ᠠᠶᠢᠮᠠᠭ ᠤᠨ ᠠᠵᠢᠯᠴᠢᠨ ᠤ ᠡᠪᠯᠡᠯ ᠤᠨ ᠪᠠᠶᠢᠴᠠᠭᠠᠨ ᠰᠤᠳᠤᠯᠬᠤ ᠲᠤᠭᠤᠶᠢᠯᠠᠩ ᠤᠨ ᠬᠤ᠋ ᠸᠧᠢ ᠫᠢᠩ ᠨᠠᠷ ᠮᠠᠨ ᠤ ᠬᠤᠰᠢᠭᠤᠨ ᠳᠤ ᠢᠷᠡᠵᠦ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠳᠠ ᠬᠢᠵᠡᠢ
ᠨᠡᠶᠢᠲᠡᠯᠡᠭᠰᠡᠨ ᠴᠠᠭ᠄
2023/11/2
         ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠨ ᠱᠠᠲᠤᠨ ᠤ ᠠᠵᠢᠯᠲᠠᠨ ᠠᠵᠢᠯᠴᠢᠨ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ 10 ᠰᠠᠷ᠎ᠠ ᠶᠢᠨ 31 ᠤ ᠡᠳᠦᠷ᠂ ᠠᠶᠢᠮᠠᠭ ᠤᠨ ᠠᠵᠢᠯᠴᠢᠨ ᠤ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠬᠤ᠋ ᠸᠧᠶ ᠫᠢᠩ ᠨᠡᠷ ᠮᠠᠨ ᠤ ᠬᠤᠰᠢᠭᠤᠨ ᠳᠤ ᠢᠷᠡᠵᠦ ᠠᠵᠢᠯᠴᠢᠨ ᠤ ᠡᠪᠯᠡᠯ ᠤᠨ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠱᠠᠨ ᠱᠦᠢ ᠱᠦᠢᠨᠢ ᠶᠢᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠵᠠᠯᠠᠶᠢᠳ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠂ ᠮᠧᠩ ᠶᠢᠨ ᠲᠣᠰᠬᠤᠨ ᠪᠠᠯᠭᠠᠰᠤᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠷ ᠬᠦᠷᠴᠦ᠂ ᠠᠷᠠᠳᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠳᠠᠯ᠂ ᠠᠵᠢᠯᠳᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠪᠠᠶᠢᠭᠤᠯᠤᠯᠲᠠ᠂ ᠠᠵᠢᠯᠳᠠᠨ ᠠᠵᠢᠯᠴᠢᠨ ᠤ ᠬᠥᠳᠡᠯᠮᠦᠷᠢ ᠶᠢᠨ ᠡᠷᠬᠡ ᠪᠠᠨ ᠬᠠᠮᠠᠭᠠᠯᠠᠬᠤ ᠵᠡᠷᠭᠡ ᠠᠵᠢᠯ ᠢ ᠨᠠᠷᠢᠨ ᠣᠶᠢᠯᠠᠭᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠠᠵᠢᠯᠲᠠᠨ ᠠᠵᠢᠯᠴᠢᠨ ᠠᠴᠠ ᠦᠢᠯᠡᠳᠪᠦᠷᠢᠯᠡᠯ ᠪᠠ ᠠᠮᠢᠳᠤᠷᠠᠯ ᠤᠨ ᠪᠠᠶᠢᠳᠠᠯ ᠢ ᠠᠰᠠᠭᠤᠨ ᠯᠠᠪᠯᠠᠵᠠᠢ᠃ ᠲᠠᠷᠠᠭ᠎ᠠ ᠨᠢ ᠠᠵᠢᠯᠳᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ᠂ ᠬᠠᠮᠢᠶᠠᠷᠤᠯᠳᠠ ᠶᠢᠨ ᠶᠠᠪᠤᠳᠠᠯ ᠢ ᠢᠯᠡ ᠪᠣᠯᠭᠠᠬᠤ ᠲᠦᠷᠢᠮ᠂ ᠲᠠᠩᠰᠠ ᠡᠪᠬᠡᠮᠡᠯ ᠤᠨ ᠮᠠᠲ᠋ᠧᠷᠢᠶᠠᠯ ᠵᠡᠷᠭᠡ ᠶᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠤᠨ ᠵᠠᠰᠠᠭ ᠵᠠᠬᠢᠷᠭ᠎ᠠ ᠪᠠ ᠠᠵᠢᠯᠴᠢᠨ ᠤ ᠡᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠵᠢᠯᠴᠢᠨ ᠤ ᠡᠪᠯᠡᠯ ᠤᠨ ᠺᠠᠳ᠋ᠷ ᠪᠠ ᠠᠵᠢᠯᠳᠠᠨ ᠠᠵᠢᠯᠴᠢᠨ ᠤ ᠲᠥᠯᠥᠭᠡᠯᠡᠭᠴᠢ ᠲᠠᠢ ᠠᠵᠤ ᠠᠬᠤᠶᠢᠯᠠᠯ ᠤᠨ ᠠᠷᠠᠳᠴᠢᠯᠠᠭᠰᠠᠨ ᠬᠠᠮᠢᠶᠠᠷᠤᠯᠲᠠ᠂ ᠠᠵᠢᠯᠴᠢᠨ ᠤ ᠡᠪᠯᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠪᠠᠨ ᠰᠣᠯᠢᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠢᠶᠠᠷ ᠬᠦᠷᠴᠦ ᠶᠠᠷᠢᠯᠴᠠᠬᠤ ᠬᠤᠷᠠᠯ ᠬᠢᠵᠦ᠂ ᠬᠤᠷᠠᠯ ᠳᠤ ᠣᠷᠣᠯᠴᠠᠭᠰᠠᠳ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃  ᠠᠶᠢᠮᠠᠭ ᠤᠨ ᠠᠵᠢᠯᠴᠢᠨ ᠤ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠬᠤ᠋ ᠸᠧᠶ ᠫᠢᠩ ᠠᠴᠠ ᠨᠢᠭᠡ ᠳᠤ᠂ ᠨᠠᠩ ᠥᠨᠳᠥᠷ ᠵᠣᠭᠰᠣᠴᠠ ᠪᠠᠷ ᠡᠯ᠎ᠡ ᠵᠦᠢᠯ ᠤᠨ ᠭᠦᠢᠴᠡᠳᠭᠡᠯ ᠲᠤᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ ᠠᠶᠢᠮᠠᠭ ᠤᠨ ᠠᠵᠢᠯᠴᠢᠨ ᠤ ᠡᠪᠯᠡᠯ ᠤᠨ ᠰᠢᠯᠭᠠᠨ ᠬᠢᠨᠠᠬᠤ ᠬᠠᠷᠠᠯᠲᠠ ᠲᠠᠢ ᠬᠠᠷᠢᠴᠠᠭᠤᠯᠤᠨ᠂ ᠠᠰᠠᠭᠤᠳᠠᠯ ᠳᠤ ᠵᠥᠪ ᠢᠶᠠᠷ ᠬᠠᠨᠳᠤᠵᠤ᠂ ᠨᠠᠶᠢᠳᠠᠪᠤᠷᠢᠵᠢᠭᠤᠯᠤᠯᠲᠠ ᠶᠢ ᠪᠤᠳᠠᠳᠠᠶᠢᠵᠢᠭᠤᠯᠤᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠣᠨ ᠤ ᠡᠯ᠎ᠡ ᠵᠦᠢᠯ ᠤᠨ ᠠᠵᠢᠯ ᠢ ᠡᠮᠬᠢᠯᠡᠬᠦ ᠪᠠ ᠲᠠᠩᠰᠠ ᠡᠪᠬᠡᠮᠡᠯ ᠳᠤ ᠣᠷᠣᠭᠤᠯᠬᠤ ᠶᠢ ᠰᠠᠶᠢᠲᠤᠷ ᠬᠢᠵᠦ᠂ ᠣᠨ ᠤ ᠬᠠᠷᠠᠯᠲᠠ ᠶᠢᠨ ᠰᠢᠯᠭᠠᠨ ᠬᠢᠨᠠᠯᠳᠠ ᠶᠢ ᠰᠠᠶᠢᠲᠤᠷ ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠠᠵᠢᠯᠴᠢᠨ ᠤ ᠡᠪᠯᠡᠯ ᠤᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠢᠯᠠᠰ ᠴᠡᠭ ᠢ ᠢᠯᠡᠷᠡᠭᠦᠯᠬᠦ ᠬᠡᠷᠡᠭᠳᠡᠢ᠃ ᠰᠤᠷᠤᠯᠴᠠᠬᠤ ᠪᠠ ᠯᠠᠪᠯᠠᠯᠲᠠ ᠪᠣᠯᠭᠠᠬᠤ ᠪᠠᠨ ᠴᠢᠩᠭᠠᠳᠬᠠᠵᠤ᠂ ᠠᠵᠢᠯᠴᠢᠨ ᠤ ᠡᠪᠯᠡᠯ ᠤᠨ ᠠᠵᠢᠯ ᠤᠨ ᠠᠷᠭ᠎ᠠ ᠮᠠᠶ᠋ᠢᠭ ᠪᠠ ᠠᠷᠭ᠎ᠠ ᠶᠢᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠠᠵᠢᠯᠴᠢᠨ ᠤ ᠡᠪᠯᠡᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠳᠡᠢ ᠭᠡᠵᠡᠢ᠃
 
ᠢᠷᠡᠯᠲᠡ᠄ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号