ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠠᠷᠠᠳ ᠤᠨ ᠤᠷᠤᠯᠭ᠎ᠠ ᠶᠢ ᠨᠡᠮᠡᠭᠳᠡᠭᠦᠯᠵᠦ ᠪᠠᠶᠢᠭ᠎ᠠ ᠪᠠᠶᠠᠬᠤᠯᠠᠭᠠᠨ ᠰᠤᠮᠤ
ᠨᠡᠶᠢᠲᠡᠯᠡᠭᠰᠡᠨ ᠴᠠᠭ᠄
2023/11/28
     ᠡᠨᠡ ᠵᠢᠯ᠂ ᠵᠠᠯᠠᠶᠢᠳ ᠬᠤᠰᠢᠭᠤᠨ ᠤ ᠪᠠᠶᠠᠬᠤᠯᠠᠭᠠᠨ ᠰᠤᠮᠦ ᠵᠢᠷᠤᠭ ᠮᠡᠳᠦ ᠭᠤᠶᠤᠬᠠᠨ ᠪᠠᠶᠢᠭᠠᠯᠢ ᠶᠢᠨ ᠦᠵᠡᠮᠵᠢ ᠪᠠ ᠬᠦᠮᠦᠨ ᠰᠤᠶᠤᠯ ᠤᠨ ᠵᠠᠩ ᠦᠢᠯᠡ ᠪᠠᠷ ᠢᠶᠠᠨ ᠵᠢᠭᠤᠯᠴᠢᠯᠠᠭᠴᠢᠳ ᠤᠨ ᠪᠠᠭ᠋ᠠᠷᠬᠠᠯ ᠢ ᠲᠠᠳᠠᠯ᠎ᠠ᠃ ᠲᠤᠰ ᠰᠤᠮᠦ ᠶᠢᠨ ᠪᠠᠶᠠᠨᠳᠠᠯ᠎ᠠ ᠭᠠᠴᠠᠭ᠎ᠠ ᠭᠤᠤᠯ ᠤᠨ ᠬᠦᠨᠳᠡᠢ ᠶᠢᠨ ᠠᠷᠠᠳ ᠤᠨ ᠪᠠᠭᠤᠳᠠᠯ ᠤᠨ ᠴᠤᠬᠯᠠᠷᠠᠯ ᠪᠠᠶᠢᠭᠤᠯᠵᠦ᠂ ︽ᠲᠤᠮᠳᠠᠳᠦ ᠤᠯᠤᠰ ᠤᠨ ᠦᠵᠡᠰᠬᠦᠯᠡᠩᠳᠦ ᠰᠠᠶᠢᠬᠠᠨ ᠰᠡᠯᠡᠬᠦᠴᠡᠯᠳᠤ ᠬᠦᠳᠡᠭᠡ ᠲᠤᠰᠬᠤᠨ︾ ᠬᠡᠬᠦ ᠰᠠᠶᠢᠬᠠᠨ ᠠᠯᠳᠡᠷ ᠢ ᠬᠦᠷᠳᠡᠵᠠᠢ᠃      ᠤᠢᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠪᠠᠶᠠᠬᠤᠯᠠᠭᠠᠨ ᠰᠤᠮᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠭᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠪᠡᠯᠡ ᠮᠦᠩᠬᠦ ᠶᠢ ᠠᠰᠢᠭᠯᠠᠵᠦ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠂ ᠪᠤᠭᠳᠠ ᠠᠭᠤᠯᠠ ᠶᠢᠨ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠪᠤᠳᠠᠰ ᠤᠨ ᠪᠤᠰᠦ ᠰᠤᠶᠤᠯ ᠤᠨ ᠦᠪ ᠢ ᠤᠯᠠᠮᠵᠢᠯᠠᠨ ᠬᠠᠮᠠᠭᠠᠯᠠᠬᠤ ᠠᠵᠢᠯ ᠢ ᠠᠬᠢᠭᠤᠯᠵᠦ᠂ ᠳᠤᠮᠳᠠᠳᠤ ᠶᠢᠨ ᠰᠣᠶᠣᠯ ᠢ ᠴᠡᠴᠡᠭᠯᠡᠭᠦᠯᠦᠨ ᠬᠥᠭᠵᠢᠭᠦᠯᠵᠡᠢ᠃ ᠪᠠᠰᠠ ᠪᠠᠶᠠᠨᠲᠠᠯ᠎ᠠ · ᠭᠤᠤᠯ ᠤᠨ ᠬᠥᠨᠳᠡᠶ ᠶᠢᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠣᠷᠣᠨ ᠳᠠᠭᠠᠨ ᠠᠮᠢ ᠠᠬᠤᠶ ᠶᠢ ᠪᠡᠶᠡᠴᠢᠯᠡᠨ ᠣᠶᠢᠯᠠᠭᠠᠬᠤ ᠲᠦᠪ᠂ ᠵᠢᠭᠤᠯᠴᠢᠯᠠᠯ ᠤᠨ ᠪᠠᠭᠤᠴᠠ᠂ ᠭᠤᠤᠯ ᠤᠨ ᠬᠦᠨᠳᠡᠢ ᠶᠢᠨ ᠠᠷᠠᠳ ᠤᠨ ᠪᠠᠭᠤᠳᠠᠯ ᠤᠨ ᠴᠤᠭᠯᠠᠷᠠᠯ ᠵᠡᠷᠭᠡ ᠶᠢ ᠪᠠᠶᠢᠭᠤᠯᠵᠦ᠂ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠵᠢᠯ ᠤᠨ ᠡᠭᠢᠨ ᠠᠴᠠ ᠤᠳᠤ ᠪᠤᠯᠳᠠᠯ᠎ᠠ᠂ ᠲᠤᠰ ᠵᠢᠭᠤᠯᠴᠢᠯᠠᠯ ᠤᠨ ᠤᠷᠤᠨ ᠪᠥᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢ ᠶᠢ ᠨᠡᠶᠢᠲᠡ 20 ᠭᠠᠷᠤᠶ ᠲᠦᠮᠡ ︵ᠬᠥᠮᠦᠨ ᠤᠳᠠᠭ᠎ᠠ︶ ᠭᠥᠯᠢᠶᠡᠨ ᠠᠪᠴᠤ᠂ ᠬᠠᠵᠠᠭᠤ ᠬᠠᠪᠢ ᠶᠢᠨ 60 ᠭᠠᠷᠤᠢ ᠬᠦᠮᠦᠨ ᠳᠤ ᠠᠵᠢᠯ ᠤᠯᠭᠤᠵᠠᠢ᠃ ︽ᠡ᠊ᠨᠳᠡ ᠨᠢᠭᠡ ᠰᠠᠷ᠎ᠠ ᠠᠵᠢᠯᠯᠠᠪᠠᠯ 2500 ᠲᠦᠭᠦᠷᠢᠭ ᠤᠯᠤᠨ᠎ᠠ᠂ ᠶᠠᠮᠠᠷ ᠴᠤ ᠶᠠᠳᠠᠷᠠᠭ᠎ᠠ ᠦᠭᠡᠢ ᠮᠦᠷᠳᠡᠭᠡᠨ ᠲᠠᠷᠢᠶᠠᠨ ᠠᠵᠢᠯ ᠢ ᠴᠤ ᠰᠠᠭᠠᠳᠠᠭᠠᠬᠤ ᠦᠭᠡᠢ᠂ ᠦᠨᠡᠨᠬᠦ ᠡᠬᠦᠳᠡᠨ ᠡᠮᠦᠨ᠎ᠡ ᠪᠠᠨ ᠠᠵᠢᠯ ᠤᠯᠤᠭᠰᠠᠨ ᠪᠠᠶᠢᠨ᠎ᠠ︾ ᠭᠡᠵᠦ ᠪᠠᠶᠠᠬᠤᠯᠠᠭᠠᠨ ᠰᠤᠮᠦ ᠶᠢᠨ ᠦᠨᠳᠡᠭᠡᠨ ᠭᠠᠴᠠᠭᠠᠨ ᠤ ᠪᠠᠶᠠᠨᠲ᠋ᠤᠪᠤ ᠠᠶᠢᠯ ᠤᠨ ᠵᠠᠩᠰᠧᠯᠠᠢ ᠬᠡᠯᠡᠨ᠎ᠠ᠃      ︽ᠪᠢᠳᠡ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ ᠲᠤᠬᠳᠠᠭᠠᠯ ᠶᠤᠰᠤᠭᠠᠷ᠂ ᠪᠡᠭᠡᠵᠢᠩ ᠠᠴᠠ ᠦᠪᠦᠷ ᠮᠤᠩᠭᠤᠯ ᠢ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠪᠡᠯᠡ ᠮᠦᠩᠬᠦ ᠶᠢ ᠠᠰᠢᠬᠯᠠᠨ᠂ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠵᠦ᠂ ᠤᠨᠴᠠᠯᠢᠬᠳᠦ ᠨᠡᠷᠡᠳᠦ ᠲᠦᠷᠦᠯ ᠵᠦᠢᠯ ᠢ ᠬᠡᠷᠡᠭᠵᠢᠭᠦᠯᠵᠦ᠂ ᠨᠢᠳᠤᠨᠤᠨ ᠤ 8 ᠰᠠᠷ᠎ᠠ ᠳᠤ ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃ ᠲᠠᠷᠠᠭᠠᠴᠢ ᠪᠠᠷ ᠪᠢᠳᠡ ᠵᠢᠭᠤᠯᠴᠢᠯᠠᠯ ᠤᠨ ᠤᠷᠤᠨ ᠢᠶᠠᠨ ᠲᠡᠰ ᠲᠡᠪᠰᠢᠬᠦᠯᠦᠨ ᠰᠠᠭᠤᠷᠢ ᠲᠦᠬᠦᠭᠡᠷᠦᠮᠵᠢ ᠶᠢ ᠨᠢ ᠲᠡᠬᠦᠯᠳᠡᠷᠵᠢᠬᠦᠯᠵᠦ᠂ ᠵᠢᠭᠤᠯᠴᠢᠯᠠᠯ ᠤᠨ ᠠᠭᠤᠯᠭ᠎ᠠ ᠪᠠᠨ ᠪᠠᠶᠠᠯᠢᠭᠵᠢᠭᠤᠯᠤᠨ᠂ ᠠᠮᠢ ᠠᠬᠤᠢ ᠶᠢᠨ ᠡᠷᠡᠭᠦᠯ ᠮᠡᠨᠳᠦ ᠶᠢᠨ ᠰᠤᠪᠢᠯᠠᠯᠲᠠ᠂ ᠵᠢᠭᠤᠯᠴᠢᠯᠠᠨ ᠰᠡᠯᠡᠭᠦᠴᠡᠬᠦ ᠵᠡᠷᠭᠡ ᠨᠢᠭᠡ ᠦᠷᠳᠡᠭᠡ ᠮᠠᠶ᠋ᠢᠭ ᠤᠨ ᠠᠮᠢ ᠠᠬᠤᠢ ᠶᠢᠨ ᠵᠢᠭᠤᠯᠴᠢᠯᠠᠨ ᠠᠮᠠᠷᠠᠬᠤ ᠤᠷᠤᠨ ᠢ ᠠᠯᠬᠤᠮ ᠠᠯᠬᠤᠮ ᠢᠶᠠᠷ ᠪᠠᠶᠢᠭᠤᠯᠤᠨ᠎ᠠ︾ ᠭᠡᠵᠦ ᠪᠠᠶᠠᠬᠤᠯᠠᠭᠠᠨ ᠰᠤᠮᠦ ᠶᠢᠨ ᠨᠠᠮ ᠤᠨ ᠬᠤᠷᠢᠶᠠᠨ ᠤ ᠱᠦᠵᠢ ᠤᠷᠬᠢᠯ ᠬᠡᠯᠡᠵᠦ ᠪᠠᠶᠢᠯ᠎ᠠ᠃      ᠲᠤᠰ ᠰᠤᠮᠤ ᠪᠠᠰᠠ ᠨᠠᠷᠠᠲᠤ ᠲᠡᠮᠳᠡᠭ ᠢ ᠡᠭᠦᠳᠴᠤ᠂ ᠲᠥᠷᠥᠯ ᠵᠦᠢᠯ ᠢ ᠠᠭᠤᠰᠤᠯᠴᠠᠭᠤᠯᠵᠦ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠭᠡᠭᠡᠨ᠂ ᠬᠠᠷᠠᠮᠥ᠋ᠷᠡᠨ᠂ ᠭᠢᠷᠢᠨ᠂ ᠬᠥᠯᠥᠨ ᠪᠤᠶᠢᠷ ᠵᠡᠷᠭᠡ ᠭᠠᠵᠠᠷ ᠣᠷᠣᠨ ᠤ ︽ᠵᠠᠯᠠᠶᠢᠳ ᠲᠤ ᠢᠷᠡᠵᠦ · ᠷᠠᠰᠢᠶᠠᠨ ᠳᠤ ᠬᠦᠷᠬᠦ︾ ᠵᠢᠭᠤᠯᠴᠢᠯᠠᠭᠴᠢ ᠶᠢᠨ ᠲᠤᠭ᠎ᠠ ᠶᠢ ᠨᠡᠮᠡᠭᠳᠡᠭᠦᠯᠵᠦ᠂ ᠵᠢᠭᠤᠯᠴᠢᠯᠠᠯ ᠤᠨ ᠣᠷᠣᠯᠭ᠎ᠠ ᠪᠠᠨ ᠢᠯᠡᠳᠲᠡ ᠲᠡᠭᠡᠭᠰᠢᠯᠡᠭᠦᠯᠦᠭᠰᠡᠨ ᠪᠠᠶᠢᠨ᠎ᠠ᠃                                           ︵ᠪᠠᠢ ᠢᠦᠢ ᠯᠢᠶᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号