ᠨᠠᠮᠤᠷ ᠡᠪᠦᠯ ᠤᠨ ᠭᠤᠤᠷᠰᠤ ᠶᠢᠨ ᠥᠷᠭᠡᠰᠦᠲᠦ ᠬᠡᠮᠬᠡ ᠶᠢᠨ ᠭᠤᠸᠠ ᠰᠠᠭᠤᠯᠭᠠᠬᠤ ᠬᠠᠮᠢᠶᠠᠷᠤᠯᠲᠠ
ᠨᠡᠶᠢᠲᠡᠯᠡᠭᠰᠡᠨ ᠴᠠᠭ᠄
2023/12/14
   ᠨᠢᠭᠡ᠂ ᠭᠤᠸᠠ ᠰᠠᠭᠤᠯᠭᠠᠬᠤ ᠠᠴᠠ ᠡᠮᠦᠨᠡᠬᠢ ᠬᠠᠮᠢᠶᠠᠷᠤᠯᠲᠠ ᠥᠷᠭᠡᠰᠦᠲᠦ ᠬᠡᠮᠬᠡ ᠶᠢ ᠲᠠᠷᠢᠵᠦ ᠰᠠᠭᠤᠷᠢᠰᠢᠭᠤᠯᠤᠭᠰᠠᠨ ᠤ ᠳᠠᠷᠠᠭ᠎ᠠ᠂ ᠵᠢᠵᠢᠭ ᠳᠠᠯᠠᠩ ᠤᠨ ᠳᠤᠮᠳᠠ ᠨᠢ 5 ᠰᠠᠨᠲ᠋ᠢᠮᠧᠲᠷ ᠭᠦᠨ ᠭᠤᠤ ᠭᠠᠷᠭᠠᠵᠤ᠂ ᠰᠤᠪᠠᠭ ᠪᠦᠷᠢ ᠳᠤ ᠴᠢᠨᠠᠵᠤ ᠪᠤᠯᠭᠤᠭᠰᠠᠨ ᠰᠢᠷ᠎ᠠ ᠪᠤᠷᠴᠠᠭ 1 ᠺᠢᠯᠣᠭ᠍ᠷᠠᠮ ︵ᠣᠺᠲ᠋ᠠ ᠬᠦᠬᠦᠷᠲᠦ ᠹᠣᠰᠹᠣᠷ ᠤᠨ ᠲᠠᠷᠢᠶᠠᠨ ᠡᠮ ᠬᠤᠯᠢᠬᠤ︶᠂ ᠰᠢᠭᠡᠰᠦᠯᠢᠭ ᠡᠳ᠋ 0.5 ᠺᠢᠯᠣᠭ᠍ᠷᠠᠮ ᠰᠠᠴᠤᠵᠤ᠂ ᠰᠢᠷᠣᠢ ᠪᠠᠷ ᠴᠢᠩᠭ᠎ᠠ ᠪᠦᠲᠡᠭᠡᠬᠦ ᠬᠡᠷᠡᠭᠲᠡᠢ᠃ ᠰᠢᠭᠤᠳ ᠲᠠᠷᠢᠬᠤ ᠴᠢᠬᠢ ᠶᠢ ᠴᠦ ᠭᠤᠤ ᠭᠠᠷᠭᠠᠵᠤ ᠪᠣᠷᠳᠣᠭᠤᠷ ᠣᠷᠣᠭᠤᠯᠬᠤ ᠬᠡᠷᠡᠭᠲᠡᠢ᠃ ᠴᠢᠬᠢ ᠶᠢ ᠲᠠᠷᠢᠵᠦ ᠰᠠᠭᠤᠷᠢᠰᠢᠭᠤᠯᠤᠭᠰᠠᠨ ᠤ ᠳᠠᠷᠠᠭ᠎ᠠ ᠶᠡᠭᠡ ᠤᠰᠤ ᠪᠠᠷ ᠨᠢᠭᠡ ᠤᠳᠠᠭ᠎ᠠ ᠤᠰᠤᠯᠠᠵᠤ᠂ ᠶᠡᠭᠡ ᠪᠠᠭ᠎ᠠ ᠮᠥᠷ ᠢ ᠨᠢ ᠪᠦᠷ ᠤᠰᠤᠯᠠᠵᠤ᠂ ᠳᠠᠯᠠᠩ ᠤᠨ ᠨᠢᠷᠤᠭᠤ ᠶᠢ ᠨᠡᠪᠲᠡ ᠨᠣᠷᠭᠠᠬᠤ ᠬᠡᠷᠡᠭᠲᠡᠢ᠃ ᠬᠥᠯ ᠳᠤ ᠨᠠᠭᠠᠯᠳᠤᠬᠤ ᠦᠭᠡᠢ ᠦᠶ᠎ᠡ ᠳᠤ ᠰᠦᠯᠢᠶᠥᠦ ᠪᠦᠷᠬᠦᠪᠴᠢ ᠶᠢ ᠪᠦᠲᠡᠭᠡᠬᠦ ᠬᠡᠷᠡᠭᠲᠡᠢ᠃ ᠡᠨᠡ ᠦᠶ᠎ᠡ ᠳᠤ ᠭᠠᠳᠠᠭᠠᠳᠤ ᠣᠷᠴᠢᠨ ᠤ ᠠᠭᠠᠷ ᠤᠨ ᠳᠤᠯᠠᠭᠠᠨ ᠮᠥᠨ ᠴᠦ ᠨᠡᠯᠢᠶᠡᠳ ᠥᠨᠳᠥᠷ ᠪᠠᠶᠢᠵᠤ᠂ ᠡᠳᠦᠷ ᠲᠡᠭᠡᠨ ᠥᠨᠳᠥᠷ ᠳᠤᠯᠠᠭᠠᠨ ᠢ ᠰᠡᠷᠭᠡᠶᠢᠯᠡᠬᠦ ᠬᠡᠷᠡᠭᠲᠡᠢ᠃    ᠬᠤᠶᠠᠷ᠂ ᠭᠤᠸᠠ ᠰᠠᠭᠤᠬᠤ ᠡᠮᠦᠨᠡᠬᠢ ᠬᠤᠭᠤᠴᠠᠭᠠᠨ ᠤ ᠬᠠᠮᠢᠶᠠᠷᠤᠯᠳ᠋᠊ᠠ ᠥᠷᠭᠡᠰᠦᠲᠦ ᠬᠡᠮᠬᠡ ᠶᠢᠨ ᠭᠤᠸᠠ ᠰᠠᠭᠤᠬᠤ ᠡᠬᠢᠨ ᠤ ᠬᠤᠭᠤᠴᠠᠭᠠᠨ ︵10 ᠰᠠᠷ᠎ᠠ ᠶᠢᠨ ᠰᠢᠨᠡᠳ ᠠᠴᠠ 11 ᠰᠠᠷ᠎ᠠ ᠶᠢᠨ ᠰᠢᠨᠡᠳ ᠬᠦᠷᠲᠡᠯ᠎ᠡ︶ ᠳᠤ ᠰᠠᠯᠬᠢ ᠵᠢᠪᠠᠷ ᠨᠡᠪᠲᠡᠷᠡᠭᠦᠯᠬᠦ ᠶᠢ ᠠᠩᠬᠠᠷᠴᠤ᠂ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠶᠢ ᠪᠠᠲᠤᠯᠠᠬᠤ ᠬᠡᠷᠡᠭᠲᠡᠢ᠃ ᠡᠳᠦᠷ ᠤᠨ ᠳᠤᠯᠠᠭᠠᠨ ᠤ ᠬᠡᠮᠵᠢᠶ᠎ᠡ ᠨᠢ 25~30℃᠂ ᠦᠳᠡ ᠶᠢᠨ ᠳᠤᠯᠠᠭᠠᠨ ᠤ ᠬᠡᠮᠵᠢᠶ᠎ᠡ ᠨᠢ 32℃ ᠠᠴᠠ ᠬᠡᠲᠦᠷᠡᠬᠦ ᠦᠭᠡᠢ᠂ ᠦᠳᠡ ᠶᠢᠨ ᠬᠤᠶᠢᠨᠠᠬᠢ ᠳᠤᠯᠠᠭᠠᠨ ᠤ ᠬᠡᠮᠵᠢᠶ᠎ᠡ ᠨᠢ ᠳᠣᠷᠣᠭᠰᠢᠯᠠᠭᠠᠳ 20℃ ᠪᠣᠯᠬᠤ ᠦᠶ᠎ᠡ ᠳᠤ ᠬᠦᠯᠡᠮᠵᠢ ᠶᠢᠨ ᠣᠷᠣᠢ ᠶᠢᠨ ᠬᠡᠰᠡᠭ ᠤᠨ ᠰᠠᠯᠬᠢ ᠨᠡᠪᠲᠡᠷᠡᠭᠦᠯᠬᠦ ᠠᠮᠠᠰᠠᠷ ᠢ ᠬᠠᠭᠠᠵᠤ᠂ ᠳᠡᠭᠡᠷ᠎ᠡ ᠬᠠᠭᠠᠰ ᠰᠥᠨᠢ ᠶᠢᠨ ᠳᠤᠯᠠᠭᠠᠨ ᠤ ᠬᠡᠮᠵᠢᠶ᠎ᠡ ᠨᠢ 16℃ ᠣᠷᠴᠢᠮ᠂ ᠳᠣᠣᠷ᠎ᠠ ᠬᠠᠭᠠᠰ ᠰᠥᠨᠢ ᠶᠢᠨ ᠳᠤᠯᠠᠭᠠᠨ ᠤ ᠬᠡᠮᠵᠢᠶ᠎ᠡ ᠨᠢ 12℃ ᠣᠷᠴᠢᠮ ᠪᠠᠶᠢᠬᠤ ᠬᠡᠷᠡᠭᠲᠡᠢ᠃    ᠭᠤᠷᠪᠠ᠂ ᠭᠤᠸᠠ ᠰᠠᠭᠤᠬᠤ ᠳᠤᠮᠳᠠ ᠬᠤᠭᠤᠴᠠᠭᠠᠨ ᠤ ᠬᠠᠮᠢᠶᠠᠷᠤᠯᠲᠠ ᠨᠠᠮᠤᠷ ᠡᠪᠦᠯ ᠤᠨ ᠭᠤᠤᠷᠰᠤ ᠶᠢᠨ ᠥᠷᠭᠡᠰᠦᠲᠦ ᠬᠡᠮᠬᠡ ᠶᠢᠨ ᠭᠤᠸᠠ ᠰᠠᠭᠤᠬᠤ ᠳᠤᠮᠳᠠᠴᠢ ᠬᠤᠭᠤᠴᠠᠭ᠎ᠠ ᠨᠢ ᠶᠡᠷᠦ ᠳᠡᠭᠡᠨ 11 ᠰᠠᠷ᠎ᠠ ᠶᠢᠨ ᠰᠢᠨᠡᠳ ᠠᠴᠠ 12 ᠰᠠᠷ᠎ᠠ ᠶᠢᠨ ᠰᠡᠭᠦᠯᠴᠢ ᠪᠣᠯᠲᠠᠯ᠎ᠠ᠂ ᠥᠷᠭᠡᠰᠦᠲᠦ ᠬᠡᠮᠬᠡ ᠶᠢᠨ ᠤᠨᠠᠯᠲᠠ ᠬᠠᠮᠤᠭ ᠥᠨᠳᠥᠷ ᠬᠤᠭᠤᠴᠠᠭ᠎ᠠ ᠪᠣᠯᠣᠨ᠎ᠠ᠂ ᠭᠡᠪᠡᠴᠦ ᠳᠤᠯᠠᠭᠠᠨ ᠤ ᠬᠡᠮᠵᠢᠶ᠎ᠡ ᠨᠢ ᠠᠭᠠᠵᠢᠮ ᠢᠶᠠᠷ ᠪᠠᠭᠤᠷᠠᠵᠤ᠂ ᠨᠡᠷᠡᠨ ᠤ ᠲᠤᠰᠤᠯᠲᠠ ᠨᠢ ᠤᠯᠠᠮ ᠢᠶᠠᠷ ᠪᠠᠭᠤᠷᠠᠵᠤ᠂ ᠥᠷᠭᠡᠰᠦᠲᠦ ᠬᠡᠮᠬᠡ ᠶᠢᠨ ᠥᠰᠦᠯᠲᠡ ᠳᠤ ᠲᠦᠢᠯ ᠤᠨ ᠠᠰᠢᠭ ᠦᠭᠡᠢ ᠪᠠᠶᠢᠳᠠᠭ᠃ ᠡᠶᠢᠮᠦ ᠠᠴᠠ ᠳᠤᠯᠠᠭᠠᠨ ᠤ ᠬᠡᠮᠵᠢᠶ᠎ᠡ ᠶᠢᠨ ᠬᠠᠮᠢᠶᠠᠷᠤᠯᠲᠠ ᠶᠢᠨ ᠲᠠᠯ᠎ᠠ ᠪᠠᠷ ᠡᠪᠡᠰᠦᠨ ᠬᠠᠯᠬᠠᠪᠴᠢ ᠶᠢ ᠨᠢ ᠰᠡᠬᠦᠵᠦ᠂ ᠰᠠᠯᠬᠢ ᠨᠡᠪᠲᠡᠷᠡᠭᠦᠯᠬᠦ ᠠᠮᠠᠰᠠᠷ ᠢ ᠨᠢ ᠬᠠᠭᠠᠵᠤ᠂ ᠳᠤᠯᠠᠭᠠᠨ ᠤ ᠬᠡᠮᠵᠢᠶ᠎ᠡ ᠶᠢ ᠨᠢ ᠲᠣᠬᠢᠷᠠᠭᠤᠯᠵᠤ᠂ ᠥᠷᠭᠡᠰᠦᠲᠦ ᠬᠡᠮᠬᠡ ᠶᠢᠨ ᠤᠷᠭᠤᠯᠲᠠ ᠶᠢᠨ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠶᠢ ᠪᠠᠲᠤᠯᠠᠬᠤ ᠬᠡᠷᠡᠭᠲᠡᠢ᠃     ᠳᠥᠷᠪᠡ᠂ ᠭᠤᠸᠠ ᠰᠠᠭᠤᠬᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠨᠠᠮᠤᠷ ᠡᠪᠦᠯ ᠤᠨ ᠭᠤᠤᠷᠰᠤ ᠶᠢᠨ ᠥᠷᠭᠡᠰᠦᠲᠦ ᠬᠡᠮᠬᠡ ᠶᠢᠨ ᠭᠤᠸᠠ ᠰᠠᠭᠤᠬᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ᠄ ᠡᠨᠡ ᠬᠤᠭᠤᠴᠠᠭᠠᠨ ᠳᠤ ᠭᠤᠸᠠ ᠶᠢᠨ ᠴᠢᠬᠢ ᠨᠢᠭᠡᠨᠲᠡ ᠬᠥᠭᠰᠢᠷᠡᠵᠦ ᠡᠬᠢᠯᠡᠪᠡ᠂ ᠥᠷᠭᠡᠰᠦᠲᠦ ᠬᠡᠮᠬᠡ ᠶᠢᠨ ᠤᠷᠭᠤᠯᠲᠠ ᠶᠢᠨ ᠬᠤᠭᠤᠴᠠᠭ᠎ᠠ ᠶᠢ ᠤᠷᠲᠤᠳᠬᠠᠨ᠂ ᠤᠨᠠᠯᠲᠠ ᠶᠢ ᠨᠡᠮᠡᠭᠳᠡᠭᠦᠯᠵᠦ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ ᠳᠤᠯᠠᠭᠠᠨ ᠤ ᠬᠡᠮᠵᠢᠶ᠎ᠡ ᠶᠢᠨ ᠬᠠᠮᠢᠶᠠᠷᠤᠯᠲᠠ ᠶᠢ ᠴᠢᠩᠭᠠᠳᠬᠠᠪᠠᠯ ᠵᠣᠬᠢᠨ᠎ᠠ᠃ ᠬᠦᠯᠡᠮᠵᠢ ᠶᠢᠨ ᠳᠣᠲᠣᠷ᠎ᠠ ᠳᠤᠯᠠᠭᠠᠨ ᠢ ᠨᠡᠮᠡᠭᠳᠡᠭᠦᠯᠬᠦ᠂ ᠳᠤᠯᠠᠭᠠᠨ ᠢ ᠬᠠᠳᠠᠭᠠᠯᠠᠬᠤ ᠠᠷᠭ᠎ᠠ ᠬᠡᠮᠵᠢᠶ᠎ᠡ ᠠᠪᠴᠤ᠂ ᠡᠳᠦᠷ ᠤᠨ ᠳᠤᠯᠠᠭᠠᠨ ᠤ ᠬᠡᠮᠵᠢᠶ᠎ᠡ ᠶᠢ 25~30℃ ᠪᠠᠶᠢᠯᠭᠠᠵᠤ᠂ ᠦᠳᠡ ᠶᠢᠨ ᠳᠤᠯᠠᠭᠠᠨ ᠤ ᠬᠡᠮᠵᠢᠶ᠎ᠡ ᠶᠢ 32℃ ᠪᠣᠯᠲᠠᠯ᠎ᠠ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号