ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠳᠤᠯᠠᠭᠠᠨ ᠬᠦᠯᠡᠮᠵᠢ ᠡᠵᠡᠩᠨᠡᠨ ᠳᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠵᠤ ᠪᠤᠢ
ᠨᠡᠶᠢᠲᠡᠯᠡᠭᠰᠡᠨ ᠴᠠᠭ᠄
2023/11/16
    ᠤᠶᠢᠷ᠎ᠠ ᠶᠢᠨ ᠵᠢᠯ ᠳᠤ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠪᠤᠯᠭᠠᠨᠬᠤᠸᠠ ᠭᠠᠴᠠᠭ᠎ᠠ ᠳᠤᠯᠠᠭᠠᠨ ᠬᠦᠯᠡᠮᠵᠢ ᠳᠤ ᠵᠢᠵᠢᠭ ᠳᠠᠷᠪᠤᠰ ᠪᠠ ᠢᠳᠡᠰᠢᠨ ᠨᠤᠭᠤᠭ᠎ᠠ ᠳᠠᠷᠢᠬᠤ ᠠᠵᠤ ᠥᠢᠯᠡᠰ ᠢ ᠬᠦᠭᠵᠢᠬᠦᠯᠬᠦ ᠪᠠᠷ ᠳᠠᠮᠵᠢᠨ ᠳᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠵᠤ ᠪᠤᠢ᠃     ᠤᠶᠢᠷ᠎ᠠ ᠳᠤ᠂ ᠪᠤᠯᠭᠠᠨᠬᠤᠸᠠ ᠰᠤᠮᠤ ᠶᠢᠨ ᠪᠤᠯᠭᠠᠨᠬᠤᠸᠠ ᠭᠠᠴᠠᠭ᠎ᠠ ᠶᠢᠨ ᠳᠤᠯᠠᠭᠠᠨ ᠬᠦᠯᠡᠮᠵᠢ ᠳᠤ᠂ ᠳᠠᠷᠢᠶᠠᠴᠢᠳ ᠳᠠᠷᠢᠭᠰᠠᠨ ᠵᠢᠵᠢᠭ ᠲᠠᠷᠪᠤᠰ ᠢᠶᠠᠨ ᠲᠡᠭᠦᠵᠦ ᠳᠠᠭᠤᠰᠤᠭᠰᠠᠨ ᠤ ᠳᠠᠷᠠᠭ᠎ᠠ᠂ ᠬᠦᠯᠡᠮᠵᠢ ᠪᠠᠨ ᠳᠠᠬᠢᠨ ᠵᠠᠰᠠᠵᠤ ᠳᠡᠭᠰᠢᠯᠡᠨ᠂ ᠡᠯ᠎ᠡ ᠵᠦᠢᠯ ᠤᠨ ᠢᠳᠡᠰᠢᠨ ᠨᠣᠭᠤᠭ᠎ᠠ ᠳᠠᠷᠢᠵᠤ᠂ ᠤᠷᠭᠤᠴᠠ ᠨᠢ ᠮᠠᠰᠢ ᠰᠠᠶᠢᠨ ᠪᠠᠶᠢᠯ᠎ᠠ᠃ ︽ᠪᠢ ᠡ᠊ᠨᠡ ᠬᠦᠯᠡᠮᠵᠢ ᠳᠤ ᠵᠢᠵᠢᠭ ᠳᠠᠷᠪᠤᠰ ᠳᠠᠷᠢᠭᠠᠳ 2 ᠲᠦᠮᠡ ᠭᠠᠷᠤᠶ ᠲᠥᠭᠦᠷᠢᠭ ᠤᠨ ᠤᠷᠤᠯᠭ᠎ᠠ ᠤᠯᠵᠠᠢ᠂ ᠤᠳᠥ ᠵᠠᠯᠭᠠᠭᠠᠳ ᠬᠦᠯᠡᠮᠵᠢ ᠳᠡᠭᠡᠨ ᠴᠠᠭᠠᠨ ᠨᠣᠭᠤᠭ᠎ᠠ ᠳᠠᠷᠢᠵᠠᠶ᠂ ᠨᠤᠭᠤᠭ᠎ᠠ ᠪᠤᠯᠪᠠᠰᠤᠷᠠᠭᠰᠠᠨ ᠤ ᠳᠠᠷᠠᠭ᠎ᠠ ᠳᠠᠬᠢᠨ ᠵᠠᠬ᠎ᠠ ᠳᠡᠯᠭᠡᠬᠦᠷ ᠲᠤ ᠬᠦᠷᠭᠡᠬᠦ ᠪᠤᠯᠤᠨ᠎ᠠ︾ ᠭᠡᠵᠤ ᠪᠤᠯᠭᠠᠨᠬᠤᠸᠠ ᠭᠠᠴᠠᠭᠠᠨ ᠤ ᠳᠠᠷᠢᠶᠠᠴᠢᠨ ᠦ᠋ ᠶᠦᠩ ᠬᠡᠯᠡᠪᠡ᠃     ᠭᠠᠵᠠᠷ ᠰᠢᠷᠣᠶ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠪᠤᠯᠭᠠᠨᠬᠤᠸᠠ ᠭᠠᠴᠠᠭ᠎ᠠ ᠶᠢᠨ ᠵᠢᠵᠢᠭ ᠲᠠᠷᠪᠤᠰ ᠳᠠᠷᠢᠬᠤ ᠡᠷᠦᠬᠡ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠤᠯᠠ ᠪᠠᠶᠢᠭ᠎ᠠ ᠬᠦᠯᠡᠮᠵᠢ ᠶᠢ ᠬᠤᠶᠠᠳᠠᠬᠢ ᠤᠳᠠᠭ᠎ᠠ ᠠᠰᠢᠭᠯᠠᠭᠤᠯᠵᠤ᠂ ᠴᠠᠭᠠᠨ ᠨᠣᠭᠤᠭ᠎ᠠ᠂ ᠦᠨᠦᠷᠲᠦ ᠨᠣᠭᠤᠭ᠎ᠠ᠂ ᠥᠷᠭᠡᠰᠦᠲᠦ ᠭᠡᠮᠭᠡ ᠵᠡᠷᠭᠡ ᠠᠵᠤ ᠠᠬᠤᠶ ᠶᠢᠨ ᠦᠷ᠎ᠡ ᠠᠰᠢᠭ ᠢᠶᠠᠷ ᠲᠦᠷᠭᠡᠨ ᠲᠠᠷᠢᠮᠠᠯ ᠢ ᠳᠠᠷᠢᠭᠤᠯᠬᠤ ᠪᠠᠷ ᠳᠠᠮᠵᠢᠭᠤᠯᠤᠨ᠂ ᠨᠢᠭᠡ ᠬᠦᠯᠡᠮᠵᠢ ᠶᠢ ᠬᠤᠶᠠᠷ ᠤᠳᠠᠭ᠎ᠠ ᠠᠰᠢᠭᠯᠠᠨ᠂ ᠬᠤᠤᠰ ᠤᠷᠤᠯᠭ᠎ᠠ ᠤᠯᠬᠤ ᠶᠢ ᠪᠠᠳᠤᠯᠠᠵᠠᠢ᠃     ︽ᠡ᠊ᠨᠡ ᠵᠢᠯ᠂ ᠪᠢᠳᠡ ︿ᠺᠣᠮᠫᠠᠨᠢ + ᠰᠠᠭᠤᠷᠢᠨ ᠭᠠᠵᠠᠷ + ᠵᠠᠬᠢᠶᠠᠯᠠᠭ᠎ᠠ﹀ ᠶᠢᠨ ᠦᠢᠯᠡᠳᠪᠦᠷᠢᠯᠡᠯ ᠤᠨ ᠵᠠᠭᠪᠤᠷ ᠢᠶᠠᠷ᠂ ᠡᠷᠬᠢᠨ ᠲᠣᠭᠤᠷᠢᠨ ᠤ 48 ᠡᠷᠦᠬᠡ ᠶᠢᠨ 153 ᠬᠥᠮᠦᠨ ᠢ ᠳᠠᠶᠢᠴᠢᠯᠠᠨ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠵᠤ᠂ ᠬᠦᠯᠡᠮᠵᠢ ᠳᠤ ᠵᠢᠵᠢᠭ ᠲᠠᠷᠪᠤᠰ ᠳᠠᠷᠢᠬᠤ ᠪᠠᠷ ᠳᠡᠮᠵᠢᠨ᠂ ᠡᠷᠦᠬᠡ ᠪᠦ᠋ᠷᠢ ᠶᠢᠨ ᠳᠤᠮᠳᠠᠴᠢ ᠣᠷᠣᠯᠭ᠎ᠠ ᠨᠢ 13000 ᠲᠥᠭᠦᠷᠢᠭ ᠨᠡᠮᠡᠭᠳᠡᠪᠡ︾ ᠭᠡᠵᠦ ᠪᠤᠯᠭᠠᠨᠬᠤᠸᠠ ᠭᠠᠴᠠᠭ᠎ᠠ ᠶᠢᠨ ᠨᠠᠮ ᠤᠨ ᠡᠭᠦᠷ ᠤᠨ ᠱᠦᠵᠢ ᠴᠧᠨ ᠶᠦᠩ ᠯᠤ᠋ ᠬᠡᠯᠡᠪᠡ᠃     ᠤᠶᠢᠷ᠎ᠠ ᠶᠢᠨ ᠵᠢᠯ ᠳᠤ᠂ ᠪᠤᠯᠭᠠᠨᠬᠤᠸᠠ ᠰᠤᠮᠤ ᠶᠢᠨ ᠪᠤᠯᠭᠠᠨᠬᠤᠸᠠ ᠭᠠᠴᠠᠭ᠎ᠠ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠰᠡᠳᠭᠢᠴᠡ ᠶᠢ ᠪᠠᠷᠢᠮᠲᠠᠯᠠᠵᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠳᠤ ᠢᠳᠡᠪᠬᠢᠲᠡᠶ ᠲᠣᠬᠢᠷᠠᠭᠤᠯᠤᠯᠲᠠ ᠬᠢᠵᠦ᠂ ᠭᠠᠵᠠᠷ ᠣᠷᠣᠨ ᠤ ᠪᠠᠶᠢᠳᠠᠯ ᠳᠠᠭᠠᠨ ᠴᠢᠭᠯᠡᠬᠦᠯᠥᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠬᠦᠯᠡᠮᠵᠢ ᠳᠤ ᠤᠨᠴᠠᠯᠢᠬᠳᠤ ᠲᠠᠷᠢᠮᠠᠯ ᠳᠠᠷᠢᠬᠤ ᠶᠢ ᠵᠣᠷᠢᠭᠵᠢᠭᠤᠯᠵᠤ᠂ ᠲᠤᠰᠬᠠᠢ ᠮᠡᠷᠭᠡᠵᠢᠯᠳᠠᠨ ᠮᠡᠷᠭᠡᠵᠢᠯ ᠤᠨ ᠵᠢᠯᠤᠭᠤᠳᠤᠯᠭ᠎ᠠ ᠬᠠᠨᠭ᠍ᠭᠠᠬᠤ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ ᠲᠠᠶᠢᠴᠢᠯᠠᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷᠠᠴᠤᠤᠯ ᠦᠢᠯᠡᠴᠢᠯᠡᠭᠡ ᠶᠢ ᠬᠡᠷ ᠲᠤᠨᠢ ᠬᠦᠷᠭᠡᠬᠦ ᠵᠠᠭᠪᠤᠷ ᠢᠶᠠᠷ ᠣᠯᠠᠨ ᠲᠦᠮᠡᠨ ᠤ ᠮᠡᠷᠭᠡᠵᠢᠯ᠂ ᠪᠠᠯᠠ ᠮᠥᠩᠭᠦ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠢ ᠰᠢᠢᠳᠪᠦᠷᠢᠯᠡᠵᠦ᠂ ᠳᠤᠯᠠᠭᠠᠨ ᠬᠦᠯᠡᠮᠵᠢ ᠶᠢ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠰᠢᠨ᠎ᠡ ᠵᠢᠭᠰᠠᠭᠠᠯ ᠤᠨ ᠭᠠᠵᠠᠷ ᠪᠣᠯᠭᠠᠨ ᠬᠤᠪᠢᠷᠠᠭᠤᠯᠤᠭᠰᠠᠨ ᠪᠠᠶᠢᠨ᠎ᠠ᠃                                                ᠳᠤᠳᠢ    ᠰᠡᠴᠡᠨᠭᠡᠷᠡᠯ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号