ᠪᠠᠨ ᠰᠠᠶᠢᠳᠥᠷ ᠬᠥᠢᠴᠡᠳᠭᠡᠵᠤ ᠶᠠᠪᠤᠵᠠᠢ᠃     ᠦᠳᠡᠰᠢ ᠶᠢᠨ ᠰᠡᠯᠡᠬᠦᠥ ᠴᠠᠭ ᠢᠶᠠᠷ ᠢᠶᠠᠨ ᠵᠢᠭᠠᠰᠤᠳᠠᠢ ᠭᠠᠴᠠᠭ᠎ᠠ ᠶᠢᠨ ᠰᠣᠶᠣᠯ ᠤᠨ ᠲᠠᠯᠠᠪᠠᠶ ᠳᠤ ᠬᠦᠷᠪᠡᠯ᠂ ᠳᠠᠷᠢᠶᠠᠴᠢᠳ ᠬᠤᠭᠤᠷ ᠬᠦᠭᠵᠢᠮ ᠬᠦᠭᠯᠡᠬᠦᠯᠥᠨ᠂ ᠦᠯᠢᠭᠡᠷ ᠬᠤᠯᠪᠤᠭ᠎ᠠ ᠶᠠᠷᠢᠵᠤ᠂ ᠠᠭᠤᠳᠠᠮ ᠳᠠᠯᠠᠪᠠᠢ ᠶᠢᠨ ᠪᠦᠵᠢᠭ ᠪᠦᠵᠢᠭᠯᠡᠨ᠂ ᠤᠨᠴᠠ ᠶᠢᠨ ᠬᠦᠷ ᠬᠦᠭᠵᠢᠶᠡᠨᠳᠡᠢ ᠪᠠᠶᠢᠳᠠᠭ᠃ ᠵᠠᠷᠢᠮ ᠬᠦᠮᠥᠰ ᠲᠤᠭᠯᠠᠯᠳᠠ ᠰᠤᠨᠢᠷᠬᠠᠨ ᠪᠠᠶᠠᠰᠤᠯᠴᠠᠬᠤ ᠳᠤ᠂ ᠵᠠᠷᠢᠮ ᠬᠦᠮᠥᠰ ᠪᠡᠶ᠎ᠡ ᠴᠢᠬᠢᠷᠠᠭᠵᠢᠭᠤᠯᠥᠨ᠂ ᠵᠠᠯᠠᠭᠤᠴᠤᠳ ᠰᠠᠭᠰᠥᠨ ᠪᠦᠮᠪᠤᠭᠡᠨ ᠲᠠᠯᠠᠪᠠᠢ ᠳᠤ ᠪᠦᠮᠪᠦᠭᠡ ᠨᠠᠭᠠᠳᠴᠥ᠂ ᠶᠤᠰᠤᠳᠠᠢ ᠰᠢᠨ᠎ᠡ ᠬᠦᠳᠡᠭᠡ ᠲᠤᠰᠬᠤᠨ ᠤ ᠵᠢᠷᠭᠠᠯᠳᠥ ᠵᠢᠷᠤᠭ ᠳᠡᠯᠭᠡᠭᠳᠡᠨ᠎ᠡ᠃
    ︽ᠡ᠊ᠨᠡ ᠠᠭᠤᠳᠠᠮ ᠳᠠᠯᠠᠪᠠᠢ ᠶᠢ ᠮᠠᠨ ᠤ ᠮᠠ ᠱᠦᠵᠢ ᠴᠢᠷᠮᠠᠶᠢᠨ ᠪᠠᠶᠢᠭᠤᠯᠵᠤ ᠦᠭᠬᠦᠭᠰᠡᠨ ᠶᠤᠮ᠃ ᠦᠡᠭᠭᠡᠷᠡᠭᠰᠡᠨ ᠳᠤ ᠳᠠᠷᠢᠶᠠᠴᠢᠳ ᠤᠷᠤᠢ ᠶᠢᠨ ᠬᠤᠭᠤᠯᠠᠨ ᠤ ᠪᠠᠨ ᠳᠠᠷᠠᠭ᠎ᠠ ᠳᠤᠭᠤᠷᠢᠬᠤ ᠪᠠᠷ ᠤᠴᠢᠬᠤ ᠭᠠᠵᠠᠷ ᠦᠬᠡᠢ ᠂ ᠪᠡᠶ᠎ᠡ ᠪᠤᠯᠪᠠᠰᠤᠷᠠᠬᠤ ᠭᠠᠵᠠᠷ ᠤᠯᠳᠠᠬᠤ ᠦᠬᠡᠢ ᠪᠠᠶᠢᠭᠰᠠᠨ᠃ ᠤᠳᠥ ᠴᠤ ᠰᠠᠶᠢᠨ ᠪᠤᠯᠤᠯ᠎ᠠ᠂ ᠪᠢᠳᠡ ᠰᠡᠯᠡᠬᠦᠥ ᠴᠠᠭ ᠭᠠᠷᠤᠭᠰᠠᠭᠠᠷ ᠠᠭᠤᠳᠠᠮ ᠲᠠᠯᠠᠪᠠᠢ ᠳᠤ ᠴᠤᠭᠯᠠᠷᠠᠨ ᠵᠤᠭᠤᠭ ᠳᠡᠯᠭᠡᠵᠤ ᠰᠠᠭᠤᠳᠠᠭ᠂ ᠨᠠᠰᠥᠳᠠᠶᠢᠴᠤᠳ ᠠᠭᠤᠳᠠᠮ ᠳᠠᠯᠠᠪᠠᠢ ᠶᠢᠨ ᠪᠦᠵᠢᠭ ᠪᠦᠵᠢᠭᠯᠡᠨ ᠦᠳᠡᠯᠥᠭᠡ ᠨᠠᠰᠥ ᠪᠠᠨ ᠪᠠᠶᠠᠷ ᠬᠦᠷ ᠲᠠᠢ ᠦᠡᠭᠭᠡᠷᠡᠬᠦᠯᠵᠤ ᠪᠠᠶᠢᠨ᠎ᠠ︾ ᠭᠡᠵᠤ ᠳᠠᠷᠢᠶᠠᠴᠢᠨ ᠪᠠᠢ ᠤᠪᠤᠭᠳᠥ ᠬᠡᠯᠡᠵᠡᠢ᠃      ︽ᠮᠠ ᠱᠦᠵᠢ ᠭᠠᠴᠠᠭᠠᠨ ᠤ ᠠᠯᠪᠠᠨ ᠭᠡᠷ ᠲᠤ ᠺᠣᠮᠫᠢᠦ᠋ᠲ᠋ᠧᠷ ᠪᠣᠯᠤᠨ ᠳᠠᠷᠤᠮᠠᠯᠯᠠᠬᠤ ᠮᠠᠰᠢᠨ ᠠᠪᠴᠤ ᠦᠭᠬᠦᠨ᠂ ᠪᠢᠳᠡᠨ ᠳᠤ  ᠺᠣᠮᠫᠢᠦ᠋ᠲ᠋ᠧᠷ ᠬᠡᠷᠡᠭᠯᠡᠬᠦ ᠳᠤᠬᠠᠢ ᠮᠡᠳᠡᠯᠭᠡ ᠶᠢ ᠵᠢᠭᠠᠵᠤ ᠦᠭᠬᠦᠭᠰᠡᠨ ᠶᠤᠮ᠃ ᠤᠳᠥ ᠮᠠᠨ ᠤ ᠭᠠᠴᠠᠭᠠᠨ ᠤ ᠬᠤᠶᠠᠷ ᠵᠦᠪᠯᠡᠯ ᠤᠨ ᠬᠢᠨ ᠦᠷᠬᠦᠯᠵᠢ ᠺᠣᠮᠫᠢᠦ᠋ᠲ᠋ᠧᠷ ᠳᠡᠭᠡᠷ᠎ᠡ ᠠᠴᠠ ᠨᠠᠮ ᠤᠨ ᠲᠦᠷᠥ ᠶᠢᠨ ᠪᠤᠳᠤᠯᠭ᠎ᠠ ᠶᠢ ᠰᠤᠷᠤᠯᠴᠠᠳᠠᠭ ᠪᠦᠭᠡᠳ ᠰᠤᠷᠤᠯᠴᠠᠭᠰᠠᠨ ᠮᠡᠳᠡᠯᠭᠡ ᠪᠠᠨ ᠡᠷᠥᠭᠡ ᠪᠠᠷ ᠬᠦᠨᠵᠡᠬᠡᠶᠢᠷᠡᠨ ᠳᠠᠷᠢᠶᠠᠴᠢᠳ ᠲᠤ ᠤᠬᠠᠭᠤᠯᠥᠨ ᠳᠠᠶᠢᠯᠪᠤᠷᠢᠯᠠᠵᠤ ᠦᠭᠳᠡᠭ ᠪᠤᠯᠵᠠᠢ︾ ᠭᠡᠵᠦ ᠭᠠᠴᠠᠭᠠᠨ ᠤ ᠺᠠᠳ᠋ᠷ ᠬᠠᠨ ᠯᠢ ᠵᠢᠶᠦ᠋ᠨ ᠬᠡᠯᠡᠪᠡ᠃      ᠮᠠ ᠹᠦ᠋ ᠴᠢᠤᠸᠠᠨ ᠲᠣᠮᠢᠯᠠᠨ ᠬᠠᠷᠢᠭᠤᠴᠠᠬᠰᠠᠨ ᠨᠢᠭᠡᠴᠢ ᠪᠤᠯᠬᠤ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠲᠠᠢ ᠵᠦᠪᠳᠡᠯᠴᠡᠨ 175.8 ᠲᠦᠮᠡᠨ ᠲᠥᠭᠦᠷᠢᠭ ᠭᠤᠶᠤᠴᠢᠯᠠᠨ ᠤᠯᠵᠤ᠂ ᠪᠤᠯᠭᠠᠨᠬᠤᠸᠠ ᠰᠤᠮᠤ ᠶᠢᠨ ᠵᠢᠭᠠᠰᠤᠳᠠᠢ ᠭᠠᠴᠠᠭᠠᠨ ᠳᠤ ᠤᠳᠬᠤᠭᠤᠷ ᠲᠡᠷᠭᠡ᠂ ᠵᠠᠮ ᠱᠦᠭᠦᠷᠳᠡᠬᠦ ᠮᠠᠰᠢᠨ ᠵᠡᠷᠭᠡ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠬᠡᠷᠡᠭᠯᠡᠬᠦ ᠲᠥᠬᠦᠭᠡᠷᠦᠮᠵᠢ ᠶᠢ ᠢᠵᠢ ᠪᠦᠷᠢᠳᠥᠬᠦᠯᠵᠤ ᠦᠭᠴᠡᠢ᠃ ᠪᠠᠰᠠ 3000 ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠰᠣᠶᠣᠯ ᠤᠨ ᠠᠵᠢᠯᠯᠠᠭᠠᠨ ᠤ ᠲᠠᠰᠤᠭ ᠪᠠᠶᠢᠭᠤᠯᠥᠨ᠂ ᠪᠡᠶ᠎ᠡ ᠴᠢᠭᠢᠷᠠᠭᠵᠢᠭᠤᠯᠬᠤ ᠲᠤᠨᠤᠭ ᠲᠦᠬᠦᠭᠡᠷᠥᠮᠵᠢ ᠶᠢ ᠪᠦᠷᠢᠨ ᠤᠭᠰᠠᠷᠠᠵᠤ᠂ ᠰᠠᠭᠰᠤᠨ ᠪᠥᠮᠪᠦᠭᠡ ᠶᠢᠨ ᠲᠠᠯᠠᠪᠠᠢ ᠶᠢ ᠳᠡᠪᠢᠰᠴᠦ᠂ ᠣᠯᠠᠨ ᠨᠡᠶᠢᠲᠡ ᠶᠢᠨ ᠰᠣᠶᠣᠯ ᠤᠨ ᠠᠵᠢᠯᠯᠠᠭᠠᠨ ᠤ ᠲᠥᠬᠦᠭᠡᠷᠦᠮᠵᠢ ᠶᠢ ᠪᠦᠷᠢᠨᠰᠢᠬᠦᠯᠵᠦ᠂ ᠣᠯᠠᠨ ᠲᠦᠮᠡᠨ ᠤ ᠤᠶᠤᠨ ᠰᠠᠨᠠᠭᠠᠨ ᠤ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠭᠠᠴᠠᠭᠠᠨ ᠤ ᠠᠷᠠᠳ ᠤᠨ ᠰᠤᠯᠠ ᠰᠡᠯᠡᠬᠦᠥ ᠠᠮᠢᠳᠤᠷᠠᠯ ᠤᠨ ᠠᠭᠤᠯᠭ᠎ᠠ ᠶᠢ ᠪᠠᠶᠠᠯᠢᠬᠵᠢᠭᠤᠯᠤᠭᠰᠠᠨ ᠪᠠᠶᠢᠨ᠎ᠠ᠃    ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠳᠡᠮᠵᠢᠨ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤᠨ ᠤ 12000 ᠲᠡᠭᠰᠢ ᠳᠥᠷᠪᠡᠯᠵᠢᠨ ᠮᠧᠲᠷ ᠤᠨ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠶ ᠶᠢ ᠵᠢᠭᠠᠰᠤᠳᠠᠢ ᠭᠠᠴᠠᠭ᠎ᠠ ᠳᠤ ᠪᠠᠶᠢᠭᠤᠯᠵᠠᠢ᠃ ︽ᠬᠡᠷᠬᠢᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ︾ ︽ᠲᠤᠰ ᠭᠠᠵᠠᠷ ᠤᠨ ᠠᠯᠠᠰᠢᠨ ᠦᠬᠡᠷ ᠤᠨ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ︾ ︽ᠬᠡᠷᠬᠢᠨ ᠰᠢᠮ᠎ᠡ ᠲᠡᠵᠢᠭᠡᠯ ᠲᠠᠢ ᠦᠬᠡᠷ ᠤᠨ ᠪᠣᠷᠳᠤᠭ᠎ᠠ ᠶᠢ ᠲᠤᠬᠢᠷᠠᠭᠤᠯᠬᠤ︾ ︽ᠠᠯᠠᠰᠢᠨ ᠦᠬᠡᠷ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠬᠡᠷᠬᠢᠨ ᠰᠠᠶᠢᠲᠤᠷ ᠬᠢᠬᠦ︾ ᠁ ᠠᠯᠢ ᠤᠯᠠᠨ ᠠᠰᠠᠭᠤᠳᠠᠯ ᠨᠢ ᠮᠠ ᠹᠦ᠋ ᠴᠢᠤᠸᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠᠬᠢ ᠰᠶᠢᠳᠪᠤᠷᠢᠯᠡᠬᠦ ᠴᠢᠬᠤᠯᠠᠳᠠᠢ ᠶᠠᠪᠤᠳᠠᠯ ᠪᠤᠯᠵᠠᠢ᠃    ᠣᠯᠠᠨ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠮᠠ ᠹᠦ᠋ ᠴᠢᠤᠸᠠᠨ ᠭᠠᠴᠠᠭᠠᠨ ᠳᠠᠭᠠᠨ ᠰᠢᠯᠢᠳᠡᠭ ᠡᠬᠦᠯᠳᠡᠷ ᠤᠨ ᠦᠬᠡᠷ ᠳᠡᠵᠢᠭᠡᠨ ᠦᠷᠡᠵᠢᠬᠦᠯᠬᠦ ᠠᠵᠤ ᠦᠢᠯᠡᠰ ᠢ ᠬᠦᠭᠵᠢᠬᠦᠯᠬᠦ ᠪᠠᠷ ᠳᠤᠭᠳᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠰᠢᠭᠯᠠᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠢᠶᠠᠷ ᠠᠴᠢᠶᠠᠯᠠᠪᠤᠷᠢ ᠪᠣᠯᠭᠠᠵᠤ᠂ ︽ᠡᠬᠦᠯᠳᠡᠷ ᠰᠠᠶᠢᠵᠢᠷᠠᠭᠤᠯᠬᠤ᠂ ᠡᠪᠡᠰᠦ ᠪᠣᠷᠳᠤᠭ᠎ᠠ ᠶᠢ ᠡᠳ᠋ᠰᠢᠭᠦᠯᠦᠨ ᠨᠠᠶᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠠ ᠠᠮᠢᠲᠠᠨ ᠤ ᠬᠢᠵᠢᠭ ᠢ ᠰᠡᠷᠭᠡᠶᠢᠯᠡᠨ ᠵᠠᠰᠠᠬᠤ︾ ᠵᠡᠷᠭᠡ ᠬᠡᠳᠥᠨ ᠵᠦᠢᠯ ᠤᠨ ᠮᠡᠷᠭᠡᠵᠢᠯ ᠢᠶᠠᠷ ᠳᠠᠮᠵᠢᠭᠤᠯᠤᠨ᠂ ᠠᠯᠠᠰᠢᠨ ᠦᠬᠡᠷ ᠤᠨ ᠠᠵᠤ ᠦᠢᠯᠡᠰ ᠢ ᠡᠷᠴᠢᠮᠵᠢᠬᠦᠯᠥᠨ᠂ ᠪᠠᠷᠢᠮᠵᠢᠶᠠᠵᠢᠭᠤᠯᠥᠨ᠂ ᠠᠵᠤ ᠦᠢᠯᠡᠰᠵᠢᠬᠦᠯᠥᠨ ᠴᠢᠨᠠᠷᠯᠢᠭ ᠬᠦᠭᠵᠢᠬᠦ ᠳᠤ ᠰᠠᠭᠤᠷᠢ ᠳᠠᠯᠪᠢᠭᠰᠠᠨ ᠪᠠᠶᠢᠨ᠎ᠠ᠃     ᠵᠢᠭᠠᠰᠤᠳᠠᠢ ᠭᠠᠴᠠᠭ᠎ᠠ ᠶᠢᠨ ︽ᠭᠠᠨᠵᠤᠭ᠎ᠠ ᠰᠠᠩ ᠲᠤᠰᠬᠠᠢ ᠬᠤᠷᠰᠢᠶ᠎ᠠ︾ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠶᠠᠩ ᠢᠦᠶ ᠴᠢᠤᠸᠠᠨ ᠪᠤᠯ ᠳᠤᠬᠠᠢ ᠶᠢᠨ ᠭᠠᠵᠠᠷ ᠲᠠᠭᠠᠨ ᠨᠡᠷ᠎ᠡ ᠠᠯᠳᠠᠷᠰᠢᠭᠰᠠᠨ ᠦᠭᠡᠷ ᠳᠡᠵᠢᠭᠡᠬᠦ ᠬᠠᠰᠢᠷ ᠭᠠᠷ᠃ ︽ᠮᠠ ᠱᠦᠵᠢ ᠮᠠᠨ ᠤ ᠭᠠᠴᠠᠭᠠᠨ ᠳᠤ ᠢᠷᠡᠵᠤ ᠠᠵᠢᠯᠯᠠᠭᠰᠠᠨ ᠤ ᠰᠡᠬᠦᠯᠡᠷ ᠨᠤᠳᠤᠭ ᠤᠨ ᠠᠷᠠᠳ ᠢ ᠳᠠᠶᠢᠴᠢᠯᠠᠨ ᠦᠭᠡᠷ ᠳᠡᠵᠢᠭᠡᠬᠦ ᠠᠵᠤ ᠥᠢᠯᠡᠰ ᠢ ᠬᠦᠭᠵᠢᠬᠦᠯᠥᠨ᠂ ᠬᠠᠮᠳᠥ ᠪᠠᠷ ᠪᠠᠶᠠᠵᠢᠯ ᠤᠨ ᠵᠠᠮ ᠢᠶᠠᠷ ᠵᠠᠮᠨᠠᠪᠠ᠃ ᠪᠢ ᠴᠤ ᠮᠠ ᠱᠦᠵᠢ ᠶᠢᠨ ᠤᠷᠢᠶᠠᠯᠠᠭ᠎ᠠ ᠪᠠᠷ 90 ᠭᠠᠷᠤᠢ ᠰᠢᠯᠢᠳᠡᠭ ᠡᠬᠦᠯᠳᠡᠷ ᠤᠨ ᠦᠭᠡᠷ ᠠᠪᠴᠥ ᠳᠡᠵᠢᠭᠡᠭᠡᠳ᠂ ᠤᠷᠤᠯᠭ᠎ᠠ ᠵᠢᠯ ᠠᠴᠠ ᠵᠢᠯ ᠨᠡᠮᠡᠭᠳᠡᠵᠤ ᠪᠠᠶᠢᠨ᠎ᠠ︾ ᠭᠡᠵᠤ ᠶᠠᠩ ᠢᠤᠢ ᠴᠢᠥᠸᠠᠨ ᠰᠤᠷᠪᠤᠯᠵᠢᠯᠠᠭᠴᠢ ᠳᠤ ᠬᠡᠯᠡᠵᠡᠢ᠃    ᠤᠶᠢᠷ᠎ᠠ ᠶᠢᠨ ᠬᠡᠳᠥᠨ ᠵᠢᠯ ᠳᠤ᠂ ᠵᠢᠭᠠᠰᠤᠳᠠᠢ ᠭᠠᠴᠠᠭ᠎ᠠ ᠦᠭᠡᠷ ᠳᠡᠵᠢᠭᠡᠬᠦ ᠠᠵᠤ ᠥᠢᠯᠡᠰ ᠢ ᠬᠦᠭᠵᠢᠬᠦᠯᠥᠭᠰᠡᠨ ᠠᠴᠠ ᠤᠳᠥ ᠬᠠᠮᠲᠤ ᠶᠢᠨ ᠠᠵᠤ ᠠᠬᠤᠢ ᠶᠢᠨ ᠵᠢᠯ ᠪᠦᠷᠢ ᠶᠢᠨ ᠤᠷᠤᠯᠭ᠎ᠠ ᠨᠢ 40 ᠲᠦᠮᠡᠨ ᠲᠥᠭᠦᠷᠢᠭ ᠣᠷᠴᠢᠮ ᠨᠡᠮᠡᠭᠳᠡᠵᠦ᠂ ᠲᠤᠬᠠᠢ ᠶᠢᠨ ᠭᠠᠵᠠᠷ ᠤᠨ 80 ᠭᠠᠷᠤᠢ ᠡᠷᠦᠬᠡ ᠲᠣᠰᠬᠤᠨ ᠤ ᠠᠷᠠᠳ ᠢ ᠳᠠᠶᠢᠴᠢᠯᠠᠨ 1000 ᠭᠠᠷᠤᠢ ᠦᠬᠡᠷ ᠤᠨ ᠡᠭᠦᠯᠳᠡᠷ ᠰᠠᠶᠢᠵᠢᠷᠠᠭᠤᠯᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠨᠢ 25000 ᠲᠥᠭᠦᠷᠢᠭ ᠲᠤ ᠬᠦᠷᠴᠦ᠂ ︽ᠨᠠᠮ ᠤᠨ ᠪᠠᠶᠢᠭᠤᠯᠤᠯᠲᠠ + ᠰᠠᠭᠤᠷᠢᠨ ᠭᠠᠵᠠᠷ + ᠲᠤᠰᠬᠠᠢ ᠬᠤᠷᠰᠢᠶ᠎ᠠ + ᠲᠠᠷᠢᠶᠠᠴᠢᠨ ᠡᠷᠦᠬᠡ︾ ᠶᠢᠨ ᠠᠰᠢᠭ ᠲᠤᠰᠠ ᠶᠢ ᠬᠤᠯᠪᠣᠭᠰᠠᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠭᠰᠠᠨ ᠪᠠᠶᠢᠨ᠎ᠠ᠃ ᠭᠠᠴᠠᠭᠠᠨ ᠤ ᠠᠷᠠᠳ ᠤᠨ ᠬᠡᠯᠡᠬᠦ ᠪᠠᠷ᠂ ᠳᠠᠷᠢᠶᠠᠴᠢᠳ ᠤᠨ ᠤᠷᠤᠯᠭ᠎ᠠ ᠨᠡᠮᠡᠭᠳᠡᠨ᠂ ᠠᠮᠢᠳᠤᠷᠠᠯ ᠤᠨ ᠲᠦᠪᠰᠢᠨ ᠰᠠᠶᠢᠵᠢᠷᠠᠭᠰᠠᠨ ᠨᠢ ᠮᠠ ᠱᠦᠵᠢ ᠶᠢᠨ ᠵᠢᠳᠬᠦᠯ ᠴᠢᠷᠮᠠᠶᠢᠯᠭ᠎ᠠ ᠠᠴᠠ ᠰᠠᠯᠵᠤ ᠴᠢᠳᠠᠬᠤ ᠦᠬᠡᠢ ᠶᠤᠮ ᠭᠡᠨ᠎ᠡ᠃     ︽ᠥᠩᠭᠡᠷᠡᠭᠰᠡᠨ ᠳᠤ ᠬᠠᠭᠤᠴᠢᠨ ᠮᠠᠶ᠋ᠢᠭ ᠤᠨ ᠲᠡᠵᠢᠭᠡᠨ ᠦᠷᠡᠵᠢᠭᠦᠯᠬᠦ ᠠᠷᠭ᠎ᠠ ᠶᠢ ᠪᠠᠷᠢᠮᠳᠠᠯᠠᠵᠤ ᠪᠠᠶᠢᠭᠰᠠᠨ ᠠᠴᠠ ᠵᠢᠯ ᠤᠨ ᠣᠷᠣᠯᠭ᠎ᠠ ᠳᠡᠮᠡᠢ ᠯᠡ ᠪᠠᠶᠢᠪᠠ᠂ ᠮᠠ ᠱᠦᠵᠢ ᠶᠢᠨ ᠬᠠᠪᠰᠥᠷᠥᠮᠵᠢ ᠳᠤᠤᠷ᠎ᠠ ᠪᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ᠂ ᠲᠡᠵᠢᠭᠡᠯ ᠪᠣᠷᠳᠤᠭ᠎ᠠ ᠨᠠᠶᠢᠷᠠᠭᠤᠯᠬᠤ ᠠᠷᠭ᠎ᠠ ᠶᠢ ᠰᠤᠷᠤᠭᠰᠠᠨ ᠢᠶᠠᠷ ᠪᠠᠷᠠᠬᠤ ᠦᠭᠡᠢ᠂ ᠳᠡᠵᠢᠭᠡᠨ ᠦᠷᠡᠵᠢᠬᠦᠯᠬᠦ ᠬᠡᠪᠴᠢᠶ᠎ᠡ ᠪᠠᠨ ᠦᠷᠭᠡᠳᠭᠡᠭᠰᠡᠨ ᠪᠠᠶᠢᠨ᠎ᠠ᠃ ᠳᠠᠷᠠᠭᠠᠴᠢ ᠪᠠᠷ᠂ ᠲᠡᠵᠢᠭᠡᠨ ᠦᠷᠡᠵᠢᠭᠦᠯᠬᠦ ᠳᠤᠬᠠᠢ ᠮᠡᠷᠭᠡᠵᠢᠯ ᠢ ᠤᠶᠢᠷ᠎ᠠ ᠬᠠᠪᠢ ᠶᠢᠨ ᠳᠠᠷᠢᠶᠠᠴᠢᠳ ᠲᠠᠭᠠᠨ ᠤᠯᠠᠮᠵᠢᠯᠠᠵᠤ ᠦᠭᠬᠦᠨ᠂ ᠬᠠᠮᠳᠥ ᠪᠠᠷ ᠤᠷᠤᠯᠭ᠎ᠠ ᠪᠠᠨ ᠨᠡᠮᠡᠭᠳᠡᠬᠦᠯᠬᠦ ᠪᠠᠷ ᠴᠢᠷᠮᠠᠶᠢᠨ᠎ᠠ︾ ᠭᠡᠵᠦ ᠵᠢᠭᠠᠰᠤᠳᠠᠢ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ ᠾᠧ ᠪᠠᠮᠪᠠᠷ ᠬᠡᠯᠡᠪᠡ᠃     ᠮᠠ ᠹᠦ᠋ ᠴᠢᠤᠸᠠᠨ ᠵᠢᠭᠠᠰᠤᠳᠠᠢ ᠭᠠᠴᠠᠭᠠᠨ ᠤ ᠨᠢᠭᠡᠳᠦᠭᠡᠷ ᠱᠦᠵᠢ ᠪᠤᠯᠤᠭᠰᠠᠨ ᠤ ᠬᠤᠪᠢ ᠳᠤ ᠭᠠᠴᠠᠭᠠᠨ ᠤ ᠠᠷᠠᠳ ᠲᠤ ᠪᠤᠳᠠᠳᠥ ᠶᠠᠪᠤᠳᠠᠯ᠂ ᠰᠠᠶᠢᠨ ᠶᠠᠪᠤᠳᠠᠯ ᠬᠢᠵᠤ ᠦᠭᠬᠦ ᠪᠠᠷ ᠴᠢᠷᠮᠠᠶᠢᠵᠤ ᠶᠠᠪᠤᠵᠠᠢ᠃ ᠭᠠᠴᠠᠭᠠᠨ ᠤ ᠺᠠᠳ᠋ᠷ ᠪᠠ ᠤᠯᠠᠨ ᠲᠦᠮᠡᠨ ᠤ ᠬᠠᠮᠳᠥ ᠶᠢᠨ ᠴᠢᠷᠮᠠᠶᠢᠯᠭ᠎ᠠ ᠪᠠᠷ᠂ ᠤᠳᠤᠬᠠᠨ ᠤ ᠵᠢᠭᠠᠰᠤᠳᠠᠢ ᠭᠠᠴᠠᠭ᠎ᠠ ᠠᠯᠠᠰᠢᠨ ᠦᠬᠡᠷ᠂ ᠠᠯᠠᠰᠢᠨ ᠬᠤᠨᠢ ᠳᠡᠵᠢᠭᠡᠨ ᠦᠷᠡᠵᠢᠬᠦᠯᠬᠦ᠂ ᠬᠢᠲᠠᠳ ᠡᠪᠡᠰᠦᠨ ᠡᠮ ᠳᠠᠷᠢᠬᠤ ᠵᠡᠷᠭᠡ ᠤᠨᠴᠠᠯᠢᠬᠳᠤ ᠠᠵᠤ ᠦᠢᠯᠡᠰ ᠢ ᠶᠡᠭᠡᠪᠠᠷ ᠬᠦᠭᠵᠢᠬᠦᠯᠥᠨ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠠᠶᠠᠨ ᠳᠤ ᠤᠯᠠᠮ ᠢᠶᠠᠷ ᠢᠳᠡᠭᠡᠯ ᠵᠤᠷᠢᠭᠳᠠᠢ ᠤᠷᠤᠭᠰᠢᠯᠠᠨ᠎ᠠ᠃                            ᠤᠷᠠᠨᠳᠤᠳᠢ ᠰᠡᠴᠡᠨᠭᠡᠷᠡᠯ ᠰᠡᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号