ᠨᠦᠬᠦᠷᠰᠡᠭ ᠬᠠᠮᠵᠢᠯᠴᠠᠭ᠎ᠠ ᠠᠴᠠ ᠬᠦᠭᠵᠢᠯᠳᠡ ᠶᠢᠨ ᠠᠶᠠᠯᠭᠤ ᠴᠤᠤᠷᠢᠶᠠᠳᠤᠨ᠎ᠠ
ᠨᠡᠶᠢᠲᠡᠯᠡᠭᠰᠡᠨ ᠴᠠᠭ᠄
2023/12/1
         ︽ᠬᠠᠷ᠎ᠠ ᠳᠡᠯᠳᠡᠦ ᠶᠢᠨ ᠠᠵᠤ ᠦᠢᠯᠡᠰ ᠨᠠᠳᠠ ᠶᠢ ᠵᠢᠯ ᠳᠤ 4 ᠲᠦᠮᠡ ᠭᠠᠷᠤᠢ ᠲᠥᠭᠦᠷᠢᠭ ᠤᠨ ᠣᠷᠣᠯᠭ᠎ᠠ ᠲᠠᠢ ᠪᠣᠯᠭᠠᠵᠤ᠂ ᠠᠮᠢᠳᠤᠷᠠᠯ ᠤᠯᠠᠮ ᠠᠴᠠ ᠤᠯᠠᠮ ᠡᠷᠡᠮᠡᠯᠵᠡᠯ ᠲᠠᠢ ᠪᠣᠯᠵᠠᠢ︾ ᠭᠡᠵᠦ ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠤᠨ ᠤ ᠵᠢᠷᠦᠬᠡᠨ ᠭᠠᠴᠠᠭᠠᠨ ᠤ ᠠᠷᠠᠳ ᠸᠠᠩ ᠱᠦᠨ ᠪᠠᠶᠠᠷᠳᠠᠢ ᠬᠡᠯᠡᠨ᠎ᠠ᠃ᠣᠶᠢᠷ᠎ᠠ ᠶᠢᠨ ᠵᠢᠯ ᠳᠤ᠂ ᠵᠠᠯᠠᠶᠢᠳ ᠬᠤᠰᠢᠭᠤᠨ ᠤ ᠷᠦᠢ ᠴᠢᠦ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠶᠢ ᠠᠰᠢᠭᠯᠠᠨ᠂ ᠬᠠᠷ᠎ᠠ ᠳᠡᠯᠳᠡᠦ ᠶᠢᠨ ᠠᠵᠤ ᠦᠢᠯᠡᠰ ᠤᠨ ᠬᠡᠯᠬᠢᠶ᠎ᠡ ᠶᠢ ᠰᠢᠨᠵᠢᠯᠡᠬᠦ ᠤᠬᠠᠭᠠᠨᠴᠢᠯᠠᠬᠤ᠂ ᠲᠣᠭᠠᠴᠢᠯᠠᠬᠤ᠂ ᠤᠶᠤᠨᠴᠢᠯᠠᠬᠤ ᠶᠢ ᠪᠡᠶᠡᠯᠡᠭᠦᠯᠪᠡ᠃ ᠬᠠᠷ᠎ᠠ ᠳᠡᠯᠳᠡᠦ ᠶᠢᠨ ᠠᠵᠤ ᠦᠢᠯᠡᠰ ᠨᠢ ᠮᠦᠬᠦ ᠶᠢᠨ ᠰᠢᠳᠠᠮ ᠢ ᠦᠢᠯᠡᠳᠪᠦᠷᠢᠯᠡᠬᠦ᠂ ᠪᠤᠶᠢᠵᠢᠭᠤᠯᠬᠤ᠂ ᠤᠶᠤᠨᠴᠢᠯᠠᠨ ᠬᠠᠮᠢᠶᠠᠷᠬᠤ᠂ ᠪᠣᠯᠪᠠᠰᠤᠷᠠᠭᠤᠯᠬᠤ᠂ ᠬᠠᠶᠠᠭᠳᠠᠮᠠᠯ ᠮᠦᠬᠦ ᠶᠢᠨ ᠰᠢᠳᠠᠮ ᠢ ᠲᠠᠬᠢᠨ ᠠᠰᠢᠭᠯᠠᠬᠤ ᠠᠵᠦ ᠦᠢᠯᠡᠰ ᠤᠨ ᠬᠡᠯᠬᠢᠶ᠎ᠠ ᠪᠤᠯᠭᠠᠨ ᠬᠦᠭᠵᠢᠬᠦᠯᠪᠡ᠃ ᠲᠤᠰ ᠲᠤᠰᠬᠠᠶ ᠬᠤᠷᠰᠢᠶ᠎ᠠ ᠶᠢ ᠪᠠᠰᠠ ᠤᠯᠤᠰ ᠤᠨ ᠲᠡᠰ ᠤᠨ ᠠᠵᠢᠯ ᠣᠯᠭᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠢᠶᠠᠷ ᠲᠣᠭᠲᠠᠭᠠᠪᠠ᠃
   ᠡ᠊ᠨᠡ ᠵᠢᠯ᠂ ᠪᠡᠭᠡᠵᠢᠩ ᠬᠤᠲᠠ ᠶᠢᠨ ᠹᠧᠩ ᠲᠠᠢ ᠲᠣᠭᠤᠷᠢᠭ ᠪᠣᠯᠤᠨ ᠵᠠᠯᠠᠶᠢᠳ ᠬᠤᠰᠢᠭᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠲᠠᠯ᠎ᠠ ᠶᠢᠨ᠂ ᠥᠨᠳᠥᠷ ᠬᠢᠷᠢ ᠲᠦᠪᠰᠢᠨ ᠲᠠᠢ ᠬᠠᠮᠵᠢᠯᠴᠠᠭᠠᠨ ᠤ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃     ︽ᠪᠢᠳᠡ ᠵᠠᠯᠠᠶᠢᠳ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠯᠥᠪᠵᠢᠭᠦᠯᠭᠡ ᠲᠠᠢ ᠤᠶᠠᠯᠳᠤᠭᠤᠯᠤᠨ᠂ ᠣᠷᠣᠨ ᠪᠦᠰᠡ ᠶᠢᠨ ᠨᠠᠷᠠᠲᠤ ᠲᠥᠷᠥᠯ ᠳᠡᠮᠳᠡᠭ ᠤᠨ ᠳᠦᠷᠢ ᠲᠥᠷᠬᠦ ᠶᠢ ᠱᠤᠭᠤᠵᠤ ᠤᠯᠠᠮᠵᠢᠯᠠᠬᠤ ᠠᠵᠢᠯᠯᠠᠭᠠᠨ ᠤ ᠲᠥᠯᠥᠪᠯᠡᠭᠡ ᠶᠢ ᠰᠦᠪᠡᠭᠴᠢᠯᠡᠨ ᠬᠡᠷᠡᠭᠵᠢᠭᠦᠯᠬᠦ ᠶᠢᠨ ᠬᠠᠮᠲᠤ ᠨᠠᠷᠠᠲᠤ ᠲᠥᠷᠥᠯ ᠳᠡᠮᠳᠡᠭ ᠤᠨ ᠨᠦᠯᠥᠭᠡᠯᠡᠬᠦ ᠬᠦᠴᠦᠨ ᠢ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠵᠤ ᠪᠠᠶᠢᠨ᠎ᠠ︾ ᠭᠡᠵᠦ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠶᠠᠩ ᠱᠥᠸᠧ ᠬᠡᠯᠡᠪᠡ᠃     ᠰᠣᠶᠣᠯ ᠵᠢᠭᠤᠯᠴᠢᠯᠠᠯ ᠲᠦᠷᠭᠡᠨ ᠬᠦᠭᠵᠢᠪᠡ᠃ ᠡᠨᠡ ᠵᠢᠯ ᠤᠨ ᠵᠤᠨ ᠨᠠᠮᠤᠷ ᠤᠨ ᠤᠯᠠᠷᠢᠯ ᠳᠤ᠂ ᠵᠠᠯᠠᠶᠢᠳ ᠬᠤᠰᠢᠭᠤᠨ ᠤ ᠪᠠᠶ᠋ᠬᠠᠤᠯᠠᠭᠠᠨ ᠰᠤᠮᠤ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠦᠵᠡᠮᠵᠢ ᠪᠣᠯᠤᠨ ᠰᠣᠶᠣᠯ ᠢᠷᠭᠡᠨᠰᠢᠯ ᠤᠨ ᠵᠠᠩ ᠦᠢᠯᠡ ᠪᠠᠷ ᠢᠶᠠᠨ ᠮᠠᠰᠢ ᠤᠯᠠᠨ ᠵᠢᠭᠤᠯᠴᠢᠯᠬᠠᠰᠠᠤᠨ ᠢ ᠲᠠᠲᠠᠵᠠᠢ᠃ ᠲᠣᠰ ᠰᠤᠮᠤᠨ ᠤ ᠪᠠᠶᠠᠨᠲᠠᠯ᠎ᠠ ᠭᠠᠴᠠᠭ᠎ᠠ ᠶᠢᠨ ᠪᠠᠶᠢᠭᠤᠯᠤᠨᠨᠰᠠᠨ ᠵᠢᠭᠤᠯᠴᠢᠯᠠᠯ ᠤᠨ ᠭᠠᠵᠠᠷ ᠨᠢ ᠬᠦᠮᠥᠰ ᠤᠨ ᠰᠡᠬᠦᠳᠡᠷ ᠳᠠᠳᠠᠵᠤ ᠳᠤᠷᠠᠰᠬᠠᠯ ᠦᠯᠡᠳᠡᠭᠡᠬᠦ ᠬᠠᠯᠠᠮᠰᠢᠯ ᠭᠠᠵᠠᠷ ᠪᠣᠯᠵᠣ᠂ 2023 ᠣᠨ ᠤ ᠳᠤᠮᠳᠠᠳᠤ ᠤᠯᠤᠰ ᠤᠨ ᠦᠵᠡᠰᠭᠦᠯᠡᠩᠲᠦ ᠰᠠᠶᠢᠬᠠᠨ ᠰᠡᠯᠡᠭᠦᠴᠡᠯ ᠵᠢᠭᠤᠯᠴᠢᠯᠠᠯ ᠤᠨ ᠬᠥᠳᠡᠭᠡ ᠲᠣᠰᠬᠤᠨ ᠢᠶᠠᠷ ᠰᠣᠩᠭᠤᠭᠳᠠᠵᠠᠶ᠃︽ᠪᠢᠳᠡ ᠠᠮᠢ ᠠᠬᠤᠢ᠂ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠳᠠᠪᠠᠭᠤᠯᠢᠭ ᠲᠤ ᠲᠦᠰᠢᠭᠯᠡᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢ 560 ᠲᠦᠮᠡᠨ ᠲᠥᠭᠦᠷᠢᠭ ᠭᠤᠶᠤᠴᠢᠯᠠᠨ ᠤᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠨᠨᠳᠦ ᠲᠦᠷᠦᠯ ᠳᠡᠮᠳᠡᠭ ᠢ ᠡᠭᠦᠳᠪᠡ᠃ ᠡᠨᠡᠬᠦ ᠠᠵᠠ ᠲᠤᠬᠢᠶᠠᠯ ᠢ ᠠᠰᠢᠨᠨᠯᠠᠨ ᠵᠢᠭᠤᠯᠴᠢᠯᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠵᠤ᠂ ᠪᠦᠬᠦ ᠭᠡᠷ ᠢᠶᠠᠷ ᠢᠶᠠᠨ ᠵᠢᠭᠤᠯᠴᠢᠯᠠᠬᠤ᠂ ᠬᠤᠨᠣᠭᠯᠠᠬᠤ ᠵᠡᠷᠭᠡ ᠨᠢᠭᠡ ᠦᠷᠳᠡᠭᠡ ᠶᠢᠨ ᠬᠡᠯᠪᠡᠷᠢ ᠲᠠᠢ ᠠᠮᠢ ᠠᠬᠤᠢ ᠶᠢᠨ ᠵᠢᠭᠤᠯᠴᠢᠯᠠᠯ ᠰᠡᠯᠡᠭᠦᠴᠡᠯ ᠤᠨ ᠣᠷᠣᠨ ᠢ ᠠᠯᠬᠤᠮ ᠠᠯᠬᠤᠮ ᠢᠶᠠᠷ ᠪᠠᠶᠢᠭᠤᠯᠤᠨ᠎ᠠ  ︾ ᠭᠡᠵᠦ ᠪᠠᠶ᠋ᠬᠠᠤᠯᠠᠭᠠᠨ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠤᠷᠬᠢᠯ ᠬᠡᠯᠡᠪᠡ᠃     ᠤᠰᠤᠨ ᠲᠤᠲᠤᠷᠭ᠎ᠠ ᠶᠢᠨ ᠠᠵᠤ ᠦᠢᠯᠡᠰ ᠪᠠᠶᠠᠵᠢᠯ ᠤᠨ ᠰᠠᠭᠤᠷᠢ ᠪᠤᠯᠪᠠ᠃ ︽ᠮᠠᠨ ᠤ ᠠᠵᠤ ᠠᠬᠤᠶᠢᠯᠠᠯ ᠤᠨ ᠰᠠᠷ᠎ᠠ ᠪᠦᠷᠢ ᠶᠢᠨ ᠪᠡᠭᠡᠵᠢᠩ ᠳᠤ ᠪᠣᠷᠣᠯᠠᠭᠤᠯᠵᠤ ᠪᠠᠶᠢᠭ᠎ᠠ ᠲᠤᠲᠤᠷᠭ᠎ᠠ 200 ᠲᠣᠨ ᠣᠷᠴᠢᠮ ᠪᠠᠶᠢᠵᠤ᠂ ᠪᠣᠷᠣᠯᠠᠭᠤᠯᠭ᠎ᠠ ᠮᠠᠰᠢ ᠰᠠᠶᠢᠨ ᠪᠠᠶᠢᠨ᠎ᠠ᠂ ᠮᠠᠨ ᠤ ᠲᠤᠲᠤᠷᠭ᠎ᠠ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠵᠤ ᠢᠷᠡᠨ᠎ᠡ ᠭᠡᠵᠦ ᠪᠤᠳᠤᠵᠤ ᠤᠯᠤᠭᠰᠠᠨ ᠦᠬᠡᠢ᠂ ᠪᠢᠳᠡ ᠪᠣᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠬᠠᠮᠤᠭ ᠤᠨ ᠶᠡᠭᠡ ᠠᠰᠢᠭ ᠬᠦᠷᠳᠡᠭᠴᠢ ᠪᠣᠯᠤᠨ᠎ᠠ︾ ᠭᠡᠵᠦ ᠵᠠᠯᠠᠶᠢᠳ ᠬᠤᠰᠢᠭᠤᠨ ᠤ ᠸᠧᠢ ᠵᠢᠶᠠ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠧᠢ ᠵᠢᠶᠠᠨ ᠮᠢᠩ ᠬᠡᠯᠡᠪᠡ᠃
     ᠹᠧᠩ ᠲᠠᠢ ᠲᠣᠭᠤᠷᠢᠭ ᠤᠨ ᠵᠠᠬ᠎ᠠ ᠳᠡᠯᠭᠡᠭᠦᠷ ᠤᠨ ᠡᠬᠢ ᠪᠠᠶᠠᠯᠢᠭ ᠲᠤ ᠲᠦᠰᠢᠭᠯᠡᠨ᠂ ᠵᠠᠯᠠᠶᠢᠳ ᠬᠤᠰᠢᠭᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠭᠤᠯᠬᠤ ᠶᠢ ᠪᠡᠶᠡᠯᠡᠬᠦᠯᠵᠤ᠂ ︽ᠹᠧᠩ · ᠯᠠᠢ︾ ᠠᠮᠢ ᠠᠬᠤᠢ ᠶᠢᠨ ᠲᠤᠲᠤᠷᠭ᠎ᠠ ᠶᠢᠨ ᠬᠦᠷᠢᠶᠡᠯᠡᠩ ᠤᠨ ᠲᠦᠷᠦᠯ ᠲᠡᠮᠳᠡᠭ ᠢ ᠡᠭᠦᠳᠴᠦ᠂ ᠵᠢᠩ ᠢᠶᠠᠷ ᠬᠤᠳᠠᠯᠳᠤᠬᠤ ᠶᠢ ︽ᠴᠢᠨᠠᠷᠲᠠᠢ︾ ᠪᠠᠷ ᠬᠤᠳᠠᠯᠳᠤᠬᠤ ᠪᠣᠯᠭᠠᠨ ᠬᠤᠪᠢᠷᠠᠭᠤᠯᠵᠤ᠂ ᠮᠦ ᠪᠦᠷᠢ ᠶᠢᠨ ᠶᠢᠨ ᠤᠨᠠᠯᠳᠠ ᠶᠢ ᠲᠡᠭᠡᠭᠰᠢᠯᠡᠭᠦᠯᠤᠨ᠂ 276 ᠲᠠᠷᠢᠮᠠᠯ ᠤᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠣᠳᠣᠬᠠᠨ ᠳᠤ ᠵᠠᠬᠢᠶᠠᠯᠠᠠ ᠬᠤᠳᠠᠯᠳᠤᠵᠦ ᠪᠠᠶᠢᠭ᠎ᠠ ᠲᠤᠳᠤᠷᠭ᠎ᠠ ᠶᠢᠨ ᠲᠠᠯᠠᠪᠠᠢ ᠨᠢᠭᠡᠨᠲᠡ 8600 ᠮᠦ ᠶᠢ ᠳᠠᠪᠠᠭᠰᠠᠨ ᠪᠠᠶᠢᠨ᠎ᠠ᠃    ︽ᠡᠨᠡ ᠵᠢᠯ ᠤᠨ ︿ᠬᠢᠩᠭᠠᠨ ᠤ ᠭᠠᠷᠤᠯᠳᠠ ᠶᠢ ᠰᠠᠨᠠᠭ᠎ᠠ ᠠᠮᠥᠷ ᠰᠤᠩᠭᠤᠬᠤ﹀ ᠬᠢᠩᠭᠠᠨ ᠠᠶᠢᠮᠠᠭ ᠤᠨ ᠠᠮᠢ ᠠᠬᠤᠢ ᠶᠢᠨ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ ᠳᠡᠭᠡᠷ᠎ᠡ᠂ ᠪᠢᠳᠡ 530 ᠲᠦᠮᠡᠨ ᠲᠥᠭᠦᠷᠢᠭ ᠤᠨ ᠵᠠᠬᠢᠶᠠᠯᠠᠭ᠎ᠠ ᠲᠤᠭᠲᠠᠵᠠᠢ︾ ᠭᠡᠵᠦ ᠵᠠᠯᠠᠶᠢᠳ ᠬᠤᠰᠢᠭᠤᠨ ᠤ ᠴᠤᠤᠯ ᠶᠢᠨ ᠵᠦ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠫᠢᠶᠣᠣ ᠵᠧ ᠵᠢᠶᠦ᠋ᠨ ᠬᠡᠯᠡᠪᠡ᠃     ᠡᠮ ᠡᠮᠨᠡᠯᠭᠡ ᠰᠤᠷᠭᠠᠨ ᠬᠥᠮᠦᠵᠢᠯ ᠨᠢ ︽ᠰᠢᠨ᠎ᠡ ᠠᠮᠢᠵᠢᠷᠠᠯ ᠤᠨ ᠬᠦᠴᠦᠨ︾ ᠢ ᠬᠥᠭᠵᠢᠭᠡᠪᠡ᠃ ᠣᠶᠢᠷ᠎ᠠ ᠳᠤ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ 70 ᠨᠠᠰᠤᠲᠠᠶ ᠵᠢᠷᠥᠭᠡᠨ ᠤ ᠴᠢᠰᠤᠨ ᠰᠤᠳᠠᠯ ᠤᠨ ᠡᠪᠡᠳᠴᠢᠲᠡᠨ ᠢ ᠭᠥᠯᠢᠶᠡᠨ ᠠᠪᠴᠠᠶ᠃ ᠡᠪᠡᠳᠴᠢᠲᠡᠨ ᠤ ᠵᠢᠷᠦᠬᠡ ᠴᠢᠰᠤᠨ ᠰᠤᠳᠠᠯ ᠤᠨ ᠠᠰᠠᠭᠤᠳᠠᠯ ᠳᠤ ᠴᠢᠭᠯᠡᠭᠦᠯᠦᠨ᠂ ᠹᠧᠩ ᠲᠠᠢ ᠲᠣᠭᠤᠷᠢᠭ ᠤᠨ ᠡᠮᠴᠢᠯᠡᠭᠡᠨ ᠤ ᠬᠠᠪᠰᠤᠷᠤᠨ ᠲᠡᠳᠬᠦᠬᠦ ᠪᠦᠯᠬᠦᠮ ᠤᠨ ᠳᠠᠭᠠᠭᠤᠯᠤᠭᠴᠢ ᠵᠠᠩ ᠸᠧᠨ ᠬᠠᠮᠲᠤᠷᠠᠨ ᠣᠨᠣᠰᠢᠯᠠᠬᠤ ᠭᠤᠶᠤᠴᠢᠯᠠᠯ ᠭᠠᠷᠭᠠᠵᠤ᠂ ᠪᠡᠭᠡᠵᠢᠩ ᠤᠨ ᠹᠧᠩ ᠲᠠᠢ ᠡᠮᠨᠡᠯᠭᠡ ᠶᠢᠨ ᠬᠤᠷᠢᠶᠠᠨ ᠤ ᠵᠢᠷᠦᠬᠡᠨ ᠤ ᠬᠤᠶᠠᠳᠤᠭᠠᠷ ᠰᠠᠯᠠᠭᠠᠨ ᠤ ᠡᠷᠬᠢᠯᠡᠭᠴᠢ ᠰᠢᠶᠦ᠋ᠩ ᠶᠦᠩ ᠬᠤᠩ ᠢ ᠤᠷᠢᠵᠤ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠵᠤ᠂ ᠲᠣᠰ ᠡᠪᠡᠳᠴᠢᠲᠡᠨ ᠳᠤ ᠡᠮᠴᠢᠯᠡᠭᠡᠨ ᠤ ᠲᠥᠰᠦᠯ ᠲᠣᠭᠲᠠᠭᠠᠵᠤ ᠥᠭᠴᠡᠶ
    ︽ᠪᠢᠳᠡ ᠪᠡᠭᠡᠵᠢᠩ ᠬᠤᠲᠠ ᠶᠢᠨ ᠹᠧᠩ ᠲᠠᠢ ᠲᠣᠭᠤᠷᠢᠭ ᠤᠨ ᠡᠮᠴᠢᠯᠡᠭᠡᠨ ᠤ ᠬᠠᠪᠰᠤᠷᠤᠨ ᠲᠡᠳᠬᠦᠬᠦ ᠳᠠᠪᠠᠭᠤᠯᠢᠭ ᠲᠤ ᠲᠦᠰᠢᠭᠯᠡᠨ᠂ ᠪᠡᠭᠡᠵᠢᠩ ᠥᠪᠥᠷ ᠮᠣᠩᠭᠤᠯ ᠤᠨ ᠢᠨᠲ᠋ᠧᠷ ᠰᠦᠯᠵᠢᠶᠡᠨ ᠤ ᠡᠮᠴᠢᠯᠡᠭᠡ᠂ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ ᠵᠡᠷᠭᠡ ᠦᠢᠯᠡᠴᠢᠯᠡᠭᠡ ᠶᠢ ᠪᠥᠬᠦ ᠲᠠᠯ᠎ᠠ ᠪᠠᠷ ᠥᠷᠨᠢᠭᠦᠯᠵᠦ᠂ 5 ᠡᠮᠴᠢᠯᠡᠭᠡᠨ ᠤ ᠨᠠᠷᠠᠲᠤ ᠲᠡᠮᠳᠡᠭ ᠢ ᠪᠤᠢ ᠪᠤᠯᠭᠠᠵᠤ᠂ ᠨᠢᠭᠡ ᠪᠦᠯᠦᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠂ ᠨᠢᠭᠡ ᠪᠦᠯᠦᠭ ᠡᠮᠴᠢᠯᠡᠭᠡᠨ ᠤ ᠮᠡᠷᠭᠡᠵᠢᠯ ᠤᠨ ᠬᠤᠭᠤᠰᠣᠨ ᠢ ᠨᠥᠬᠦᠪᠥᠷᠢᠯᠡᠵᠦ᠂ ᠨᠢᠭᠡ ᠪᠦᠯᠦᠭ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠡᠮᠴᠢᠯᠡᠭᠡᠨ ᠤ ᠶᠠᠰᠤ ᠴᠢᠨᠠᠷ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ︾ ᠭᠡᠵᠦ ᠶᠠᠩ ᠱᠥᠸᠧ ᠲᠠᠨᠢᠯᠴᠠᠭᠤᠯᠤᠨ ᠬᠡᠯᠡᠪᠡ᠃     ᠵᠠᠯᠠᠶᠢᠳ ᠬᠤᠰᠢᠭᠤᠨ ᠤ ᠢᠨᠳᠡᠷ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠭᠡᠰᠢᠭᠦᠨ᠂ ᠢᠨᠳᠡᠷ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠬᠤ᠋ ᠰᠢᠶᠤᠤ ᠮᠧᠩ ᠪᠡᠭᠡᠵᠢᠩ ᠤᠨ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠪᠠ ᠠᠷᠭ᠎ᠠ ᠬᠡᠯᠪᠡᠷᠢ ᠪᠠᠷ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠷ ᠰᠠᠶᠢᠨ᠂ ᠪᠠᠭᠰᠢ ᠶᠢᠨ ᠡᠩᠨᠡᠭᠡ ᠪᠣᠯᠪᠠᠰᠤᠷᠠᠩᠭᠤᠶ᠂ ᠨᠠᠰᠤᠨ ᠤ ᠪᠦᠲᠦᠴᠡ ᠵᠣᠬᠢᠰᠲᠠᠶ ᠪᠠᠭᠰᠢ ᠶᠢᠨ ᠡᠩᠨᠡᠭᠡ ᠶᠢ ᠪᠠᠶᠢᠭᠤᠯᠤᠭᠰᠠᠨ ᠪᠠᠶᠢᠨ᠎ᠠ᠃ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠭᠠᠭᠤᠯᠢ ᠶᠢᠨ ᠵᠠᠬᠢᠷᠤᠯ ᠪᠣᠯᠤᠭᠰᠠᠨ ᠰᠦᠨ  ᠹᠧᠩ ᠪᠠᠰᠠ ᠲᠤᠰᠢᠶᠠᠯ ᠳᠤ ᠭᠠᠷᠤᠭᠰᠠᠨ ᠤ ᠪᠠᠨ ᠳᠠᠷᠠᠭ᠎ᠠ ᠲᠡᠷᠡ ᠳᠠᠷᠤᠶ ᠤᠨᠴᠠᠯᠢᠬᠳᠤ ᠲᠤᠰᠬᠠᠶ ᠮᠡᠷᠭᠡᠵᠢᠯ ᠢ ᠬᠥᠮᠦᠵᠢᠭᠦᠯᠬᠦ᠂ ᠪᠠᠭᠰᠢ ᠶᠢᠨ ᠰᠣᠯᠢᠯᠴᠠᠭ᠎ᠠ ᠶᠢ ᠴᠢᠩᠭᠠᠳᠬᠠᠬᠤ᠂ ᠦᠢᠯᠡᠳᠦᠯᠭᠡ ᠶᠢᠨ ᠪᠣᠯᠪᠠᠰᠤᠷᠠᠯ ᠢ ᠴᠢᠬᠤᠯᠠᠴᠢᠯᠠᠬᠤ᠂ ᠪᠠᠶᠢᠭᠤᠯᠤᠯ ᠲᠣᠭᠲᠠᠴᠠ ᠶᠢ ᠪᠦᠷᠢᠨᠰᠢᠬᠦᠯᠬᠦ ᠵᠡᠷᠭᠡ ᠲᠠᠯ᠎ᠠ ᠠᠴᠠ ᠭᠠᠷᠳᠠᠵᠤ᠂ ᠬᠠᠪᠰᠤᠷᠤᠨ ᠲᠡᠳᠬᠦᠬᠦ ᠠᠵᠢᠯ ᠢ ᠲᠠᠰᠤᠷᠠᠯᠲᠠ ᠥᠬᠡᠶ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠪᠠ᠃     ᠤᠳᠤ ᠦᠶ᠎ᠡ ᠶᠢᠨ ᠮᠠᠯ ᠠᠵᠤ ᠠᠬᠤᠢ ᠶᠢ ᠬᠦᠭᠵᠢᠭᠦᠯᠵᠦ ᠠᠮᠢ ᠠᠬᠤᠢ ᠶᠢ ᠰᠠᠶᠢᠵᠢᠷᠠᠭᠤᠯᠪᠠ᠃ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠬᠤᠲᠠᠳᠠᠢ ᠭᠠᠴᠠᠭ᠎ᠠ ᠶᠢᠨ ᠤᠯᠤᠰ ᠤᠨ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠭᠤᠣᠯ  ᠵᠢᠱᠢᠶ᠎ᠡ ᠦᠵᠡᠭᠦᠯᠬᠦ ᠲᠣᠭᠤᠷᠢᠭ ᠤᠨ 2 ᠲᠦᠮᠡᠨ ᠲᠣᠯᠣᠭᠠᠢ ᠴᠢᠨᠠᠷ ᠰᠠᠶᠢᠲᠠᠢ ᠠᠯᠠᠰᠢᠨ ᠦᠬᠡᠷ ᠤᠨ ᠠᠮᠢ ᠠᠬᠤᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠲᠤᠮᠤ ᠬᠡᠯᠪᠡᠷᠢ ᠶᠢᠨ ᠮᠠᠰᠢᠨ ᠮᠧᠬᠠᠨᠢᠭ ᠶᠠᠭᠠᠷᠠᠯᠳᠠᠢ ᠠᠵᠢᠯᠯᠠᠵᠤ᠂ ᠲᠦᠷᠦᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠠᠰᠢᠨᠨᠯᠠᠯᠳᠠ ᠳᠤ ᠤᠷᠤᠬᠤ ᠪᠠᠷ ᠪᠤᠢ᠃     ᠲᠤᠰ ᠲᠦᠷᠦᠯ ᠵᠦᠢᠯ ᠪᠣᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠦᠷᠦᠯ ᠵᠦᠢᠯ ᠪᠣᠯᠤᠨ᠎ᠠ᠂ ᠡᠪᠡᠰᠦ ᠪᠣᠷᠳᠤᠭ᠎ᠠ ᠲᠠᠷᠢᠬᠤ᠂ ᠦᠬᠡᠷ ᠬᠤᠨᠢ ᠲᠡᠵᠢᠭᠡᠨ ᠦᠷᠡᠵᠢᠭᠦᠯᠬᠦ᠂ ᠡᠭᠦᠯᠳᠡᠷ ᠰᠠᠶᠢᠵᠢᠷᠠᠭᠤᠯᠬᠤ᠂ ᠨᠢᠲᠤᠯᠬᠤ ᠪᠠ ᠨᠠᠷᠢᠯᠢᠭ ᠡᠳ᠋ᠰᠢᠭᠦᠯᠬᠦ ᠵᠡᠷᠭᠡ ᠤᠯᠠᠨ ᠬᠦᠷᠢᠶ᠎ᠠ ᠶᠢ ᠬᠠᠮᠤᠷᠴᠤ᠂ ︽ᠳᠠᠷᠢᠵᠤ ᠲᠡᠵᠢᠭᠡᠬᠦ ᠶᠢ ᠣᠷᠴᠢᠯᠳᠤᠭᠤᠯᠤᠨ ᠠᠬᠢᠭᠤᠯᠬᠤ᠂ ᠭᠤᠷᠪᠠᠳᠤᠭᠠᠷ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠬᠤ᠂ ᠠᠮᠢ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠪᠠ ᠮᠠᠯ ᠠᠵᠤ ᠠᠬᠤᠢ ᠶᠢ ᠬᠥᠭᠵᠢᠭᠦᠯᠵᠦ ᠠᠷᠠᠤᠨ ᠢ ᠪᠠᠶᠠᠵᠢᠭᠤᠯᠬᠤ︾ ᠬᠠᠮ ᠬᠡᠯᠪᠡᠷᠢ ᠶᠢᠨ ᠤᠳᠤ ᠦᠶ᠎ᠡ ᠶᠢᠨ ᠠᠯᠠᠰᠢᠨ ᠦᠬᠡᠷ ᠤᠨ ᠠᠵᠤ ᠦᠢᠯᠡᠰ ᠢ ᠪᠦᠷᠢᠯᠳᠦᠭᠦᠯᠵᠡᠢ᠃ ᠵᠠᠯᠠᠶᠢᠳ ᠬᠤᠰᠢᠭᠤ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ  ᠤᠨ ᠲᠥᠷᠥᠯ ᠵᠦᠢᠯ ᠳᠤ ᠲᠦᠰᠢᠭᠯᠡᠨ᠂ ︽ᠹᠧᠩ · ᠯᠠᠶ ︾ ᠠᠮᠢ ᠠᠬᠤᠶ ᠶᠢᠨ ᠮᠠᠯᠵᠢᠯ ᠤᠨ ᠲᠠᠯᠠᠪᠠᠶ ᠶᠢᠨ ᠤᠨᠴᠠᠯᠢᠬᠳᠤ ᠨᠠᠷᠠᠲᠤ ᠲᠡᠮᠳᠡᠭᠲᠦ ᠶᠢ ᠡᠭᠦᠳᠴᠦ᠂ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠨᠠᠩ ᠲᠡᠭᠦᠯᠳᠡᠷᠵᠢᠭᠦᠯᠬᠦ ᠶᠢ ᠠᠬᠢᠭᠤᠯᠪᠠ᠃ ᠲᠣᠰ ᠲᠥᠷᠥᠯ ᠵᠦᠢᠯ ᠨᠢ ᠵᠢᠯ ᠪᠦᠷᠢ 3 ᠲᠦᠮᠡᠨ ᠮᠥ ᠲᠠᠷᠢᠮᠠᠯ ᠤᠨ ᠨᠣᠭᠤᠭᠠᠨ ᠳᠠᠷᠤᠰᠢ ᠵᠢᠴᠢ ᠡᠰᠢ ᠰᠦᠷᠡᠯ ᠬᠡᠷᠡᠭᠰᠡᠵᠦ᠂ 100 ᠭᠠᠷᠤᠶ ᠬᠥᠮᠦᠨ ᠳᠤ ᠠᠵᠢᠯ ᠣᠯᠭᠤᠵᠤ᠂ ᠮᠢᠩᠭ᠎ᠠ ᠭᠠᠷᠤᠶ ᠡᠷᠦᠬᠡ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ᠂ 50 ᠲᠦᠮᠡᠨ ᠮᠥ ᠨᠤᠳᠤᠭ ᠪᠡᠯᠴᠢᠭᠡᠷ ᠢ ᠬᠠᠮᠠᠭᠠᠯᠠᠵᠦ ᠰᠠᠶᠢᠵᠢᠷᠠᠭᠤᠯᠤᠨᠨᠰᠠᠨ ᠪᠠᠶᠢᠨ᠎ᠠ᠃     ︽ᠪᠢᠳᠡ ᠦᠷᠭᠦᠯᠵᠢᠯᠡᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠬᠠᠮᠢᠶᠠᠷᠤᠯᠲᠠ ᠪᠠᠨ ᠴᠢᠩᠭᠠᠳᠬᠠᠨ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠳᠠᠯᠠᠵᠤ᠂ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ︿ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ﹀ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠨᠢᠭᠡ ᠪᠦᠯᠦᠭ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠢᠯᠡᠷᠬᠡᠶ᠂ ᠣᠷᠣᠨ ᠪᠦᠰᠡ ᠶᠢᠨ ᠳᠦᠷᠢ ᠲᠥᠷᠬᠦ ᠶᠢ ᠭᠦᠢᠴᠡᠤᠨ ᠢᠯᠡᠷᠡᠭᠦᠯᠦᠭᠰᠡᠨ ᠰᠢᠯᠢᠳᠡᠭ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠬᠠᠪᠰᠤᠷᠤᠨ ᠲᠡᠳᠬᠦᠬᠦ ᠶᠠᠰᠤ ᠴᠢᠨᠠᠷ ᠪᠠ ᠬᠠᠮᠵᠢᠯᠴᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︾ ᠭᠡᠵᠦ ᠶᠠᠩ ᠱᠥᠸᠧ ᠢᠳᠡᠭᠡᠯᠳᠠᠢ ᠬᠡᠯᠡᠪᠡ᠃                           ᠴᠡᠩᠭᠡᠯ    ᠪᠠᠢ ᠢᠤᠢ ᠯᠢᠶᠠᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号