ᠴᠢᠰᠤ ᠬᠠᠨᠳᠢᠪᠯᠡᠬᠤ ᠶᠢᠨ ᠰᠠᠶᠢᠨ ᠲᠠᠢ ᠲᠠᠯ᠎ᠠ
ᠨᠡᠶᠢᠲᠡᠯᠡᠭᠰᠡᠨ ᠴᠠᠭ᠄
2023/11/16
    1. ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠬᠦ ᠨᠣᠷᠮ᠎ᠠ ᠶᠢ ᠪᠠᠭᠠᠰᠬᠠᠨ᠎ᠠ᠃ ᠴᠢᠰᠤ ᠬᠠᠨᠳᠢᠪᠯᠡᠬᠤ ᠨᠢ ᠴᠢᠰᠤ ᠶᠢ ᠰᠢᠩᠭᠡᠷᠡᠭᠦᠯᠵᠦ᠂ ᠴᠢᠰᠤᠨ ᠤ ᠡᠷᠭᠢᠯᠲᠡ ᠶᠢᠨ ᠬᠤᠷᠳᠤᠴᠠ ᠶᠢ ᠲᠦᠷᠭᠡᠳᠬᠡᠨ᠂ ᠴᠢᠰᠤᠨ ᠤ ᠬᠦᠴᠢᠯᠲᠥ᠋ᠷᠥᠭᠴᠢ ᠳᠠᠮᠵᠢᠭᠤᠯᠬᠤ ᠪᠠ ᠰᠢᠮ᠎ᠡ ᠲᠡᠵᠢᠭᠡᠯ ᠤᠨ ᠪᠣᠳᠠᠰ ᠢ ᠳᠠᠮᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠬᠦ ᠨᠤᠷᠮ᠎ᠠ ᠶᠢ ᠪᠠᠭᠠᠰᠬᠠᠨ᠎ᠠ᠃     2. ᠴᠢᠰᠤ ᠪᠦᠲᠦᠭᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠵᠣᠬᠢᠬᠤ ᠬᠡᠮᠵᠢᠶᠡᠨ ᠤ ᠴᠢᠰᠤ ᠬᠠᠨᠳᠢᠪᠯᠡᠬᠤ ᠨᠢ ᠴᠢᠰᠤᠨ ᠤ ᠡᠰ ᠤᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠴᠢᠮᠦᠭᠡ ᠳᠤ ᠰᠡᠳᠡᠯᠲᠡ ᠥᠭᠴᠦ ᠴᠢᠰᠤ ᠪᠦᠲᠦᠭᠡᠨ᠂ ᠴᠢᠰᠤᠨ ᠤ ᠰᠢᠨ᠎ᠡ ᠤᠯᠠᠭᠠᠨ ᠡᠰ ᠢ ᠪᠣᠢ ᠪᠣᠯᠭᠠᠵᠤ᠂ ᠴᠢᠰᠤ ᠪᠦᠲᠦᠭᠡᠬᠦ ᠴᠢᠳᠠᠪᠤᠷᠢ ᠶᠢ ᠨᠡᠮᠡᠭᠳᠡᠭᠦᠯᠦᠨ᠎ᠡ     3. ᠴᠢᠰᠤᠨ ᠳᠠᠬᠢ ᠲᠡᠮᠦᠷ ᠤᠨ ᠥᠳᠬᠡᠴᠡ ᠶᠢ ᠪᠠᠭᠤᠷᠠᠭᠤᠯᠤᠨ᠎ᠠ᠃ ᠵᠣᠬᠢᠬᠤ ᠬᠡᠮᠵᠢᠶᠡᠨ ᠤ ᠴᠢᠰᠤ ᠬᠠᠨᠳᠢᠪᠯᠡᠬᠤ ᠨᠢ ᠪᠡᠶ᠎ᠡ ᠶᠢᠨ ᠴᠢᠰᠤᠨ ᠳᠣᠲᠣᠷᠠᠬᠢ ᠲᠡᠮᠦᠷ ᠤᠨ ᠥᠳᠬᠡᠴᠡ ᠶᠢ ᠪᠠᠭᠤᠷᠠᠭᠤᠯᠬᠤ ᠶᠢᠨ ᠤᠯᠠᠮ ᠠᠴᠠ ᠲᠡᠮᠦᠷ ᠤᠨ ᠳᠣᠲᠣᠷ ᠡᠷᠬᠡᠲᠡᠨ ᠳᠤ ᠤᠴᠠᠷᠠᠭᠤᠯᠬᠤ ᠬᠤᠬᠢᠷᠠᠯ ᠢ ᠪᠠᠭᠠᠰᠬᠠᠨ᠎ᠠ᠃ ᠤᠴᠢᠷ ᠨᠢ ᠬᠡᠷᠪᠡ ᠣᠷᠭᠠᠨᠢᠭ ᠪᠡᠶ᠎ᠡ ᠶᠢᠨ ᠳᠣᠲᠣᠷᠠᠬᠢ ᠲᠡᠮᠦᠷ ᠤᠨ ᠥᠳᠬᠡᠴᠡ ᠨᠢ ᠬᠡᠲᠦᠷᠬᠡᠢ ᠶᠡᠭᠡ ᠪᠣᠯ ᠡᠯᠢᠭᠡ᠂ ᠵᠢᠷᠦᠬᠡ ᠵᠡᠷᠭᠡ ᠡᠷᠬᠡᠲᠡᠨ ᠳᠤ ᠬᠤᠷᠠᠵᠤ᠂ ᠡᠷᠬᠡᠲᠡᠨ ᠤ ᠳᠠᠷᠤᠭᠠᠰᠤ ᠶᠢ ᠬᠦᠨᠳᠦᠷᠡᠭᠦᠯᠵᠦ᠂ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠨᠥᠯᠥᠭᠡᠯᠡᠳᠡᠭ᠃    4. ᠰᠡᠳᠬᠢᠴᠡ ᠶᠢᠨ ᠡᠷᠡᠭᠦᠯ ᠮᠡᠨᠳᠦ ᠳᠤ ᠲᠤᠰᠠᠲᠠᠢ᠃ ᠴᠢᠰᠤ ᠬᠠᠨᠳᠢᠪᠯᠡᠬᠤ ᠨᠢ ᠮᠡᠳᠡᠷᠡᠯ — ᠪᠡᠶ᠎ᠡ ᠶᠢᠨ ᠰᠢᠩᠭᠡᠨ — ᠳᠣᠲᠣᠭᠠᠳᠤ ᠰᠢᠭᠦᠷᠡᠯ ᠤᠨ ᠰᠢᠰᠲ᠋ᠧᠮ ᠤᠨ ᠲᠣᠬᠢᠷᠠᠭᠤᠯᠤᠯᠲᠠ ᠳᠤ ᠲᠤᠰᠠᠲᠠᠢ᠂ ᠬᠥᠮᠥᠨ ᠤ ᠰᠡᠳᠬᠢᠴᠡ ᠶᠢᠨ ᠠᠵᠢᠯᠯᠠᠭ᠎ᠠ ᠶᠢ ᠰᠠᠶᠢᠵᠢᠷᠠᠭᠤᠯᠬᠤ ᠶᠢᠨ ᠤᠯᠠᠮ ᠠᠴᠠ ᠰᠡᠳᠬᠢᠴᠡ ᠶᠢᠨ ᠡᠷᠡᠭᠦᠯ ᠮᠡᠨᠳᠦ ᠳᠤ ᠲᠤᠰᠠᠲᠠᠢ
 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号