ᠦᠬᠡᠷ ᠤᠨ ᠠᠵᠤ ᠦᠢᠯᠡᠰ ᠢ ᠬᠦᠭᠵᠢᠬᠦᠯᠵᠤ ᠤᠯᠠᠨ ᠲᠦᠮᠡᠨ ᠤ ᠠᠮᠢᠳᠤᠷᠠᠯ ᠢ ᠦᠭᠡᠳᠡᠯᠡᠬᠦᠯᠤᠨ᠎ᠠ
ᠨᠡᠶᠢᠲᠡᠯᠡᠭᠰᠡᠨ ᠴᠠᠭ᠄
2023/12/1
     ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠪᠠᠶᠠᠬᠤᠯᠠᠭᠠᠨ ᠰᠤᠮᠤ ᠤᠬᠢ ᠰᠠᠶᠢᠨ ᠡᠬᠢ ᠪᠡᠶᠡᠯᠢᠬ ᠪᠠ ᠠᠵᠤ ᠦᠢᠯᠡᠰ ᠤᠨ ᠰᠠᠭᠤᠷᠢᠨ ᠳᠤ ᠲᠦᠰᠢᠭᠯᠡᠨ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠠ ᠶᠢ ᠲᠦᠷᠭᠡᠳᠭᠡᠭᠡᠳ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠢ ᠨᠡᠮᠡᠭᠳᠡᠭᠦᠯᠵᠤ ᠠᠮᠢᠳᠤᠷᠠᠯ ᠢ ᠨᠢ ᠦᠭᠡᠳᠡᠯᠡᠭᠦᠯᠵᠤ ᠪᠤᠢ᠃     ᠪᠠᠶᠠᠬᠤᠯᠠᠭᠠᠨ ᠭᠠᠴᠠᠭᠠᠨ ᠤ ᠰᠠᠶᠢᠵᠢᠷᠠᠬᠤ ᠶᠢᠨ ᠬᠢᠨ 40 ᠭᠠᠷᠤᠢ ᠰᠠᠶᠢᠨ ᠡᠭᠦᠯᠳᠡᠷ ᠤᠨ ᠮᠠᠯ ᠲᠡᠵᠢᠭᠡᠵᠤ᠂ ᠲᠤᠬᠠᠢ ᠶᠢᠨ ᠭᠠᠵᠠᠷ ᠲᠠᠭᠠᠨ ᠨᠡᠷᠡᠳᠠᠢ ᠮᠠᠯ ᠲᠡᠵᠢᠭᠡᠬᠦ ᠴᠢᠳᠠᠪᠤᠷᠢᠳᠠᠨ ᠪᠠᠶᠢᠵᠤ᠂ ᠵᠢᠯ ᠤᠨ ᠤᠷᠤᠯᠭ᠎ᠠ ᠨᠢ 20 ᠲᠦᠮᠡᠨ ᠲᠦᠬᠦᠷᠢᠭ ᠠᠴᠠ ᠲᠡᠭᠡᠭᠰᠢ ᠬᠦᠷᠴᠤ ᠪᠤᠢ᠃ ᠰᠠᠶᠢᠵᠢᠷᠠᠬᠤ ᠲᠠᠢ ᠠᠳᠠᠯᠢ ᠪᠠᠷ ᠪᠠᠶᠠᠬᠤᠪᠤᠭ᠎ᠠ ᠭᠠᠴᠠᠭᠠᠨ ᠤ ᠬᠠᠶᠠᠭ᠎ᠠ ᠶᠢᠨ ᠬᠢᠨ ᠤᠯᠠᠨ ᠵᠢᠯ ᠤᠨ ᠲᠠᠷᠢᠵᠤ ᠲᠡᠵᠢᠭᠡᠬᠦ ᠲᠤᠷᠰᠢᠯᠭ᠎ᠠ ᠳᠠᠭᠠᠨ ᠲᠦᠰᠢᠭᠯᠡᠨ ᠤᠶᠢᠷ᠎ᠠ ᠬᠠᠪᠢ ᠶᠢᠨ ᠬᠦᠮᠤᠰ ᠢ ᠲᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠯ᠎ᠠ᠃     ᠬᠠᠶᠠᠭ᠎ᠠ ᠶᠢᠨ ᠬᠢᠨ ᠳᠤ ᠬᠦᠷᠪᠠᠯ᠂ ᠲᠡᠷᠠ ᠡᠬᠡᠨᠡᠷ ᠲᠠᠢ ᠪᠠᠨ ᠮᠠᠯ ᠢᠶᠠᠨ ᠡᠪᠡᠰᠦᠯᠡᠵᠤ ᠪᠠᠶᠢᠯ᠎ᠠ᠃ ᠲᠡᠷᠠ 20 ᠨᠠᠰᠤ ᠠᠴᠠ ᠪᠠᠨ ᠡᠬᠢᠯᠡᠨ ᠮᠠᠯ ᠲᠡᠵᠢᠭᠡᠵᠤ᠂ ᠬᠠᠮᠤᠭ ᠲᠡᠷᠢᠬᠦᠨ ᠳᠤ ᠲᠡᠵᠢᠭᠡᠯ ᠪᠤᠷᠳᠤᠭ᠎ᠠ ᠲᠤᠬᠢᠷᠠᠭᠤᠯᠬᠤ᠂ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ᠂ ᠡᠭᠦᠯᠳᠡᠷ ᠰᠤᠩᠭᠤᠬᠤ ᠵᠡᠷᠭᠡ ᠲᠡᠵᠢᠭᠡᠨ ᠦᠷᠡᠵᠢᠬᠦᠯᠬᠦ ᠮᠡᠷᠭᠡᠵᠢᠯ ᠢ ᠤᠶᠢᠯᠠᠭᠠᠬᠤ ᠦᠭᠡᠢ ᠪᠠᠶᠢᠭᠰᠠᠨ ᠠᠴᠠ 20 ᠵᠢᠯ ᠤᠨ ᠰᠦᠪᠡᠭᠴᠢᠯᠡᠯᠳᠠ ᠪᠠᠷ ᠳᠠᠮᠵᠢᠨ ᠲᠡᠵᠢᠭᠡᠨ ᠦᠷᠡᠵᠢᠬᠦᠯᠬᠦ ᠬᠠᠰᠢᠷ ᠭᠠᠷ ᠪᠤᠯᠵᠤ᠂ ᠵᠢᠯ ᠪᠦᠷᠢ ᠪᠠᠭ᠎ᠠ ᠪᠤᠰᠤ ᠤᠷᠤᠯᠭ᠎ᠠ ᠤᠯᠵᠤ ᠪᠤᠢ᠃ ︽ᠮᠠᠨ ᠤ ᠬᠢᠨ 100 ᠭᠠᠷᠤᠢ ᠮᠠᠯ ᠲᠠᠢ᠂ ᠵᠢᠯ ᠳᠤ 50 ᠭᠠᠷᠤᠢ ᠲᠤᠭᠤᠯ ᠬᠤᠳᠠᠯᠳᠤᠵᠤ᠂ 30 ᠲᠦᠮᠡᠨ ᠲᠦᠬᠦᠷᠢᠭ ᠤᠷᠤᠯᠭ᠎ᠠ ᠲᠠᠢ︾ ᠭᠡᠵᠤ ᠬᠠᠶᠠᠭ᠎ᠠ ᠶᠠᠷᠢᠨ᠎ᠠ᠃ ᠬᠠᠶᠠᠭ᠎ᠠ ᠳᠤ ᠠᠪᠴᠤ ᠬᠡᠯᠡᠪᠡᠯ ︽ᠭᠠᠭᠴᠠ ᠬᠦᠮᠤᠨ ᠪᠠᠶᠠᠵᠢᠭᠠᠳ ᠪᠠᠶᠠᠵᠢᠭᠰᠠᠨ ᠳᠤ ᠲᠤᠭᠠᠴᠠᠭᠳᠠᠬᠤ ᠦᠭᠡᠢ︾᠂ ᠤᠶᠢᠷ᠎ᠠ ᠬᠠᠪᠢ ᠶᠢᠨ ᠬᠦᠮᠤᠰ ᠢᠶᠠᠨ ᠲᠠᠭᠠᠭᠤᠯᠤᠨ ᠬᠠᠮᠳᠤᠪᠠᠷ ᠪᠠᠶᠠᠵᠢᠬᠤ ᠪᠤᠯ ᠲᠡᠬᠦᠨ ᠤ ᠬᠦᠭᠡᠭᠡᠴᠡᠯᠳᠤᠯ ᠪᠤᠯᠤᠨ᠎ᠠ᠃ ᠬᠦᠷᠰᠢ ᠵᠡᠷᠭᠡᠯᠡᠳᠡᠭᠡ ᠰᠠᠭᠤᠵᠤ ᠪᠠᠶᠢᠭ᠎ᠠ ᠪᠤᠤ ᠳᠤ ᠶᠢᠨ ᠬᠢᠨ ᠮᠠᠯ ᠨᠢ ᠡᠪᠡᠰᠤ ᠢᠳᠡᠬᠦ ᠲᠤᠷᠠᠰᠢᠯ ᠮᠠᠭᠤ ᠪᠤᠯᠵᠤ᠂ ᠬᠠᠶᠠᠭ᠎ᠠ ᠶᠢ ᠡᠷᠢᠭᠰᠡᠨ ᠳᠤ ᠲᠡᠷᠠ ᠲᠠᠷᠤᠢ ᠳᠤᠨᠢ ᠡᠪᠡᠳᠴᠢᠨ ᠤ ᠰᠢᠯᠳᠠᠭᠠᠨ ᠢ ᠨᠢ ᠲᠤᠳᠤᠯᠠᠵᠤ ᠵᠠᠰᠠᠨ ᠡᠳᠡᠭᠡᠷᠡᠬᠦᠯᠵᠠᠢ᠃ ᠭᠠᠴᠠᠭᠠᠨ ᠤ ︽ᠮᠠᠯ ᠲᠡᠵᠢᠭᠡᠬᠦ ᠮᠡᠷᠭᠡᠵᠢᠯᠳᠡᠨ︾ ᠪᠤᠯᠤᠭᠰᠠᠨ ᠤ ᠬᠤᠪᠢ ᠳᠤ᠂ ᠬᠠᠶᠠᠭ᠎ᠠ ᠦᠪᠠᠷ ᠤᠨ ᠲᠡᠵᠢᠭᠡᠨ ᠦᠷᠡᠵᠢᠬᠦᠯᠬᠦ ᠮᠡᠷᠭᠡᠵᠢᠯ ᠢᠶᠠᠨ ᠵᠢᠭᠠᠵᠤ᠂ ᠤᠯᠠᠨ ᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠬᠦ ᠶᠢ ᠰᠠᠨᠠᠭᠠᠴᠢᠯᠠᠭ᠎ᠠ ᠠᠴᠠ ᠪᠠᠨ ᠵᠢᠭᠠᠨ ᠵᠢᠯᠤᠭᠤᠳᠤᠳᠠᠭ᠃     ᠰᠠᠶᠢᠵᠢᠷᠠᠬᠤ᠂ ᠬᠠᠶᠠᠭ᠎ᠠ ᠮᠢᠬᠠᠨ ᠦᠬᠡᠷ ᠲᠡᠵᠢᠭᠡᠵᠤ ᠪᠠᠶᠠᠵᠢᠯ ᠤᠨ ᠵᠠᠮ ᠢᠶᠠᠨ ᠡᠯᠬᠦᠭᠰᠡᠨ ᠦᠩᠭᠡᠷᠡᠯᠳᠠ ᠨᠢ ᠪᠠᠶᠠᠬᠤᠯᠠᠭᠠᠨ ᠭᠠᠴᠠᠭᠠᠨ ᠤ ᠮᠠᠯᠴᠢᠨ ᠲᠠᠷᠢᠶᠠᠴᠢᠳ ᠲᠤ ᠵᠢᠱᠢᠶᠡᠴᠢ ᠦᠢᠯᠡᠳᠤᠯ ᠦᠵᠡᠬᠦᠯᠵᠤ᠂ ᠮᠢᠬᠠᠨ ᠦᠬᠡᠷ ᠲᠡᠵᠢᠭᠡᠬᠦ ᠠᠵᠤ ᠦᠢᠯᠡᠰ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠬᠦ ᠶᠢᠨ ᠬᠠᠮᠳᠤ ᠤᠶᠢᠷ᠎ᠠ ᠬᠠᠪᠢ ᠶᠢᠨ ᠮᠠᠯᠴᠢᠨ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠬᠦ ᠶᠢ ᠵᠢᠯᠤᠭᠤᠳᠤᠨ᠂ ᠨᠡᠩ ᠤᠯᠠᠨ ᠬᠦᠮᠤᠰ ᠤᠨ ᠪᠠᠶᠠᠵᠢᠯ ᠤᠨ ᠵᠠᠮ ᠢᠶᠠᠷ ᠵᠠᠮᠨᠠᠬᠤ ᠶᠢ ᠲᠠᠶᠢᠴᠢᠯᠠᠯ᠎ᠠ᠃    ᠤᠳᠤᠬᠠᠨ ᠪᠤᠯᠳᠠᠯ᠎ᠠ᠂ ᠪᠠᠶᠠᠬᠤᠯᠠᠭᠠᠨ ᠰᠤᠮᠤᠨ ᠤ ᠮᠠᠯ ᠤᠨ ᠲᠤᠭ᠎ᠠ 3 ᠲᠦᠮᠠ ᠪᠠᠶᠢᠭᠰᠠᠨ ᠠᠴᠠ 9 ᠲᠦᠮᠠ ᠭᠠᠷᠤᠢ ᠪᠤᠯᠤᠨ ᠨᠡᠮᠡᠭᠳᠡᠵᠤ᠂ ᠡᠬᠦᠯᠳᠡᠷ ᠰᠠᠶᠢᠵᠢᠷᠠᠭᠤᠯᠤᠭᠰᠠᠨ ᠮᠠᠯ ᠤᠨ ᠲᠤᠭ᠎ᠠ 7 ᠲᠦᠮᠠ ᠪᠤᠯᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠰᠢᠨ᠎ᠠ ᠬᠦᠳᠡᠯᠭᠡᠭᠴᠢ ᠬᠦᠴᠤᠨ ᠨᠡᠮᠡᠷᠢᠯᠡᠵᠠᠢ᠃                                   ︵ᠨᠤᠮᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号