ᠢᠨᠳᠡᠷ ᠲᠠᠬᠢ ᠲᠠᠪᠤᠳᠤᠭᠠᠷ ᠳᠤᠮᠳᠠᠳᠤ ᠰᠤᠷᠭᠠᠭᠤᠯᠢ ᠬᠠᠤᠯᠢᠵᠢᠯ ᠤᠨ ᠬᠥᠮᠦᠵᠢᠯ ᠤᠨ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2023/12/18
    ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠠᠤᠯᠢᠵᠢᠯ ᠤᠨ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠯ ᠲᠠᠢ ᠣᠷᠴᠢᠨ ᠲᠣᠭᠤᠷᠢᠨ ᠢ ᠬᠠᠮᠠᠭᠠᠯᠠᠬᠤ ᠶᠢᠨ ᠲᠦᠯᠦᠭᠡ᠂ 12 ᠰᠠᠷ᠎ᠠ ᠶᠢᠨ 8 ᠤ ᠡᠳᠦᠷ ᠂ ᠵᠠᠯᠠᠶᠢᠳ ᠬᠤᠰᠢᠭᠤᠨ ᠤ ᠢᠨᠳᠡᠷ ᠲᠠᠬᠢ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠬᠠᠤᠯᠢᠵᠢᠯ ᠤᠨ ᠳᠡᠳ᠋ ᠵᠠᠬᠢᠷᠤᠯ᠂ ᠬᠤᠰᠢᠭᠤᠨ ᠤ ᠪᠠᠶᠢᠴᠠᠭᠠᠬᠤ ᠬᠤᠷᠢᠶᠠᠨ ᠤ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠸᠧᠨ ᠵᠢᠶᠦ᠋ᠨ ᠢᠨᠳᠡᠷ ᠲᠠᠬᠢ ᠲᠠᠪᠤᠳᠤᠭᠠᠷ ᠳᠤᠮᠳᠠᠳᠤ ᠰᠤᠷᠭᠠᠭᠤᠯᠢ ᠪᠠᠷ ᠬᠦᠷᠴᠦ᠂ ᠪᠥᠬᠦ ᠪᠠᠭᠰᠢ ᠰᠤᠷᠤᠭᠴᠢᠳ ᠲᠤ ︽ᠦᠨᠳᠦᠰᠦᠨ ᠬᠠᠤᠯᠢ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠠᠤᠯᠢᠵᠢᠯ  ᠤᠨ ᠵᠣᠷᠢᠭ ᠰᠠᠨᠠᠭ᠎ᠠ ᠶᠢ ᠪᠠᠳᠠᠷᠠᠭᠤᠯᠤᠶ᠎ᠠ︾ ᠭᠡᠬᠦ ᠭᠤᠣᠯ ᠰᠡᠳᠦᠪᠲᠦ ᠬᠠᠤᠯᠢᠵᠢᠯ ᠤᠨ ᠬᠥᠮᠦᠵᠢᠯ ᠤᠨ ᠲᠤᠰᠬᠠᠢ ᠰᠡᠳᠦᠪᠲᠦ ᠲᠠᠶᠢᠯᠤᠮᠵᠢ ᠬᠢᠪᠡ᠃    ᠲᠣᠰ ᠤᠳᠠᠭᠠᠨ ᠤ ᠬᠠᠤᠯᠢᠵᠢᠯ ᠤᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠠᠵᠢᠯᠯᠠᠭ᠎ᠠ ᠪᠠᠷ ᠳᠠᠮᠵᠢᠭᠤᠯᠤᠨ᠂ ᠪᠠᠭᠰᠢ ᠰᠤᠷᠤᠭᠴᠢᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠤᠨ ᠵᠥᠪ ᠪᠤᠷᠤᠭᠤ ᠶᠢ ᠢᠯᠭᠠᠨ ᠲᠠᠨᠢᠬᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号