ᠲᠤᠭᠤᠯ ᠪᠠᠭᠠᠰᠤ ᠠᠯᠳᠠᠬᠤ ᠶᠢᠨ ᠰᠢᠯᠲᠠᠭᠠᠨ ᠨᠢ ᠶᠠᠭᠤ ᠪᠤᠢ︖
ᠨᠡᠶᠢᠲᠡᠯᠡᠭᠰᠡᠨ ᠴᠠᠭ᠄
2023/12/1
    1. ᠣᠷᠴᠢᠨ ᠲᠣᠭᠤᠷᠢᠨ ᠤ ᠰᠡᠷᠡᠯᠵᠢᠬᠦ ᠤᠶᠢᠯᠲᠠ ᠲᠤᠭᠤᠯ ᠤᠨ ᠪᠡᠶ᠎ᠡ ᠶᠢᠨ ᠪᠦᠲᠦᠴᠡ ᠪᠠ ᠴᠢᠳᠠᠪᠤᠷᠢ ᠨᠢ ᠪᠦᠷᠢᠮᠦᠰᠦᠨ ᠪᠤᠶᠢᠵᠢᠭᠠᠳᠤᠢ᠂ ᠢᠯᠠᠩᠭᠤᠶ᠎ᠠ ᠬᠤᠳᠣᠭᠤᠳᠤ ᠭᠡᠳᠡᠰᠦᠨ ᠤ ᠰᠢᠩᠭᠡᠭᠡᠯᠲᠡ ᠶᠢᠨ ᠰᠢᠰᠲ᠋ᠧᠮ ᠨᠢ ᠡᠨᠡ ᠦᠶ᠎ᠡ ᠳᠤ ᠣᠷᠴᠢᠨ ᠲᠣᠭᠤᠷᠢᠨ ᠳᠠᠭᠠᠨ ᠵᠣᠬᠢᠴᠠᠬᠤ ᠴᠢᠳᠠᠪᠤᠷᠢ ᠪᠠᠷ ᠠᠨᠠᠢ᠂ ᠱᠤᠤᠭᠢᠶᠠᠨ᠂ ᠲᠠᠨᠢᠯ ᠪᠤᠰᠤ ᠦᠨᠦᠷ ᠲᠤ ᠨᠡᠯᠢᠶᠡᠳ ᠰᠣᠷᠭᠤᠭ ᠪᠠᠶᠢᠵᠤ᠂ ᠡᠳᠡᠭᠡᠷ ᠪᠠᠶᠢᠳᠠᠯ ᠳᠣᠣᠷ᠎ᠠ ᠰᠢᠩᠭᠡᠭᠡᠯᠲᠡ ᠶᠢᠨ ᠰᠢᠰᠲ᠋ᠧᠮ ᠢ ᠰᠠᠮᠠᠭᠤᠷᠠᠭᠤᠯᠵᠤ᠂ ᠪᠠᠭᠠᠰᠤ ᠠᠯᠳᠠᠬᠤ ᠳᠤ ᠬᠦᠷᠦᠭᠦᠯᠳᠡᠭ᠃ ᠬᠠᠪᠤᠷ ᠨᠠᠮᠤᠷ ᠤᠨ ᠤᠯᠠᠷᠢᠯ ᠳᠤ ᠠᠭᠠᠷ ᠤᠨ ᠳᠤᠯᠠᠭᠠᠨ ᠤ ᠬᠤᠪᠢᠷᠠᠯᠲᠠ ᠶᠡᠭᠡ᠂ ᠣᠷᠴᠢᠨ ᠲᠣᠭᠤᠷᠢᠨ ᠠᠨᠠᠢ ᠵᠢᠴᠢ ᠬᠤᠯᠠ ᠵᠠᠮ ᠤᠨ ᠵᠥᠭᠡᠭᠡᠪᠦᠷᠢᠯᠡᠯᠲᠡ ᠨᠢ ᠲᠤᠭᠤᠯ ᠳᠤ ᠰᠡᠷᠡᠯᠵᠢᠬᠦ ᠤᠶᠢᠯᠲᠠ ᠡᠭᠦᠰᠭᠡᠨ ᠪᠠᠭᠠᠰᠤ ᠠᠯᠳᠠᠭᠤᠯᠳᠠᠭ᠃     2. ᠡᠪᠡᠳᠴᠢᠨ ᠤ ᠪᠠᠺᠲ᠋ᠧᠷᠢ᠂ ᠸᠢᠷᠦ᠋ᠰ ᠤᠨ ᠬᠠᠯᠳᠠᠪᠤᠷᠢᠯᠠᠯ ᠬᠠᠰᠢᠶ᠎ᠠ ᠰᠠᠷᠠᠪᠴᠢ ᠶᠢᠨ ᠣᠷᠴᠢᠨ ᠲᠣᠭᠤᠷᠢᠨ ᠨᠢ ᠨᠠᠷᠢᠨ ᠪᠤᠳᠤᠯᠢᠶᠠᠨᠲᠠᠢ᠂ ᠡᠪᠡᠳᠴᠢᠨ ᠤ ᠪᠠᠺᠲ᠋ᠧᠷᠢ ᠪᠠ ᠸᠢᠷᠦ᠋ᠰ ᠨᠢ ᠡᠨᠡ ᠬᠦ ᠣᠷᠴᠢᠨ ᠲᠣᠭᠤᠷᠢᠨ ᠳᠤ ᠲᠦᠢᠯ ᠤᠨ ᠠᠮᠠᠷᠬᠠᠨ ᠢᠶᠠᠷ ᠦᠷᠡᠵᠢᠨ ᠪᠤᠶᠢᠵᠢᠳᠠᠭ᠂ ᠭᠡᠲᠡᠯ᠎ᠡ ᠲᠦᠯᠯᠡᠭᠡᠳ ᠤᠳᠠᠭᠠᠳᠤᠢ ᠲᠤᠭᠤᠯ ᠤᠨ ᠡᠪᠡᠳᠴᠢᠨ ᠡᠰᠡᠷᠭᠦᠴᠡᠬᠦ ᠴᠢᠳᠠᠪᠤᠷᠢ ᠨᠢ ᠪᠠᠭᠤᠷᠠᠢ ᠮᠥᠷᠲᠡᠭᠡᠨ ᠠᠭᠤᠷ ᠠᠮᠢᠰᠬᠤᠯ ᠤᠨ ᠬᠤᠪᠢᠷᠠᠯᠲᠠ ᠠᠴᠠ ᠪᠣᠯᠵᠤ ᠡᠪᠡᠳᠴᠢᠨ ᠤ ᠪᠠᠺᠲ᠋ᠧᠷᠢ ᠪᠠ ᠸᠢᠷᠦ᠋ᠰ ᠲᠤ ᠲᠦᠢᠯ ᠤᠨ ᠠᠮᠠᠷᠬᠠᠨ ᠢᠶᠠᠷ ᠬᠠᠯᠳᠠᠪᠤᠷᠢᠯᠠᠵᠤ᠂ ᠢᠳᠡᠭᠡᠨ ᠤ ᠳᠤᠷᠠᠰᠢᠯ ᠮᠠᠭᠤᠳᠠᠬᠤ᠂ ᠤᠶᠤᠨ ᠮᠡᠳᠡᠷᠡᠯ ᠬᠡᠪ ᠤᠨ ᠪᠠᠶᠢᠳᠠᠯ ᠢᠶᠠᠨ ᠠᠯᠳᠠᠬᠤ᠂ ᠰᠠᠭᠤᠯᠭᠠᠬᠤ ᠡᠪᠡᠳᠴᠢᠨ ᠤ ᠢᠯᠡᠷᠡᠯ ᠢ ᠡᠭᠦᠰᠬᠡᠵᠦ᠂ ᠬᠦᠨᠳᠦ ᠨᠣᠴᠢᠲᠠᠢ ᠨᠢ ᠲᠤᠭᠤᠯ ᠢ ᠦᠬᠦᠭᠦᠯᠳᠡᠭ᠃     3. ᠲᠡᠵᠢᠭᠡᠭᠰᠡᠨ ᠨᠢ ᠵᠣᠬᠢᠰ ᠦᠭᠡᠢ ᠲᠤᠭᠤᠯ ᠢ ᠲᠡᠵᠢᠭᠡᠬᠦ ᠶᠠᠪᠤᠴᠠ ᠳᠤ ᠰᠢᠨ᠎ᠡ ᠰᠣᠷᠭᠤᠭ ᠲᠡᠵᠢᠭᠡᠯ ᠪᠣᠷᠳᠤᠭ᠎ᠠ ᠦᠭᠡᠢ ᠪᠤᠶᠤ ᠴᠢᠨᠠᠷ ᠨᠢ ᠬᠤᠪᠢᠷᠠᠭᠰᠠᠨ ᠪᠤᠶᠤ ᠸᠠᠯᠠᠭᠰᠠᠨ ᠲᠡᠵᠢᠭᠡᠯ ᠪᠣᠷᠳᠤᠭ᠎ᠠ ᠪᠠᠶᠢᠪᠠᠯ ᠲᠤᠭᠤᠯ ᠤᠨ ᠰᠢᠩᠭᠡᠭᠡᠯᠲᠡ ᠮᠠᠭᠤᠳᠠᠬᠤ᠂ ᠪᠠᠭᠠᠰᠤ ᠠᠯᠳᠠᠬᠤ ᠪᠠᠶᠢᠳᠠᠯ ᠢ ᠠᠮᠠᠷᠬᠠᠨ ᠪᠣᠢ ᠪᠣᠯᠭᠠᠳᠠᠭ᠃ ᠣᠨᠴᠠᠭᠠᠶᠢᠯᠠᠨ ᠰᠦ ᠠᠴᠠ ᠨᠢ ᠰᠠᠯᠭᠠᠬᠤ ᠦᠶ᠎ᠡ ᠳᠤ᠂ ᠲᠡᠵᠢᠭᠡᠯ ᠪᠣᠷᠳᠤᠭ᠎ᠠ ᠢᠳᠡᠭᠦᠯᠬᠦ ᠬᠤᠭᠤᠴᠠᠭᠠᠨ ᠳᠤ ᠬᠤᠳᠣᠭᠤᠳᠤ ᠭᠡᠳᠡᠰᠦᠨ ᠳᠤ ᠵᠣᠬᠢᠴᠠᠬᠤ ᠦᠭᠡᠢ ᠠᠴᠠ ᠪᠣᠯᠵᠤ ᠪᠠᠭᠠᠰᠤ ᠠᠯᠳᠠᠬᠤ᠂ ᠡᠪᠡᠳᠴᠢᠯᠡᠭᠰᠡᠨ ᠤ ᠳᠠᠷᠠᠭ᠎ᠠ ᠭᠤᠳ ᠰᠢᠩᠭᠡᠨ ᠢᠶᠠᠷ ᠰᠠᠭᠤᠯᠭᠠᠵᠦ᠂ ᠡᠴᠡᠵᠦ ᠲᠤᠷᠠᠳᠠᠭ᠃     4. ᠮᠥᠯᠵᠢᠭᠦᠷ ᠬᠤᠷᠣᠬᠠᠢ ᠶᠢᠨ ᠬᠠᠯᠳᠠᠪᠤᠷᠢᠯᠠᠯ ᠪᠥᠮᠪᠥᠭᠡᠨ ᠬᠤᠷᠣᠬᠠᠢ ᠶᠢᠨ ᠬᠠᠯᠳᠠᠪᠤᠷᠢᠯᠠᠯ ᠨᠢ ᠭᠤᠣᠯᠳᠠᠭᠤ ᠶᠡᠭᠡ ᠬᠡᠪᠴᠢᠶᠡᠨ ᠤ ᠲᠡᠵᠢᠭᠡᠨ ᠦᠷᠡᠵᠢᠭᠦᠯᠬᠦ ᠲᠠᠯᠠᠪᠠᠶ ᠳᠤ ᠢᠯᠡᠷᠡᠵᠦ᠂ ᠬᠠᠰᠢᠶ᠎ᠠ ᠰᠠᠷᠠᠪᠴᠢ ᠶᠢᠨ ᠡᠪᠡᠳᠴᠢᠨ ᠤ ᠪᠠᠺᠲ᠋ᠧᠷᠢ ᠪᠠ ᠮᠢᠺᠷᠣᠪ ᠢ ᠮᠠᠰᠢ ᠲᠦᠷᠭᠡᠨ ᠨᠡᠮᠡᠭᠳᠡᠭᠦᠯᠵᠦ᠂ ᠮᠥᠯᠵᠢᠭᠦᠷ ᠬᠤᠷᠣᠬᠠᠢ ᠳᠤ ᠮᠠᠰᠢ ᠠᠮᠠᠷᠬᠠᠨ ᠬᠠᠯᠳᠠᠪᠤᠷᠢᠯᠠᠳᠠᠭ᠂ ᠵᠢᠱᠢᠶᠡᠯᠡᠪᠡᠯ ᠦᠷᠭᠦᠯᠵᠢ ᠬᠠᠷᠠᠭᠳᠠᠳᠠᠭ ᠬᠦᠵᠢ ᠬᠤᠷᠣᠬᠠᠢ᠂ ᠤᠲᠠᠰᠤᠯᠢᠭ ᠬᠤᠷᠣᠬᠠᠢ ᠵᠡᠷᠭᠡ᠃ ᠪᠣᠳᠠᠲᠠᠢ ᠢᠯᠡᠷᠡᠯ ᠨᠢ ᠪᠠᠭᠠᠰᠤ ᠠᠯᠳᠠᠬᠤ᠂ ᠪᠠᠭᠠᠰᠤ ᠰᠢᠭᠡᠰᠦᠨ ᠳᠤ ᠴᠢᠰᠤ ᠲᠠᠢ ᠪᠣᠯᠬᠤ᠂ ᠢᠳᠡᠭᠡᠨ ᠤ ᠳᠤᠷᠠᠰᠢᠯ ᠮᠠᠭᠤᠳᠠᠬᠤ᠂ ᠤᠰᠤ ᠲᠤᠳᠠᠭᠤᠳᠠᠬᠤ ᠵᠡᠷᠭᠡ ᠡᠪᠡᠳᠴᠢᠨ ᠤ ᠰᠢᠨᠵᠢ ᠢᠯᠡᠷᠡᠨ᠎ᠡ᠃    
 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号