ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ ᠭᠠᠵᠢᠭᠤ ᠨᠣᠮᠯᠠᠯ ᠢ ᠢᠯᠭᠠᠨ ᠲᠠᠨᠢᠵᠤ ᠡᠷᠡᠰ ᠡᠰᠡᠷᠭᠦᠴᠡᠶ᠎ᠡ
ᠨᠡᠶᠢᠲᠡᠯᠡᠭᠰᠡᠨ ᠴᠠᠭ᠄
2023/12/21
      — ᠪᠦᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠳᠤ ᠥᠭᠭᠦᠭᠰᠡᠨ ᠵᠠᠬᠢᠳᠠᠯᠪᠦᠬᠦ ᠬᠤᠰᠢᠭᠤᠨ ᠤ ᠦᠷᠭᠡᠨ ᠤᠯᠠᠨ ᠮᠠᠯᠴᠢᠨ ᠲᠠᠷᠢᠶᠠᠴᠢᠨ ᠨᠠᠶᠢᠵᠠ ᠨᠠᠷ ᠡ᠄     ᠭᠠᠵᠢᠭᠤ ᠨᠤᠮᠯᠠᠯ ᠪᠤᠯ ᠬᠦᠮᠦᠨ ᠲᠦᠷᠦᠯᠬᠢᠳᠡᠨ ᠤ ᠪᠤᠯᠪᠠᠰᠤᠨ ᠤ ᠲᠠᠪᠰᠢᠯᠳᠠ ᠶᠢ ᠡᠪᠳᠡᠭᠰᠡᠨ ᠬᠤᠤᠷᠳᠤ ᠬᠠᠪᠤᠳᠠᠷ ᠪᠤᠯᠤᠨ᠎ᠠ᠂ ᠲᠡᠷᠡ ᠨᠢ ᠮᠤᠬᠤᠷ ᠪᠢᠰᠢᠷᠡᠯ ᠢ ᠤᠬᠠᠭᠤᠯᠵᠤ᠂ ᠰᠢᠨᠵᠢᠯᠡᠬᠦ ᠤᠬᠠᠭᠠᠨ ᠢ ᠡᠰᠡᠷᠭᠦᠴᠡᠵᠦ᠂ ᠣᠯᠠᠨ ᠲᠦᠮᠡᠨ ᠢ ᠮᠡᠬᠡᠯᠡᠬᠦ ᠪᠠᠷ ᠦᠯᠦ ᠪᠠᠷᠠᠨ᠂ ᠪᠠᠰᠠ ᠠᠮᠢ ᠨᠠᠰᠤ ᠶᠢ ᠬᠥᠨᠥᠭᠡᠵᠦ᠂ ᠬᠦᠮᠦᠨ ᠤ ᠡᠷᠬᠡ ᠶᠢ ᠲᠠᠯᠬᠢᠳᠠᠵᠤ᠂ ᠨᠡᠶᠢᠭᠡᠮ ᠢ ᠬᠤᠬᠢᠷᠠᠭᠤᠯᠤᠨ᠎ᠠ᠃ ᠭᠠᠵᠢᠭᠤ ᠨᠣᠮᠯᠠᠯ ᠲᠠᠢ ᠲᠡᠮᠡᠴᠡᠬᠦ ᠨᠢ ᠨᠠᠮ ᠪᠠ ᠵᠠᠰᠠᠭ ᠤᠨ ᠣᠷᠳᠣᠨ ᠤ ᠴᠢᠬᠤᠯᠠ ᠡᠭᠦᠷᠭᠡ ᠬᠠᠷᠢᠭᠤᠴᠠᠯᠭ᠎ᠠ ᠪᠣᠯᠬᠤ ᠮᠦᠷᠲᠡᠭᠡᠨ ᠪᠠᠰᠠ ᠨᠡᠶᠢᠭᠡᠮ ᠤᠨ ᠡᠯ᠎ᠡ ᠡᠲᠡᠭᠡᠳ ᠪᠠ ᠦᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠬᠠᠮᠳᠤ ᠶᠢᠨ ᠬᠠᠷᠢᠭᠤᠴᠠᠯᠭ᠎ᠠ ᠪᠤᠯᠤᠨ᠎ᠠ᠂ ᠲᠦᠷᠦᠯ ᠰᠠᠲᠤᠨ ᠨᠡᠶᠢᠭᠡᠮ ᠨᠦᠬᠦᠳ ᠢᠶᠠᠨ ᠭᠠᠵᠢᠭᠤ ᠨᠤᠮᠯᠠᠯ ᠤᠨ ᠬᠠᠯᠳᠠᠯᠭ᠎ᠠ ᠳᠤ ᠤᠴᠠᠷᠠᠭᠤᠯᠬᠤ ᠦᠭᠡᠢ᠂ ᠵᠤᠯ ᠵᠢᠷᠭᠠᠯᠲᠤ ᠭᠡᠷ ᠪᠦᠯᠢ ᠪᠠᠨ ᠭᠠᠵᠢᠭᠤ ᠨᠣᠮᠯᠠᠯ ᠳᠤ ᠡᠪᠳᠡᠭᠳᠡᠭᠦᠯᠬᠦ ᠦᠭᠡᠢ ᠶᠢᠨ ᠲᠦᠯᠦᠭᠡ᠂ ᠪᠢᠳᠡ ᠤᠨᠴᠠᠭᠠᠶᠢᠯᠠᠨ ᠣᠯᠠᠨ ᠪᠦᠭᠦᠳᠡᠭᠡᠷ ᠲᠤ ᠳᠣᠤᠷᠠᠬᠢ ᠮᠡᠲᠦ ᠰᠠᠨᠠᠭᠠᠴᠢᠯᠠᠶ᠎ᠠ᠄    ᠨᠢᠭᠡ᠂ ᠦᠪᠡᠷ ᠤᠨ ᠪᠡᠶ᠎ᠡ ᠠᠴᠠ ᠪᠠᠨ ᠡᠬᠢᠯᠡᠨ ᠬᠢᠵᠦ ᠭᠠᠵᠢᠭᠤ ᠨᠣᠮᠯᠠᠯ ᠢ ᠲᠡᠪᠴᠢᠶ᠎ᠠ᠃ ᠪᠢᠳᠡ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠳᠠ ᠶᠢᠨ ᠠᠶᠤᠯᠲᠠᠢ ᠮᠦᠨ ᠴᠢᠨᠠᠷ ᠢ ᠲᠣᠳᠣᠷᠬᠠᠢ ᠲᠠᠨᠢᠵᠤ᠂ ᠭᠠᠵᠢᠭᠤ ᠨᠤᠮᠯᠠᠯ ᠤᠨ ᠵᠤᠬᠢᠶᠠᠨ ᠪᠠᠶᠢᠭᠤᠯᠤᠯᠳᠠ ᠶᠢᠨ ᠦᠳᠦᠭᠡᠯᠭᠡ ᠶᠢ ᠡᠷᠡᠰ ᠡᠰᠡᠷᠭᠦᠴᠡᠨ ᠬᠤᠷᠢᠭᠯᠠᠵᠤ᠂ ᠭᠠᠵᠢᠭᠤ ᠨᠣᠮᠯᠠᠯ ᠤᠨ ᠠᠵᠢᠯᠯᠠᠭ᠎ᠠ ᠲᠣᠬᠢᠶᠠᠯᠳᠤᠪᠠᠯ ᠢᠲᠡᠭᠡᠬᠦ ᠦᠭᠡᠢ᠂ ᠳᠠᠮᠵᠢᠭᠤᠯᠬᠤ ᠦᠭᠡᠢ᠂ ᠣᠷᠣᠯᠴᠠᠬᠤ ᠦᠭᠡᠢ᠂ ᠴᠠᠭ ᠲᠤᠬᠠᠢ ᠳᠤ ᠨᠢ ᠢᠯᠡᠴᠢᠯᠡᠨ ᠮᠡᠳᠡᠭᠦᠯᠦᠶ᠎ᠡ᠃    ᠬᠤᠶᠠᠷ᠂ ᠰᠢᠨᠵᠢᠯᠡᠬᠦ ᠤᠬᠠᠭᠠᠨ ᠢ ᠡᠷᠬᠢᠮᠯᠡᠵᠦ ᠭᠠᠵᠢᠭᠤ ᠨᠣᠮᠯᠠᠯ ᠠᠴᠠ ᠬᠤᠯᠠᠬᠠᠨ ᠵᠠᠶᠢᠯᠠᠶ᠎ᠠ᠃ ᠪᠢᠳᠡ ᠰᠠᠨᠠᠭᠠᠴᠢᠯᠠᠭ᠎ᠠ ᠠᠴᠠ ᠪᠠᠨ ᠰᠢᠨᠵᠢᠯᠡᠬᠦ ᠤᠬᠠᠭᠠᠨ ᠰᠤᠶᠤᠯ ᠤᠨ ᠮᠡᠳᠡᠯᠭᠡ ᠶᠢ ᠡᠵᠡᠮᠰᠢᠵᠦ᠂ ᠵᠦᠪ ᠠᠮᠢᠳᠤᠷᠠᠬᠤᠢ ᠶᠢᠨ ᠦᠵᠡᠯᠲᠡ ᠪᠠ ᠦᠷᠲᠡᠭ ᠤᠨ ᠦᠵᠡᠯᠲᠡ ᠶᠢ ᠪᠤᠢ ᠪᠤᠯᠭᠠᠵᠦ᠂ ᠡᠷᠡᠭᠦᠯ ᠥᠭᠡᠳᠡᠷᠬᠡᠭ ᠰᠣᠶᠣᠯ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠤᠷᠤᠯᠴᠠᠵᠤ ᠡᠷᠡᠭᠦᠯ ᠰᠠᠷᠠᠭᠤᠯ ᠠᠮᠢᠳᠤᠷᠠᠯ ᠢᠶᠠᠷ ᠬᠦᠮᠦᠨ ᠤ ᠠᠮᠢᠳᠤᠷᠠᠯ ᠢᠶᠠᠨ ᠪᠠᠶᠠᠯᠢᠭᠵᠢᠭᠤᠯᠤᠶ᠎ᠠ᠃    ᠭᠤᠷᠪᠠ᠂ ᠪᠤᠰᠤᠳ ᠢ  ᠲᠠᠶᠢᠴᠢᠯᠡᠵᠤ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠶ᠎ᠠ᠃ ᠪᠢᠳᠡ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠮᠡᠬᠡᠯᠡᠯ ᠤᠨ ᠮᠦᠨ ᠴᠢᠨᠠᠷ ᠢ ᠲᠣᠳᠣᠷᠬᠠᠢ ᠲᠠᠨᠢᠵᠤ᠂ ᠲᠥᠷᠥᠯ ᠰᠠᠳᠤᠨ᠂ ᠨᠠᠶᠢᠵᠠ ᠨᠠᠷ ᠪᠣᠯᠤᠨ ᠬᠥᠷᠰᠢ ᠰᠠᠭᠠᠬᠠᠯᠲᠠ ᠳᠠᠭᠠᠨ ᠭᠠᠵᠢᠭᠤ ᠨᠣᠮᠯᠠᠯ ᠤᠨ ᠬᠤᠣᠷ ᠬᠦᠨᠦᠭᠡᠯ ᠢ ᠤᠬᠠᠭᠤᠯᠵᠤ᠂ ᠨᠡᠩ ᠣᠯᠠᠨ ᠬᠦᠮᠦᠨ ᠢ ᠭᠠᠵᠢᠭᠤ ᠨᠣᠮᠯᠠᠯ ᠢ ᠡᠰᠡᠷᠭᠦᠴᠡᠬᠦ ᠡᠩᠨᠡᠭᠡᠨ ᠳᠤ ᠣᠷᠣᠯᠴᠠᠭᠤᠯᠤᠶ᠎ᠠ᠃    ᠭᠠᠵᠢᠭᠤ ᠨᠤᠮᠯᠠᠯ ᠮᠢᠩᠭ᠎ᠠ ᠲᠦᠮᠡᠨ ᠭᠡᠷ ᠪᠦᠯᠢ ᠶᠢ ᠰᠠᠷᠨᠢᠭᠤᠯᠵᠤ ᠪᠤᠢ᠃ ᠭᠠᠵᠢᠭᠤ ᠨᠣᠮᠯᠠᠯ ᠢ ᠡᠰᠡᠷᠭᠦᠴᠡᠬᠦ ᠳᠤ ᠪᠢᠳᠡ ᠪᠦᠭᠦᠳᠡᠭᠡᠷ ᠢᠶᠠᠨ ᠤᠷᠤᠯᠴᠠᠶ᠎ᠠ᠃ ᠪᠢᠳᠡ ᠭᠠᠷ ᠭᠠᠷ ᠢᠶᠠᠨ ᠬᠤᠯᠪᠣᠯᠴᠠᠨ ᠭᠠᠵᠢᠭᠤ ᠨᠣᠮᠯᠠᠯ ᠢ ᠡᠰᠡᠷᠭᠦᠴᠡᠵᠦ᠂ ᠭᠠᠵᠢᠭᠤ ᠨᠣᠮᠯᠠᠯ ᠦᠭᠡᠢ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠴᠤᠭᠴᠠᠯᠠᠨ  ᠪᠠᠶᠢᠭᠤᠯᠵᠠᠭᠠᠶ᠎ᠠ᠃     ᠬᠠᠮᠤᠭ ᠰᠡᠭᠦᠯ ᠳᠤ᠂ ᠲᠠ ᠨᠠᠷ ᠵᠢᠴᠢ ᠭᠡᠷ ᠤᠨ ᠬᠥᠮᠦᠰ ᠤᠨ ᠪᠡᠶ᠎ᠡ ᠮᠠᠬᠠᠪᠣᠳ ᠡᠷᠡᠭᠦᠯ ᠴᠢᠭᠢᠷᠠᠭ᠂ ᠭᠡᠷ ᠬᠤᠲᠠᠯᠠᠭᠠᠷ ᠢᠶᠠᠨ ᠵᠣᠯ ᠵᠢᠷᠭᠠᠯᠲᠠᠢ ᠪᠠᠶᠢᠬᠤ ᠶᠢ ᠴᠢᠩ ᠰᠡᠳᠬᠢᠯ ᠠᠴᠠ ᠪᠠᠨ ᠵᠦᠩᠨᠡᠶ᠎ᠡ︕                       ᠵᠠᠯᠠᠶᠢᠳ ᠬᠤᠰᠢᠭᠤᠨ ᠤ ᠭᠠᠵᠢᠭᠤ ᠨᠤᠮᠯᠠᠯ ᠢ ᠡᠰᠡᠷᠭᠦᠴᠡᠬᠦ ᠨᠡᠶᠢᠭᠡᠮᠯᠢᠭ                         2023 ᠣᠨ ᠤ 12 ᠰᠠᠷ᠎ᠠ ᠶᠢᠨ 19 ᠤ ᠡᠳᠣᠷ
 
ᠢᠷᠡᠯᠲᠡ᠄ ᠵᠠᠯᠠᠶᠢᠳ ᠬᠤᠰᠢᠭᠤᠨ ᠤ ᠭᠠᠵᠢᠭᠤ ᠨᠤᠮᠯᠠᠯ ᠢ ᠡᠰᠡᠷᠭᠦᠴᠡᠬᠦ ᠨᠡᠶᠢᠭᠡᠮᠯᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号