ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠷᠪᠠᠨ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/2
       10 ᠰᠠᠷ᠎ᠠ ᠶᠢᠨ 31 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠰᠢᠩ ᠢᠦᠢ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠷᠪᠠᠨ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠤᠳᠤᠷᠢᠳᠤᠯᠭ᠎ᠠ ᠶᠢᠨ ᠬᠠᠮᠢᠶ᠎ᠠ ᠪᠦᠬᠦᠢ ᠶᠠᠷᠢᠶ᠎ᠠ ᠶᠢ ᠲᠥᠪᠯᠡᠷᠡᠭᠦᠯᠦᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠠᠶᠢᠯᠤᠮᠵᠢ ᠬᠢᠪᠡ᠃      ᠬᠠᠰᠪᠥ᠋ᠬᠡ᠂ ᠴᠧᠩ ᠮᠢᠩ ᠯᠢ ᠨᠠᠷ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠪᠠᠨ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ ᠲᠤᠬᠠᠢ ᠶᠢᠨ ᠲᠠᠯᠠᠪᠤᠷ ᠲᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠪᠣᠯᠣᠨ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ᠂ ᠲᠦᠷᠦ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠨᠡᠪᠲᠡᠷᠬᠡᠢ ᠣᠶᠢᠯᠠᠭᠠᠵᠤ  ᠲᠦᠷᠦᠯ ᠵᠦᠢᠯ ᠢ ᠵᠢᠷᠤᠵᠤ ᠲᠥᠯᠥᠪᠯᠡᠬᠦ᠂ ᠭᠤᠶᠤᠴᠢᠯᠠᠨ ᠮᠡᠳᠡᠭᠦᠯᠬᠦ ᠶᠢ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠨᠠᠮ ᠤᠨ ᠲᠥᠪ ᠬᠤᠷᠢᠶ᠎ᠠ ᠪᠣᠯᠣᠨ ᠤᠯᠤᠰ ᠤᠨ ᠠᠩᠬᠠᠷᠴᠤ ᠪᠠᠶᠢᠭ᠎ᠠ ᠭᠤᠣᠯᠳᠠᠯᠭ᠎ᠠ ᠲᠠᠢ ᠠᠵᠢᠯ ᠢ  ᠨᠠᠷᠢᠯᠢᠭ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃     ᠬᠤᠷᠠᠯ ᠠᠴᠠ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠠᠵᠢᠯ ᠤᠨ ᠳᠦᠷᠢᠮ᠂ ᠲᠣᠭᠲᠠᠴᠠ ᠪᠣᠯᠣᠨ ᠡᠭᠦᠷᠭᠡ ᠶᠢᠨ ᠨᠠᠷᠢᠨ ᠳᠠᠩᠰᠠ ᠲᠠᠢ ᠬᠠᠷᠢᠴᠠᠭᠤᠯᠵᠤ᠂ ᠱᠠᠯᠠᠪᠳᠠᠭᠤᠯᠤᠨ ᠵᠢᠯᠤᠭᠤᠳᠬᠤ᠂ ᠬᠢᠨᠠᠯᠲᠠ ᠲᠠᠯᠪᠢᠵᠤ ᠬᠢᠨᠠᠨ ᠰᠢᠯᠭᠠᠬᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠵᠡᠷᠭᠡ ᠠᠵᠢᠯ ᠢ ᠴᠢᠩᠭᠠᠳᠬᠠᠵᠤ᠂ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠣ ᠴᠣᠭᠴᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠪᠠ ︽ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠠᠶᠢᠮᠠᠭ︾ ᠢ ᠡᠭᠦᠳᠦᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠰᠠᠶᠢᠲᠤᠷ ᠭᠦᠢᠴᠡᠳ ᠬᠡᠷᠡᠭᠯᠡᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ᠂ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠬᠠᠮᠵᠢᠯᠴᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠳᠣᠯᠣᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠦᠷᠦ ᠶᠢᠨ ᠪᠣᠳᠣᠯᠭ᠎ᠠ᠂ ᠳᠦᠷᠦᠯ ᠵᠦᠢᠯ ᠪᠣᠯᠣᠨ ᠪᠡᠯᠡ ᠮᠥᠩᠭᠦᠨ ᠤ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠣᠯᠵᠤ᠂ ᠳᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠪᠠ ᠠᠷᠠᠯᠵᠢᠶᠠᠴᠢᠨ ᠤᠷᠢᠵᠤ ᠪᠡᠯᠡ  ᠮᠦᠩᠬᠦ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠦᠷᠭᠦᠯᠵᠢᠯᠡᠨ ᠬᠡᠯᠬᠢᠶ᠎ᠡ ᠶᠢ ᠤᠷᠲᠤᠳᠬᠠᠵᠤ᠂ ᠬᠡᠯᠬᠢᠶ᠎ᠡ ᠶᠢ ᠨᠥᠬᠦᠪᠦᠷᠢᠯᠡᠵᠦ᠂ ᠬᠡᠯᠬᠢᠶ᠎ᠡ ᠶᠢ ᠴᠢᠩᠭᠠᠳᠬᠠᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾  ᠢ ᠦᠷᠭᠦᠯᠵᠢᠯᠡᠨ  ᠬᠠᠯᠠᠨ ᠰᠠᠶᠢᠵᠢᠷᠠᠭᠤᠯᠬᠤ᠂ ᠠᠵᠢᠯ ᠤᠨ ᠦᠷ᠎ᠡ ᠪᠦᠲᠦᠮᠵᠢ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠩᠭᠠᠳᠬᠠᠵᠠᠢ᠃  
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号