ᠠᠷᠠᠳ ᠣᠯᠠᠨ ᠤ ᠰᠡᠳᠬᠢᠯ ᠢ ᠲᠤᠯᠠᠭᠠᠴᠠᠭᠤᠯᠤᠭᠰᠠᠨ ᠨᠤᠳᠤᠭ ᠤᠨ ᠡᠮᠴᠢ ᠪᠠᠢ ᠢᠦᠢ ᠯᠦᠩ
ᠨᠡᠶᠢᠲᠡᠯᠡᠭᠰᠡᠨ ᠴᠠᠭ᠄
2023/11/6
   ︽ᠵᠠᠪᠠᠯ ᠴᠠᠭ ᠤᠨ ᠴᠠᠭ ᠲᠠᠭᠠᠨ ᠡᠮ ᠤᠤᠭᠤᠪᠠᠯ ᠰᠠᠶ᠋ᠢ ᠲᠦᠷᠭᠡᠨ ᠡᠳᠡᠭᠡᠷᠡᠵᠦ ᠲᠠᠶᠢᠯᠤᠨ᠎ᠠ︾ ︽ᠢᠯᠡᠭᠦᠬᠡᠨ ᠬᠥᠳᠡᠯᠭᠡᠭᠡᠨ ᠬᠢᠵᠦ᠂ ᠶᠠᠪᠤᠳᠠᠯ ᠮᠦᠷ ᠢᠶᠠᠨ ᠠᠩᠬᠠᠷᠴᠤ᠂ ᠳᠠᠬᠢᠨ ᠪᠠᠶᠢᠴᠠᠭᠠᠬᠤ ᠪᠠᠨ ᠪᠢᠲᠡᠭᠡᠢ ᠮᠠᠷᠲᠠᠭᠠᠷᠠᠢ︾ ︽ᠠᠷᠢᠬᠢ ᠤᠤᠭᠤᠬᠤ ᠪᠠᠨ ᠵᠣᠭᠰᠣᠵᠤ᠂ ᠢᠯᠡᠭᠦᠬᠡᠨ ᠠᠮᠠᠷᠠᠬᠤ ᠬᠡᠷᠡᠭᠲᠡᠢ︾ ᠁ ᠡᠨᠡ ᠪᠣᠯ ᠵᠠᠯᠠᠶᠢᠳ ᠬᠤᠰᠢᠭᠤᠨ ᠤ ᠪᠠᠶ᠋ᠬᠠᠤᠯᠠᠭᠠᠨ ᠰᠤᠮᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠪᠠᠢ ᠢᠦᠢ ᠯᠦᠩ ᠡᠪᠡᠳᠴᠢᠲᠡᠨ ᠳᠤ ᠦᠷᠭᠦᠯᠵᠢ ᠵᠠᠬᠢᠳᠠᠭ ᠦᠭᠡ ᠪᠣᠯᠣᠨ᠎ᠠ᠃ 30 ᠭᠠᠷᠤᠢ ᠵᠢᠯ ᠤᠨ ᠲᠤᠷᠰᠢ ᠂ ᠲᠡᠷᠠᠪᠡᠷ ᠡᠪᠡᠳᠴᠢᠲᠡᠨ ᠨᠢᠭᠡᠪᠦᠷᠢ ᠳᠤ ᠬᠦᠯᠢᠴᠡᠩᠭᠦᠢ ᠪᠠᠷ ᠬᠠᠨᠳᠤᠵᠤ᠂ ᠡᠪᠡᠳᠴᠢᠲᠡᠨ ᠤ ᠵᠤᠪᠠᠨᠢᠯ ᠢ ᠠᠷᠢᠯᠭᠠᠵᠤ ᠪᠠᠶᠢᠨ᠎ᠠ᠃     ᠠᠭᠠᠳᠠᠷ ᠪᠣᠷᠣᠭᠠᠨ ᠴᠢᠳᠬᠤᠯᠠᠵᠤ ᠪᠠᠶᠢᠭᠰᠠᠨ ᠵᠤᠨ ᠤ ᠨᠢᠭᠡᠨ ᠦᠳᠡᠰᠢ᠂ ᠪᠠᠢ ᠢᠦᠢ ᠯᠦᠩ᠂ ᠭᠡᠨᠡᠳᠲᠡ ᠡᠪᠡᠳᠴᠢᠯᠡᠭᠰᠡᠨ 80 ᠨᠠᠰᠤᠲᠠᠢ ᠨᠠᠰᠤᠲᠠᠨ ᠤ ᠲᠤᠰᠠᠯᠠᠮᠵᠢ ᠶᠢᠨ ᠤᠳᠠᠰᠣ ᠶᠢ ᠲᠤᠰᠤᠯ᠎ᠠ᠃ ᠶᠠᠭ ᠰᠠᠶ᠋ᠢᠬᠠᠨ ᠬᠢᠮᠤᠷᠠᠭ᠎ᠠ ᠬᠦᠷᠦᠭᠡᠳ ᠬᠠᠯᠠᠭᠤᠷᠠᠵᠤ ᠪᠠᠶᠢᠭᠰᠠᠨ ᠲᠡᠷᠠᠪᠡᠷ᠂ ᠭᠡᠷ ᠤᠨ ᠬᠦᠮᠦᠰ ᠤᠨ ᠢᠶᠠᠨ ᠢᠳᠬᠠᠯ ᠢ ᠬᠠᠶᠢᠬᠤᠷᠤᠯ ᠦᠭᠡᠢ ᠪᠠᠷ ᠡᠮ ᠤᠨ ᠪᠤᠭᠴᠤ ᠪᠠᠨ ᠡᠭᠦᠷᠤᠨ ᠮᠣᠲ᠋ᠣᠷ ᠤᠨᠤᠵᠤ᠂ ᠰᠠᠯᠬᠢ ᠪᠣᠷᠣᠭᠠᠨ ᠢ ᠰᠥᠷᠦᠨ ᠨᠠᠰᠤᠲᠠᠨ ᠤ ᠭᠡᠷ  ᠲᠤ ᠨᠢ ᠬᠦᠷᠴᠤ ᠡᠮᠴᠢᠯᠡᠭᠡᠳ ᠨᠠᠰᠣᠳᠠᠨ ᠢ ᠦᠭᠦᠯ   ᠤᠨ ᠲᠠᠪᠠᠭᠠᠨ ᠠᠴᠠ ᠠᠪᠤᠷᠠᠭᠰᠠᠨ ᠪᠠᠶᠢᠯ᠎ᠠ᠃     2018 ᠣᠨ ᠳᠤ᠂ ᠪᠠᠢ ᠢᠦᠢ ᠯᠦᠩ ᠪᠠᠶ᠋ᠬᠠᠤᠯᠠᠭᠠᠨ ᠰᠤᠮᠤ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ᠂ ᠲᠡᠷᠠᠪᠡᠷ ︽ᠭᠠᠮᠨᠠᠵᠤ ᠠᠷᠪᠢᠯᠠᠬᠤ︾ ᠲᠠᠯ᠎ᠠ ᠪᠠᠷ ᠦᠯᠢᠭᠡᠷ ᠳᠠᠭᠤᠷᠢᠶᠠᠯ ᠪᠤᠯᠤᠨ᠂ ᠤᠳᠠᠭ᠎ᠠ ᠪᠣᠯᠭᠠᠨ ᠠᠯᠪᠠᠨ ᠠᠵᠢᠯ ᠢᠶᠠᠷ ᠭᠠᠳᠠᠭᠰᠢ ᠭᠠᠷᠬᠤ ᠳᠤ ᠪᠦᠷ ᠬᠠᠮᠤᠭ ᠤᠨ ᠬᠢᠮᠳᠠ ᠪᠠᠭᠤᠳᠠᠯ ᠳᠤ ᠰᠠᠭᠤᠵᠤ᠂ ᠳᠥᠭᠦᠮ ᠬᠤᠭᠤᠯᠠ ᠢᠳᠡᠳᠡᠭ᠃ ᠲᠡᠷᠡ ᠪᠠᠰᠠ᠄ ︽ᠠᠷᠪᠢᠯᠠᠬᠤ ᠳᠤ ᠠᠮᠠᠰᠠᠷ ᠠᠴᠠ ᠨᠢ ᠭᠡᠭᠴᠢ ᠪᠠᠷ᠂ ᠵᠣᠭᠤᠰ ᠢᠶᠠᠨ ᠡᠮ ᠡᠮᠨᠡᠯᠭᠡ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠬᠡᠷᠡᠭᠯᠡᠪᠡᠯ᠂ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠠᠶᠢᠲᠤᠷ ᠬᠥᠭᠵᠢᠭᠦᠯᠵᠤ ᠠᠷᠠᠳ ᠢᠷᠭᠡᠳ ᠰᠠᠶ᠋ᠢ ᠨᠡᠩ ᠰᠠᠶᠢᠨ ᠠᠰᠢᠭ ᠬᠦᠷᠲᠡᠵᠦ ᠴᠢᠳᠠᠨ᠎ᠠ︾ ᠭᠡᠵᠦ ᠦᠷᠭᠦᠯᠵᠢ ᠬᠡᠯᠡᠳᠡᠭ᠃ ᠲᠡᠭᠦᠨ ᠤ ᠳᠠᠭᠠᠭᠤᠯᠭ᠎ᠠ ᠪᠠᠷ ᠪᠠᠶᠢᠭᠤᠯᠭ᠎ᠠ ᠶᠢᠨ ᠺᠠᠳ᠋ᠷ ᠠᠵᠢᠯᠲᠠᠨ ᠠᠵᠢᠯᠴᠢᠨ ᠴᠥᠮ ᠠᠵᠢᠯᠴᠢ ᠠᠷᠪᠢᠴᠢ ᠪᠠᠷ ᠠᠵᠢᠯᠯᠠᠵᠤ᠂ ᠵᠢᠯ ᠪᠦᠷᠢ ᠡᠷᠡᠭᠦᠯ ᠬᠠᠮᠠᠭᠠᠯᠠᠯ ᠤᠨ  ᠬᠤᠷᠢᠶᠠᠨ  ᠳᠤ ᠶᠡᠭᠡ ᠬᠡᠮᠵᠢᠶᠡᠨ ᠤ ᠵᠠᠷᠤᠯᠭ᠎ᠠ ᠶᠢ ᠠᠷᠪᠢᠯᠠᠵᠤ ᠦᠭᠴᠤ ᠪᠠᠶᠢᠨ᠎ᠠ᠃    ᠡᠳᠦᠭᠡ ᠪᠠᠶ᠋ᠬᠠᠤᠯᠠᠭᠠᠨ ᠰᠣᠮᠣ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠬᠥᠭᠵᠢᠭᠡᠳ 21000 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ 50 ᠡᠪᠡᠳᠴᠢᠲᠡᠨ ᠤ ᠣᠷᠣ ᠲᠠᠢ᠂ 16 ᠡᠮᠴᠢᠯᠡᠭᠡᠨ ᠤ ᠰᠠᠯᠠᠭ᠎ᠠ ᠲᠠᠰᠤᠭ ᠲᠠᠢ ᠪᠦᠭᠡᠳ ᠲᠤᠬᠠᠢ ᠶᠢᠨ ᠭᠠᠵᠠᠷ ᠵᠢᠴᠢ ᠤᠶᠢᠷ᠎ᠠ ᠬᠠᠪᠢ ᠶᠢᠨ 2 ᠲᠦᠮᠡ ᠭᠠᠷᠤᠢ ᠬᠥᠮᠥᠨ ᠤ ᠡᠮᠨᠡᠯᠭᠡ᠂ ᠰᠡᠷᠭᠡᠶᠢᠯᠡᠯᠲᠡ᠂ ᠡᠷᠡᠭᠦᠯᠵᠢᠯ ᠤᠨ ᠡᠭᠦᠷᠭᠡ ᠶᠢ ᠡᠭᠦᠷᠭᠡᠯᠡᠵᠤ ᠪᠠᠶᠢᠨ᠎ᠠ᠃ 2022 ᠣᠨ ᠳᠤ᠂  ᠪᠠᠶ᠋ᠬᠠᠤᠯᠠᠭᠠᠨ ᠰᠣᠮᠣ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ︽ᠦᠨᠳᠦᠰᠦᠨ ᠱᠠᠲᠤᠨ ᠤ  ᠰᠢᠯᠢᠳᠡᠭ ᠦᠢᠯᠡᠴᠢᠯᠡᠭᠡᠨ ᠤ ᠠᠶᠠᠯᠠᠯ︾ ᠤᠨ ᠠᠵᠢᠯᠯᠠᠭ᠎ᠠ ᠳᠤ ᠲᠠᠨᠢᠯᠴᠠᠭᠤᠯᠬᠤ ᠪᠠᠷᠢᠮᠵᠢᠶ᠎ᠠ ᠳᠤ ᠬᠦᠷᠴᠦ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ   ᠶᠢᠨ ᠰᠠᠶᠢᠰᠢᠶᠠᠯ ᠢ ᠬᠦᠷᠲᠡᠭᠰᠡᠨ ᠪᠠᠶᠢᠨ᠎ᠠ᠃    ᠲᠦᠷᠦᠭᠦᠬᠡᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠠᠵᠠᠷ ᠂ ᠳᠤᠮᠳᠠᠳᠤ ᠤᠯᠤᠰ ᠤᠨ ᠬᠥᠮᠥᠨ ᠠᠮᠠ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠱᠠᠩᠬᠠᠢ ᠶᠢᠨ ᠹᠦ᠋ ᠰᠢᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠭᠰᠡᠨ ︽2023 ᠣᠨ ᠤ ᠰᠡᠳᠬᠢᠯ ᠢ ᠲᠤᠯᠠᠭᠠᠴᠠᠭᠤᠯᠬᠤ ᠬᠥᠳᠡᠭᠡ ᠲᠣᠰᠬᠤᠨ ᠤ ᠡᠮᠴᠢ︾ ᠶᠢᠨ ᠵᠢᠱᠢᠶ᠎ᠡ ᠡᠯᠰᠡᠬᠦ ᠠᠵᠢᠯᠯᠠᠭ᠎ᠠ ᠳᠤ ᠪᠠᠢ ᠢᠦᠢ ᠯᠦᠩ ︽ᠰᠡᠳᠬᠢᠯ ᠢ ᠲᠤᠯᠠᠭᠠᠴᠠᠭᠤᠯᠤᠭᠰᠠᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ︾ ᠪᠠᠷ ᠵᠢᠱᠢᠶ᠎ᠡ ᠪᠠᠷ ᠰᠤᠩᠭᠤᠭᠳᠠᠵᠠᠢ᠃     ︽ ᠪᠢ ᠡᠨᠡᠬᠦ ᠡᠬᠡ ᠨᠤᠳᠤᠭ ᠢᠶᠠᠨ ᠬᠠᠶᠢᠷᠠᠯᠠᠨ᠎ᠠ᠂ ᠨᠤᠳᠤᠭ ᠤᠨ ᠠᠷᠠᠳ ᠤᠯᠠᠨ ᠤ ᠡᠷᠡᠭᠦᠯ ᠮᠡᠨᠳᠣ ᠶᠢᠨ ᠲᠦᠯᠦᠭᠡ ᠪᠢ ᠨᠠᠰᠣ ᠪᠠᠷ ᠢᠶᠠᠨ ᠵᠢᠳᠭᠦᠨ᠎ᠡ︾ ᠭᠡᠵᠦ ᠪᠠᠢ ᠢᠦᠢ ᠯᠦᠩ ᠬᠡᠯᠡᠪᠡ᠃                                                    ᠸᠠᠩ ᠬᠤᠩ ᠪᠦᠸᠧ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号