ᠠᠯᠪᠠᠨ ᠵᠢᠷᠤᠮ ᠤᠨ ᠦᠢᠯᠡᠴᠢᠯᠡᠭᠡ ᠪᠠᠷ ᠦᠨᠳᠦᠰᠦᠳᠡᠨ ᠨᠦᠭᠦᠳ ᠤᠨ ᠤᠯᠠᠨ ᠲᠦᠮᠡᠨ ᠳᠤ ᠠᠰᠢᠬ ᠬᠦᠷᠳᠡᠭᠡᠨ᠎ᠠ
ᠨᠡᠶᠢᠲᠡᠯᠡᠭᠰᠡᠨ ᠴᠠᠭ᠄
2023/11/16
      ᠵᠠᠯᠠᠶᠢᠳ ᠬᠤᠰᠢᠭᠤᠨ ᠤ ᠱᠧᠨ ᠱᠠᠨ ᠵᠢᠷᠤᠮ ᠤᠨ ᠴᠠᠭᠳᠠᠭ᠎ᠠ ᠶᠢᠨ ᠨᠡᠶᠢᠭᠡᠮᠯᠢᠭ ᠨᠢ 2021 ᠣᠨ ᠤ 5 ᠰᠠᠷ᠎ᠠ ᠳᠤ ᠵᠠᠯᠠᠶᠢᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠳᠠᠩᠰᠠᠯᠠᠡ ᠪᠠᠶᠢᠭᠤᠯᠤᠬᠳᠠᠵᠤ᠂ ᠵᠠᠯᠠᠶᠢᠳ ᠬᠤᠰᠢᠭᠤᠨ ᠤ ᠣᠯᠠᠨ ᠲᠦᠮᠡᠨ ᠤ ᠥᠪᠡᠷᠰᠡᠳ ᠢᠶᠠᠨ ᠵᠣᠬᠢᠶᠠᠨ ᠪᠠᠶᠢᠭᠤᠯᠤᠭᠰᠠᠨ᠂ ᠨᠡᠶᠢᠭᠡᠮ ᠤᠨ ᠵᠠᠰᠠᠯᠲᠠ ᠳᠤ ᠣᠷᠣᠯᠴᠠᠭᠰᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠩᠬᠠᠳᠠᠭᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠣᠬᠢᠶᠠᠨ ᠪᠠᠶᠢᠭᠤᠯᠤᠯᠲᠠ ᠪᠣᠯᠤᠨ᠎ᠠ᠃ ᠨᠡᠶᠢᠭᠡᠮᠯᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠭᠤᠣᠯ ᠰᠢᠵᠢᠮ ᠢ ᠢᠮᠠᠭᠲᠠ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ︽ᠬᠠᠤᠯᠢ ᠶᠢ ᠤᠬᠠᠭᠤᠯᠤᠨ ᠶᠣᠰᠣ ᠰᠤᠷᠲᠠᠬᠤᠨ ᠢ ᠡᠷᠬᠢᠮᠯᠡᠬᠦ᠂ ᠵᠢᠷᠤᠮ ᠢ ᠡᠷᠬᠢᠮᠯᠡᠨ ᠢᠳᠡᠪᠬᠢ ᠭᠥᠴᠥᠨ ᠢ ᠪᠠᠳᠠᠷᠠᠭᠤᠯᠬᠤ︾ ᠪᠠᠷ ᠵᠣᠷᠢᠯᠲᠠ ᠪᠣᠯᠭᠠᠵᠤ᠂ ︽ᠵᠢᠷᠤᠮ ᠤᠨ ᠴᠠᠭᠳᠠᠭ᠎ᠠ +︾ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠵᠠᠰᠠᠯᠲᠠ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠢᠨ᠎ᠡ ᠬᠦᠴᠦᠨ ᠢ ᠪᠤᠶᠢᠵᠢᠭᠤᠯᠬᠤ᠂ ᠴᠠᠭᠳᠠᠭ᠎ᠠ ᠠᠷᠠᠳ ᠤᠨ ᠡᠶ᠎ᠡ ᠵᠣᠬᠢᠴᠠᠩᠭᠤᠢ ᠬᠠᠷᠢᠴᠠᠭ᠎ᠠ ᠶᠢ ᠪᠠᠶᠢᠭᠤᠯᠬᠤ ᠳᠤ ᠰᠢᠨ᠎ᠡ ᠵᠠᠮ ᠢ ᠨᠡᠭᠡᠭᠡᠵᠦ ᠥᠭᠴᠡᠢ᠃     ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ     ᠱᠧᠨ ᠱᠠᠨ ᠵᠢᠷᠤᠮ ᠤᠨ ᠴᠠᠭᠳᠠᠭ᠎ᠠ ᠶᠢᠨ ᠨᠡᠶᠢᠭᠡᠮᠯᠢᠭ ᠲᠤ ᠭᠤᠷᠪᠠᠨ ᠳᠤᠮᠳᠠ ᠠᠩᠭᠢ ᠲᠠᠢ ᠪᠠᠶᠢᠵᠦ᠂ ᠣᠳᠣᠬᠠᠨ ᠳᠤ 410 ᠭᠡᠰᠢᠭᠦᠨ ᠲᠠᠢ᠂ ᠡᠭᠦᠨ ᠤ ᠳᠣᠲᠣᠷ᠎ᠠ ᠨᠠᠮ ᠤᠨ ᠭᠡᠰᠢᠭᠦᠨ 18 ᠬᠥᠮᠦᠨ᠂ ᠴᠥᠮ ᠵᠠᠯᠠᠶᠢᠳ ᠬᠤᠰᠢᠭᠤᠨ ᠤ ᠬᠠᠷᠢᠶ᠎ᠠ ᠲᠠᠢ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠭᠢᠯ ᠲᠠᠢ ᠰᠠᠶᠢᠨ ᠲᠤᠷᠠᠴᠤᠤᠯ᠂ ᠰᠤᠷᠭᠠᠭᠤᠯᠢ ᠳᠤ ᠪᠠᠶᠢᠭ᠎ᠠ ᠣᠶᠤᠲᠠᠨ᠂ ᠬᠠᠶᠢᠷ᠎ᠠ ᠰᠡᠳᠬᠢᠯᠳᠦ ᠬᠦᠮᠦᠰ᠂ ᠴᠡᠷᠢᠭ ᠠᠴᠠ ᠬᠠᠯᠠᠬᠳᠠᠬᠰᠠᠳ᠂ ᠱᠧᠨ ᠱᠠᠨ ᠵᠢᠷᠤᠮ ᠤᠨ ᠴᠠᠭᠳᠠᠭ᠎ᠠ ᠨᠢᠭᠡᠪᠦᠷᠢ ︽ᠬᠠᠷᠠᠮ ᠦᠭᠡᠢ ᠵᠣᠷᠢᠭᠤᠯᠬᠤ᠂ ᠡᠶ᠎ᠡ ᠨᠥᠬᠦᠷᠰᠡᠭ ᠂ ᠬᠠᠷᠢᠯᠴᠠᠨ ᠬᠠᠪᠰᠤᠷᠤᠯᠴᠠᠬᠤ᠂ ᠤᠷᠤᠬᠰᠢᠯᠠᠨ ᠲᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠬᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠮᠤᠷ ᠠᠮᠤᠭᠤᠯᠠᠩ ᠵᠠᠯᠠᠶᠢᠳ︾ ᠲᠤ ᠬᠦᠴᠦᠨ ᠴᠢᠳᠠᠯ ᠢᠶᠠᠨ ᠡᠷᠭᠦᠪᠡ᠃     ᠣᠶᠢᠷ᠎ᠠ ᠶᠢᠨ ᠬᠤᠶᠠᠷ ᠵᠢᠯ ᠳᠤ᠂ ᠱᠧᠨ ᠱᠠᠨ ᠵᠢᠷᠤᠮ ᠤᠨ ᠴᠠᠭᠳᠠᠭ᠎ᠠ ᠶᠢᠨ ᠨᠡᠶᠢᠭᠡᠮᠯᠢᠭ ᠤᠨ ᠬᠢᠨ ᠦᠨᠳᠦᠰᠦᠲᠡᠨ ᠤ ᠪᠦᠯᠬᠦᠮᠳᠡᠯ ᠲᠠᠪᠰᠢᠯᠳᠡ ᠶᠢ ᠴᠢᠩᠭᠠᠳᠬᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠠᠩᠬ᠎ᠠ ᠠᠯᠬᠤᠮ ᠤᠨ ᠠᠮᠵᠢᠯᠲᠠ ᠣᠯᠵᠤ᠂ ᠱᠧᠨ ᠱᠠᠨ ᠵᠢᠷᠤᠮ ᠤᠨ ᠴᠠᠭᠳᠠᠭ᠎ᠠ ᠰᠤᠷᠤᠬᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠪᠠᠶᠢᠷᠢ ᠳᠤ ᠣᠷᠣᠯᠴᠠᠭᠰᠠᠨ ᠰᠠᠶᠢᠨ ᠲᠤᠷᠠᠴᠤᠤᠯ ᠨᠡᠶᠢᠲᠡ 1.4 ᠲᠦᠮᠡᠨ ᠬᠥᠮᠦᠨ ᠤᠳᠠᠭ᠎ᠠ ︵ᠰᠤᠷᠤᠯᠭ᠎ᠠ ᠶᠢ ᠬᠠᠮᠠᠭᠠᠯᠠᠬᠤ ᠨᠠᠷᠠᠲᠤ ᠲᠡᠮᠳᠡᠭ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ︶ ᠪᠠᠶᠢᠵᠤ᠂ ᠨᠡᠶᠢᠲᠡ 57500 ᠭᠠᠷᠤᠶ ᠴᠠᠭ ᠦᠢᠯᠡᠴᠢᠯᠡᠪᠡ︔ ᠨᠡᠶᠢᠭᠡᠮ ᠤᠨ ᠲᠠᠯ᠎ᠠ ᠶᠢᠨ ᠠᠮᠤᠷ ᠢ ᠬᠠᠮᠠᠭᠠᠯᠠᠬᠤ ᠴᠠᠭᠳᠠᠯᠲᠠ 126 ᠤᠳᠠᠭ᠎ᠠ ᠬᠢᠵᠤ᠂ ᠤᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ 25 ᠤᠳᠠᠭ᠎ᠠ ᠰᠢᠢᠳᠪᠦᠷᠢᠯᠡᠪᠡ᠂ ᠬᠠᠤᠯᠢ ᠲᠦᠷᠢᠮ ᠤᠨ ᠤᠬᠠᠭᠤᠯᠭ᠎ᠠ ᠶᠢ 31 ᠤᠳᠠᠭ᠎ᠠ ᠬᠢᠪᠡ᠂ ᠤᠰᠤᠨ ᠳᠤ ᠴᠠᠴᠠᠬᠤ ᠶᠢ ᠰᠡᠷᠭᠡᠶᠢᠯᠡᠬᠦ ᠤᠬᠠᠭᠤᠯᠭ᠎ᠠ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ 12 ᠤᠳᠠᠭ᠎ᠠ ᠥᠷᠨᠢᠭᠦᠯᠪᠡ᠂ ᠪᠣᠯᠪᠠᠰᠤᠨ ᠵᠠᠮ ᠬᠠᠷᠢᠯᠴᠠᠭ᠎ᠠ ᠶᠢ ᠬᠥᠲᠥᠯᠦᠨ ᠵᠢᠯᠣᠭᠤᠳᠬᠤ ᠠᠵᠢᠯ ᠢ 311 ᠤᠳᠠᠭ᠎ᠠ ᠥᠷᠨᠢᠭᠦᠯᠪᠡ ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠠᠮᠤᠷ ᠢ ᠬᠠᠮᠠᠭᠠᠯᠠᠬᠤ ᠠᠵᠢᠯ ᠢ ᠭᠤᠷᠪᠠᠨ ᠵᠢᠯ ᠳᠤ ᠨᠡᠶᠢᠲᠡ 375 ᠬᠥᠮᠦᠨ ᠤᠳᠠᠭ᠎ᠠ ᠬᠥᠲᠥᠯᠦᠨ ᠵᠢᠯᠣᠭᠤᠳᠬᠤ ᠵᠡᠷᠭᠡ ᠡᠯ᠎ᠠ ᠲᠥᠷᠥᠯ ᠤᠨ ᠨᠡᠶᠢᠭᠡᠮ ᠤᠨ ᠠᠮᠤᠷ ᠢ ᠬᠠᠮᠠᠭᠠᠯᠠᠬᠤ ᠠᠵᠢᠯ ᠢ ᠦᠷᠬᠦᠯᠵᠢ ᠶᠢᠨ ᠴᠢᠨᠠᠷ ᠲᠠᠢ ᠦᠷᠨᠢᠬᠦᠯᠵᠦ᠂ ᠦᠢᠯᠡᠴᠢᠯᠡᠭᠡᠨ ᠤ ᠪᠥᠬᠦ ᠴᠠᠭ ᠤᠨ ᠣᠷᠳᠣ ᠨᠢ 94600 ᠭᠠᠷᠤᠶ ᠴᠠᠭ ᠬᠦᠷᠴᠠᠢ᠃    ᠪᠦᠯᠬᠦᠮᠳᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠪᠦᠯᠬᠦᠮᠳᠡᠯ ᠤᠨ ᠬᠦᠴᠦᠨ ᠢ ᠨᠢᠭᠲᠠᠷᠠᠭᠤᠯᠤᠨ ᠡᠶ᠎ᠡ ᠵᠣᠬᠢᠴᠠᠯ ᠲᠠᠢ ᠨᠡᠶᠢᠭᠡᠮ ᠢ ᠬᠠᠮᠲᠤ ᠪᠠᠷ ᠪᠦᠳᠦᠭᠡᠨ ᠪᠠᠶᠢᠭᠤᠯᠪᠠ    ᠵᠠᠯᠠᠶᠢᠳ ᠬᠤᠰᠢᠭᠤᠨ ᠤ ᠱᠧᠨ ᠱᠠᠨ ᠵᠢᠷᠤᠮ ᠤᠨ ᠴᠠᠭᠳᠠᠭ᠎ᠠ ᠶᠢᠨ ᠨᠡᠶᠢᠭᠡᠮᠯᠢᠭ ᠤᠨ ᠰᠠᠶᠢᠨ ᠳᠤᠷᠠᠴᠤᠤᠯ ᠡᠯ᠎ᠡ ᠦᠨᠳᠦᠰᠦᠲᠡᠨ᠂ ᠡᠯ᠎ᠡ ᠳᠠᠪᠬᠤᠷᠭ᠎ᠠ ᠶᠢᠨ ᠬᠢᠨ ᠠᠴᠠ ᠢᠷᠡᠵᠦ᠂ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠵᠢᠷᠤᠮ ᠤᠨ ᠴᠠᠭᠳᠠᠭ᠎ᠠ ᠶᠢᠨ ᠰᠠᠶᠢᠨ ᠳᠤᠷᠠᠴᠤᠤᠯ ᠢ ᠬᠥᠲᠥᠯᠦᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠪᠤᠯᠤᠰᠢ ᠥᠬᠡᠶ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ︽ᠲᠠᠪᠤᠨ ᠳᠠᠨᠢᠯᠳᠠ︾ ᠶᠢ ᠴᠢᠩᠭᠠᠳᠬᠠᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠡ ᠶᠢᠨ ᠬᠥᠮᠦᠵᠢᠯ ᠢ ᠴᠢᠩᠭᠠᠳᠬᠠᠵᠤ᠂ ᠰᠠᠶᠢᠨ ᠳᠤᠷᠠᠴᠤᠤᠯ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ᠃     ᠰᠠᠶᠢᠨ ᠳᠤᠷᠠᠴᠤᠤᠯ ᠨᠠᠮ ᠵᠠᠰᠠᠬ ᠤᠨ ᠤᠷᠢᠶᠠᠯᠠᠭ᠎ᠠ ᠶᠢ ᠢᠳᠡᠪᠬᠢᠲᠡᠢ ᠪᠠᠷ ᠴᠤᠤᠷᠢᠶᠠᠲᠤᠨ ᠲᠠᠭᠠᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠥᠷᠭᠡᠨ ᠤᠯᠠᠨ ᠵᠢᠷᠤᠮ ᠤᠨ ᠴᠠᠭᠳᠠᠭ᠎ᠠ ᠶᠢᠨ ᠰᠠᠶᠢᠨ ᠳᠤᠷᠠᠴᠤᠤᠯ ᠨᠡᠶᠢᠭᠡᠮ ᠲᠣᠭᠤᠷᠢᠭ ᠲᠤ ᠬᠦᠷᠴᠦ᠂ ᠬᠥᠳᠡᠭᠡ ᠲᠣᠰᠬᠤᠨ ᠳᠤ ᠬᠦᠷᠴᠦ᠂ ᠠᠶᠤᠯ ᠠᠴᠠ ᠠᠪᠤᠷᠠᠨ ᠬᠦᠴᠢᠷᠳᠡᠯ ᠢ ᠲᠤᠰᠠᠯᠠᠵᠤ᠂ ᠥᠨᠥᠴᠢᠨ ᠪᠡᠯᠪᠡᠰᠦᠨ ᠨᠠᠰᠤᠲᠠᠨ ᠪᠣᠯᠤᠨ ᠭᠡᠷ ᠲᠡᠭᠡᠨ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠴᠥᠮ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ ᠢᠲᠡᠭᠡᠯ ᠪᠢᠰᠢᠷᠡᠯ᠂ ᠬᠠᠶᠢᠷ᠎ᠠ ᠬᠠᠯᠠᠮᠵᠢ᠂ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠵᠦ᠂ ᠠᠷᠠᠳ ᠲᠦᠮᠡᠨ ᠢᠲᠡᠭᠡᠯ ᠪᠢᠰᠢᠷᠡᠯ ᠲᠠᠢ᠂ ᠤᠯᠤᠰ ᠣᠷᠣᠨ ᠬᠦᠴᠦᠨ ᠴᠢᠳᠠᠯ ᠲᠠᠢ᠂ ᠦᠨᠳᠦᠰᠦᠲᠡᠨ ᠬᠦᠰᠡᠯ ᠡᠷᠡᠮᠡᠯᠵᠡᠯ ᠲᠠᠢ ᠪᠠᠶᠢᠬᠤ ᠶᠢᠨ ᠠᠮᠢᠳᠤᠯᠢᠭ ᠢᠯᠡᠷᠡᠯ ᠪᠣᠯᠤᠭᠰᠠᠨ ᠪᠠᠶᠢᠨ᠎ᠠ᠃ ᠱᠧᠨ ᠱᠠᠨ ᠵᠢᠷᠤᠮ ᠤᠨ ᠴᠠᠭᠳᠠᠭ᠎ᠠ ᠶᠢᠨ ᠨᠡᠶᠢᠭᠡᠮᠯᠢᠭ ᠤᠨ ᠪᠥᠬᠦ ᠭᠡᠰᠢᠭᠦᠳ ᠰᠢᠨ᠎ᠡ ᠴᠠᠭ ᠦᠶ᠎ᠡ ᠳᠤ ᠰᠠᠭᠤᠷᠢᠯᠠᠵᠤ᠂ ᠰᠢᠨ᠎ᠡ ᠵᠢᠳᠬᠦᠯ ᠴᠢᠷᠮᠠᠶᠢᠯᠭ᠎ᠠ ᠶᠢ ᠳᠡᠯᠭᠡᠨ ᠦᠵᠡᠭᠦᠯᠵᠦ᠂ ᠬᠤᠪᠢ ᠨᠡᠮᠡᠷᠢ ᠦᠵᠡᠭᠦᠯᠬᠦ᠂ ᠡᠶ᠎ᠡ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠤᠷᠤᠬᠰᠢᠯᠠᠨ ᠳᠠᠪᠰᠢᠬᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠯᠸᠢ ᠹᠧᠩ ᠤᠨ ᠵᠤᠷᠢᠬ ᠰᠠᠨᠠᠭ᠎ᠠ ᠶᠢ ᠪᠠᠳᠠᠷᠠᠭᠤᠯᠵᠠᠢ᠃     ᠱᠧᠨ ᠱᠠᠨ ᠵᠢᠷᠤᠮ ᠤᠨ ᠴᠠᠭᠳᠠᠭ᠎ᠠ ᠶᠢᠨ ᠨᠡᠶᠢᠭᠡᠮᠯᠢᠭ ᠤᠨ ᠬᠢᠭᠰᠡᠨ ᠰᠠᠶᠢᠨ ᠶᠠᠪᠤᠳᠠᠯ ᠢ ᠳᠤᠮᠳᠠᠳᠤ ᠤᠯᠤᠰ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠭᠤᠣᠯᠯᠠᠨ ᠡᠷᠬᠢᠯᠡᠭᠰᠡᠨ ︽ᠳᠤᠮᠳᠠᠳᠤ ᠤᠯᠤᠰ ᠤᠨ ᠭᠠᠯ ᠪᠠᠮᠪᠠᠷ︾᠂ ᠠᠮᠤᠷ ᠠᠮᠤᠭᠤᠯᠠᠩ ᠥᠪᠥᠷ ᠮᠣᠩᠭᠤᠯ᠂ ᠬᠢᠩᠭᠠᠨ ᠤ ᠵᠠᠯᠠᠭᠤᠴᠤᠳ᠂ ᠰᠸᠦ ᠬᠤ᠋ ᠰᠦᠯᠵᠶᠶ᠎ᠡ᠂ ᠠᠷᠠᠳ ᠤᠨ ᠬᠠᠤᠯᠢ ᠲᠦᠷᠢᠮ ᠤᠨ ᠰᠦᠯᠵᠶᠶ᠎ᠡ᠂ ᠬᠢᠩᠭᠠᠨ ᠤ ᠡᠳᠦᠷ ᠤᠨ ᠰᠣᠨᠢᠨ᠂ ᠬᠢᠩᠭᠠᠨ ᠠᠶᠢᠮᠠᠭ ᠤᠨ ᠴᠠᠩ ᠠᠨ ᠰᠦᠯᠵᠶᠶ᠎ᠡ᠂ ᠥᠪᠥᠷ ᠮᠣᠩᠭᠤᠯ ᠤᠨ ᠴᠠᠩ ᠠᠨ ᠰᠦᠯᠵᠶᠶ᠎ᠡ ᠵᠡᠷᠭᠡ ᠵᠠᠭᠤᠴᠢᠯᠠᠭᠤᠷ ᠲᠤ ᠤᠯᠠᠨᠳᠠ ᠮᠡᠳᠡᠭᠡᠯᠡᠭᠰᠡᠨ ᠪᠠᠶᠢᠨ᠎ᠠ᠃     ᠵᠠᠯᠠᠶᠢᠳ ᠬᠤᠰᠢᠭᠤᠨ ᠤ ᠱᠧᠨ ᠱᠠᠨ ᠵᠢᠷᠤᠮ ᠤᠨ ᠴᠠᠭᠳᠠᠭ᠎ᠠ ᠶᠢᠨ ᠨᠡᠶᠢᠭᠡᠮᠯᠢᠭ ᠤᠨ ᠬᠢᠨ ᠠᠷᠠᠳ ᠲᠦᠮᠡᠨ ᠤ ᠲᠥᠯᠥᠭᠡ ᠵᠢᠳᠬᠦᠬᠦ᠂ ᠠᠷᠠᠳ ᠲᠦᠮᠡᠨ ᠳᠤ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠶᠢ ᠪᠠᠷᠢᠮᠲᠠᠯᠠᠨ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠭᠦᠨᠵᠡᠭᠡᠶ ᠳᠤᠭᠤᠰᠢᠯᠠᠭᠤᠯᠬᠤ ᠪᠠᠷ ᠳᠡᠮᠵᠢᠨ᠂ ᠡᠯ᠎ᠠ ᠦᠨᠳᠦᠰᠦᠲᠡᠨ ᠨᠦᠭᠦᠳ ᠤᠨ ᠤᠯᠠᠨ ᠲᠦᠮᠡᠨ ᠢ ᠠᠨᠠᠷ ᠤᠨ ᠦᠷ᠎ᠡ ᠰᠢᠭ ᠨᠢᠭᠲᠠᠷᠠᠭᠤᠯᠤᠨ ᠪᠦᠯᠬᠦᠮᠳᠡᠭᠦᠯᠵᠦ᠂ ᠠᠮᠤᠷ ᠳᠤᠬᠳᠠᠭᠤᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠬᠠᠮᠠᠭᠠᠯᠠᠬᠤ᠂ ᠠᠮᠤᠷ ᠠᠮᠤᠭᠤᠯᠠᠩ ᠵᠠᠯᠠᠶᠢᠳ ᠢ ᠪᠦᠳᠦᠭᠡᠨ ᠪᠠᠶᠢᠭᠤᠯᠬᠤ ᠳᠤ ᠬᠦ᠋ᠴᠦᠨ ᠴᠢᠳᠡᠯ ᠢᠶᠠᠨ ᠡᠷᠬᠦᠵᠦ ᠪᠤᠢ᠃                                       ᡁᠢ  ᠮᠢᠨ  
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号