ᠵᠠᠯᠠᠶᠢᠳ ᠬᠤᠰᠢᠭᠤ ᠭᠤᠤᠯ ᠰᠡᠳᠤᠪᠳᠤ ᠬᠦᠮᠦᠵᠢᠯ ᠤᠨ ᠦᠷ᠎ᠡ ᠪᠦᠳᠦᠮᠵᠢ ᠪᠠᠷ ᠡᠮᠴᠢᠯᠡᠬᠡᠨ ᠤ ᠦᠢᠯᠡᠴᠢᠯᠡᠭᠡ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2023/11/16
    ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢᠨ ᠭᠤᠤᠯ ᠰᠡᠳᠤᠪᠳᠤ ᠬᠦᠮᠦᠵᠢᠯ ᠢ ᠰᠤᠷᠤᠯᠴᠠᠨ ᠲᠤᠭᠤᠰᠢᠯᠠᠭᠤᠯᠬᠤ ᠲᠤᠮᠳᠠ ᠦᠳᠡᠯᠦᠬᠡ ᠪᠠᠭᠤᠷᠠᠢ ᠵᠡᠮᠳᠡᠭ ᠡᠪᠡᠳᠴᠢᠳᠡᠳ ᠤᠨ ᠡᠪᠡᠳᠴᠢᠨ ᠦᠵᠡᠬᠦᠯᠬᠦ ᠳᠤ ᠬᠦᠴᠢᠷ᠂ ᠠᠷᠬᠠᠭ ᠡᠪᠡᠳᠴᠢᠳᠡᠨ ᠤ ᠡᠮᠴᠢᠯᠡᠬᠦᠯᠬᠦ ᠶᠠᠪᠤᠴᠠ ᠨᠢ ᠶᠠᠷᠰᠢᠬᠳᠠᠢ ᠠᠰᠠᠭᠤᠳᠠᠯ ᠳᠤ ᠴᠢᠭᠯᠡᠬᠦᠯᠦᠨ᠂ ᠦᠳᠡᠯᠦᠬᠡ ᠪᠠᠭᠤᠷᠠᠢ ᠵᠡᠮᠳᠡᠭ ᠡᠪᠡᠳᠴᠢᠳᠡᠨ ᠪᠤᠯᠤᠨ ᠠᠷᠬᠠᠭ ᠡᠪᠡᠳᠴᠢᠳᠡᠨ ᠳᠤ ᠨᠢᠬᠡ ᠦᠷᠳᠡᠭᠡ ᠮᠠᠶ᠋ᠢᠭ ᠤᠨ ᠦᠢᠯᠡᠴᠢᠯᠡᠬᠦ ᠲᠦᠪ ᠲᠤᠬᠢᠷᠠᠭᠤᠯᠵᠦ᠂ ᠭᠤᠤᠯ ᠰᠡᠳᠤᠪᠳᠤ ᠬᠦᠮᠦᠵᠢᠯ ᠤᠨ ᠦᠷ᠎ᠡ ᠪᠦᠳᠦᠬᠡᠯ ᠢ ᠵᠠᠯᠠᠶᠢᠳ ᠬᠤᠰᠢᠭᠤᠨ ᠤ ᠡᠮᠴᠢᠯᠡᠬᠡᠨ ᠤ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠦᠳᠡᠯᠭᠡᠭᠴᠢ ᠬᠦᠴᠦᠨ ᠪᠤᠯᠭᠠᠵᠦ ᠪᠠᠶᠢᠨ᠎ᠠ᠃    ᠥᠢᠷ᠎ᠠ ᠳᠤ᠂ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠦ ᠶᠢᠨ ᠳ᠋ᠧ ᠹᠠ ᠭᠠᠴᠠᠭᠠᠨ ᠤ 87 ᠨᠠᠰᠦᠳᠠᠢ ᠭᠤᠤ ᠢᠤᠢ ᠴᠢᠨ ᠨᠠᠰᠦᠳᠠᠨ ᠬᠡᠤᠬᠡᠳ ᠲᠠᠢ ᠪᠠᠨ ᠬᠠᠮᠳᠤ ᠡᠮᠴᠢᠯᠡᠬᠦᠯᠬᠦ ᠪᠠᠷ ᠢᠷᠡᠵᠥ᠂ ᠦᠳᠡᠯᠦᠬᠡ ᠪᠠᠭᠤᠷᠠᠢ ᠵᠡᠮᠳᠡᠭ ᠡᠪᠡᠳᠴᠢᠳᠡᠨ ᠤ ᠨᠢᠬᠡ ᠦᠷᠳᠡᠭᠡ ᠮᠠᠶ᠋ᠢᠭ ᠤᠨ ᠦᠢᠯᠡᠴᠢᠯᠡᠬᠦ ᠲᠦᠪ ᠤᠨ ᠨᠢᠬᠡᠳᠦᠭᠡᠷ ᠲᠠᠪᠬᠤᠷᠯᠢᠭ ᠲᠤ ᠡᠪᠡᠳᠴᠢᠨ ᠤ ᠪᠠᠶᠢᠳᠡᠯ ᠢᠶᠠᠨ ᠠᠰᠠᠭᠤᠨ ᠲᠤᠳᠤᠯᠠᠬᠤ᠂ ᠴᠢᠰᠦ ᠠᠪᠬᠤ᠂ CT ᠰᠡᠬᠦᠳᠡᠷᠯᠡᠬᠦ ᠵᠡᠷᠭᠡ ᠶᠢ ᠪᠦᠷ ᠬᠢᠵᠦ ᠲᠠᠭᠤᠰᠬᠠᠵᠠᠢ᠃    ᠠᠷᠬᠠᠭ ᠡᠪᠡᠳᠴᠢᠨ ᠤ ᠨᠢᠬᠡ ᠦᠷᠳᠡᠭᠡ ᠮᠠᠶ᠋ᠢᠭ ᠤᠨ ᠦᠢᠯᠡᠴᠢᠯᠡᠬᠡᠨ ᠤ ᠲᠦᠪ ᠲᠤ ᠳ᠋ᠤᠭᠠᠷᠯᠠᠬᠤ᠂᠂ ᠵᠤᠭᠤᠰ ᠲᠤᠰᠢᠶᠠᠬᠤ᠂ ᠲᠠᠩᠰᠠ ᠲᠠᠶᠢᠯᠠᠬᠤ᠂ ᠡᠮ ᠠᠪᠬᠤ ︽ᠨᠢᠬᠡ ᠦᠷᠳᠡᠭᠡ ᠮᠠᠶ᠋ᠢᠭ︾ ᠤᠨ ᠦᠢᠯᠡᠴᠢᠯᠡᠭᠡ ᠶᠢ ᠪᠡᠶᠡᠯᠡᠬᠦᠯᠦᠭᠰᠡᠨ ᠤ ᠬᠠᠮᠳᠤ ᠠᠰᠠᠷ ᠤᠨ ᠪᠤᠯᠤᠩ ᠳᠤ ᠪᠠᠰᠠ ᠤᠤᠭᠤᠬᠤ ᠤᠰᠤ ᠪᠠ ᠴᠠᠭᠠᠨ ᠰᠢᠬᠢᠷ ᠪᠡᠯᠡᠳᠭᠡᠵᠦ᠂ ᠡᠪᠡᠳᠴᠢᠳᠡᠳ ᠲᠤ ᠲᠦᠬᠦᠮ ᠦᠵᠡᠬᠦᠯᠵᠦ ᠪᠤᠢ᠃     ᠤᠶᠢᠯᠠᠭᠠᠬᠰᠠᠨ ᠢᠶᠠᠷ᠂ ᠭᠤᠤᠯ ᠰᠡᠳᠤᠪᠳᠤ ᠬᠦᠮᠦᠵᠢᠯ ᠢ ᠦᠷᠨᠢᠬᠦᠯᠦᠭᠰᠡᠨ ᠠᠴᠠ ᠨᠠᠭᠠᠰᠢ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠠᠷᠬᠠᠭ ᠡᠪᠡᠳᠴᠢᠳᠡᠨ ᠤ ᠨᠢᠬᠡ ᠦᠷᠳᠡᠭᠡ ᠮᠠᠶ᠋ᠢᠭ ᠤᠨ ᠦᠢᠯᠡᠴᠢᠯᠡᠬᠡᠨ ᠤ ᠦᠷᠳᠡᠭᠡ 200 ᠭᠠᠷᠦᠢ ᠡᠪᠡᠳᠴᠢᠳᠡᠨ ᠳᠤ ᠦᠢᠯᠡᠴᠢᠯᠡᠵᠦ᠂ ᠦᠳᠡᠯᠦᠬᠡ ᠪᠠᠭᠤᠷᠠᠢ ᠵᠡᠮᠳᠡᠭ ᠡᠪᠡᠳᠴᠢᠳᠡᠨ ᠤ ᠨᠢᠬᠡ ᠦᠷᠳᠡᠭᠡ ᠮᠠᠶ᠋ᠢᠭ ᠤᠨ ᠦᠢᠯᠡᠴᠢᠯᠡᠬᠡᠨ ᠤ ᠲᠦᠪ ᠨᠢ 40 ᠭᠠᠷᠦᠢ ᠬᠦᠮᠦᠨ ᠳᠤ ᠦᠢᠯᠡᠴᠢᠯᠡᠵᠡᠢ᠃                                                                                                   ᠰᠡᠷᠬᠦᠯᠡᠩ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号