ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/16
    11 ᠰᠠᠷ᠎ᠠ ᠶᠢᠨ 15 ᠤ ᠡᠳᠦᠷ᠂ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ ᠵᠢᠷᠭᠤᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ ᠲᠣᠭᠲᠠᠭᠠᠯ ᠤᠨ ᠨᠣᠮ ᠤᠨ  ᠠᠭᠤᠯᠭ᠎ᠠ ᠶᠢ ᠲᠡᠷᠡ ᠬᠡᠪ ᠢᠶᠠᠷ ᠨᠢ ᠰᠤᠷᠤᠯᠴᠠᠪᠠ᠃     ᠬᠤᠷᠠᠯ ᠠᠴᠠ᠂ ᠰᠤᠷᠤᠯᠴᠠᠯᠭ᠎ᠠ ᠶᠢ ᠲᠤᠪᠤᠶᠢᠯᠭᠠᠬᠤ᠂ ᠢᠯᠡᠭᠦᠦ ᠰᠡᠳᠬᠢᠵᠦ ᠢᠯᠡᠭᠦᠦ ᠪᠣᠳᠣᠯᠬᠢᠯᠠᠬᠤ᠂ ᠭᠦᠨᠵᠡᠭᠡᠢ ᠰᠤᠷᠴᠤ ᠨᠡᠪᠲᠡᠷᠬᠡᠢ ᠣᠶᠢᠯᠠᠭᠠᠬᠤ ᠶᠢ ᠪᠠᠷᠢᠮᠲᠠᠯᠠᠵᠤ᠂ ᠤᠭ ᠵᠣᠬᠢᠶᠠᠯ ᠲᠠᠢ ᠨᠢᠭᠲᠠ ᠤᠶᠠᠯᠳᠤᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠴᠢᠩᠭ᠎ᠠ ᠪᠦᠭᠡᠳ ᠰᠠᠶᠢᠲᠤᠷ ᠬᠢᠵᠦ᠂ ᠬᠡᠯᠪᠡᠷᠢᠴᠢ ᠦᠵᠡᠯ ᠢᠯᠡᠷᠡᠬᠦ ᠶᠢ ᠬᠤᠷᠢᠭᠯᠠᠵᠤ᠂ ᠪᠠᠶᠢᠴᠠᠭᠠᠨ ᠰᠤᠳᠤᠯᠬᠤ ᠠᠷᠭ᠎ᠠ ᠬᠡᠯᠪᠡᠷᠢ ᠪᠠᠨ ᠬᠠᠯᠠᠨ ᠰᠠᠶᠢᠵᠢᠷᠠᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠤᠯᠠᠨ ᠲᠦᠮᠡᠨ ᠤ ᠲᠦᠪᠡᠭᠳᠡᠵᠣ ᠪᠠᠴᠢᠮᠳᠠᠵᠤ ᠬᠦᠴᠢᠷᠳᠡᠵᠤ ᠬᠦᠰᠡᠵᠤ ᠪᠠᠶᠢᠭ᠎ᠠ ᠠᠰᠠᠭᠤᠳᠠᠯ ᠢ ᠪᠣᠳᠠᠲᠠᠢ ᠣᠶᠢᠯᠠᠭᠠᠨ᠂ ᠪᠠᠶᠢᠴᠠᠭᠠᠨ ᠰᠤᠳᠤᠯᠤᠯᠲᠠ ᠶᠢᠨ ᠰᠡᠭᠦᠯᠴᠢ ᠶᠢᠨ ᠬᠠᠭᠠᠰ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠬᠢᠬᠦ ᠶᠢ ᠴᠢᠬᠤᠯᠠᠴᠢᠯᠠᠵᠤ᠂ ᠠᠷᠠᠳ ᠲᠦᠮᠡᠨ ᠳᠤ ᠪᠣᠳᠠᠲᠠᠢ ᠠᠰᠢᠭ ᠬᠦᠷᠲᠡᠭᠡᠬᠦ ᠪᠣᠳᠠᠲᠠᠢ ᠠᠵᠢᠯ ᠬᠢᠵᠤ ᠦᠭᠬᠦ ᠪᠠᠷ ᠪᠠᠷᠠᠬᠤ ᠦᠭᠡᠢ ᠪᠠᠰᠠ ᠬᠤᠵᠢᠮ ᠤᠨ ᠬᠥᠮᠥᠰ ᠲᠤ ᠰᠠᠭᠤᠷᠢ ᠲᠠᠯᠪᠢᠵᠤ᠂ ᠬᠤᠰᠢᠭᠤᠨ ᠤ ᠠᠵᠤ ᠠᠬᠤᠢ ᠶᠢᠨ ᠡᠯ᠎ᠡ ᠵᠦᠢᠯ ᠤᠨ ᠠᠵᠢᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃  
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号