ᠡᠰᠢ ᠰᠦᠷᠡᠯ ᠢ ᠡᠷᠳᠡᠨᠢ  ᠪᠤᠯᠭᠠᠭᠰᠠᠨ ᠨᠢ
ᠨᠡᠶᠢᠲᠡᠯᠡᠭᠰᠡᠨ ᠴᠠᠭ᠄
2023/12/25
    ᠪᠠᠳᠠᠷᠠᠬᠤ ᠮᠠᠯᠵᠢᠯ ᠤᠨ ᠲᠠᠯᠠᠪᠠᠢ ᠶᠢᠨ ᠠᠵᠢᠯᠳᠠᠨ ᠵᠶᠢ ᠯᠢᠶᠠᠨ ᠵᠢᠶᠦ᠋ᠨ ᠡᠰᠢ ᠰᠦᠷᠡᠯ ᠢ ᠪᠤᠭᠤᠳᠠᠯᠯᠠᠬᠤ ᠠᠵᠢᠯ ᠢ 13 ᠵᠢᠯ ᠬᠢᠵᠦ ᠪᠤᠢ᠂ ᠲᠡᠷᠠ ᠬᠤᠪᠢᠨ ᠤ ᠡᠷᠳᠡᠨᠢ ᠰᠢᠰᠢ ᠶᠢᠨ ᠡᠰᠢ ᠰᠦᠷᠡᠯ ᠢᠶᠠᠨ ᠪᠤᠭᠤᠳᠠᠯᠯᠠᠵᠤ ᠪᠠᠷᠠᠮᠠᠬᠴᠠ ᠤᠶᠢᠷ᠎ᠠ ᠬᠠᠪᠢ ᠶᠢᠨ ᠲᠤᠰᠬᠤᠨ ᠤ ᠠᠷᠠᠳ ᠤᠨ ᠡᠰᠢ ᠰᠦᠷᠡᠯ ᠢ ᠪᠤᠭᠤᠳᠠᠯᠯᠠᠨ᠂ ᠤᠷᠤᠯᠭ᠎ᠠ ᠪᠠᠨ ᠨᠡᠮᠡᠭᠳᠡᠬᠦᠯᠵᠤ ᠪᠤᠢ᠃ ︽ᠪᠢ ᠪᠦᠳᠦᠨ ᠡᠳᠤᠷ ᠠᠵᠢᠯᠯᠠᠵᠤ᠂ ᠵᠢᠯ ᠳᠤ 2000 ᠮᠤ᠋ ᠡᠷᠳᠡᠨᠢ ᠰᠢᠰᠢ ᠶᠢᠨ ᠡᠰᠢ ᠰᠦᠷᠡᠯ ᠢ ᠪᠤᠭᠤᠳᠠᠯᠯᠠᠵᠤ᠂ ᠪᠠᠷᠤᠭ 10 ᠲᠦᠮᠡᠨ ᠲᠦᠬᠦᠷᠢᠭ ᠤᠯᠤᠨ᠎ᠠ︾ ᠭᠡᠵᠤ ᠵᠶᠢ ᠯᠢᠶᠠᠨ ᠵᠢᠶᠦ᠋ᠨ ᠶᠠᠷᠢᠨ᠎ᠠ᠃     ᠡᠰᠢ ᠰᠦᠷᠡᠯ ᠢ ᠲᠠᠷᠢᠶᠠᠨ ᠠᠴᠠ ᠰᠢᠯᠵᠢᠬᠦᠯᠬᠦ ᠨᠢ ᠤᠷᠤᠯᠭ᠎ᠠ ᠪᠠᠨ ᠨᠡᠮᠡᠭᠳᠡᠬᠦᠯᠬᠦ ᠪᠠᠷ ᠪᠠᠷᠠᠬᠤ ᠦᠭᠡᠢ ᠪᠠᠰᠠ ᠮᠠᠯ ᠤᠨ ᠲᠡᠵᠢᠭᠡᠯ ᠪᠤᠷᠳᠤᠭ᠎ᠠ ᠪᠠᠨ ᠰᠶᠢᠳᠪᠦᠷᠢᠯᠡᠴᠢᠭᠡᠨ᠎ᠠ᠃ ᠳ᠋ᠦᠩ ᠲᠢᠩ ᠲᠢᠩ ᠪᠤᠯ ᠪᠠᠳᠠᠷᠠᠬᠤ ᠮᠠᠯᠵᠢᠯ ᠤᠨ ᠲᠠᠯᠠᠪᠠᠢ ᠶᠢᠨ ᠲᠡᠵᠢᠭᠡᠪᠦᠷᠢ ᠶᠢᠨ ᠲᠤᠮᠤ ᠡᠷᠤᠬᠡ᠂ ᠲᠠᠷᠢᠵᠤ ᠲᠡᠵᠢᠭᠡᠬᠦ ᠡᠷᠬᠢᠯᠳᠠ ᠶᠢ ᠰᠠᠶᠢᠵᠢᠷᠠᠭᠤᠯᠵᠦ᠂ ᠮᠢᠬᠠᠨ ᠦᠬᠡᠷ ᠤᠨ ᠲᠡᠵᠢᠭᠡᠯ ᠪᠤᠷᠳᠤᠭ᠎ᠠ ᠶᠢᠨ ᠦᠪᠠᠷ ᠤᠨ ᠦᠷᠳᠡᠭ ᠢ ᠪᠠᠭᠤᠷᠠᠭᠤᠯᠬᠤ ᠪᠠᠷ ᠲᠡᠷᠠ 2017 ᠤᠨ ᠳᠤ ᠡᠰᠢ ᠰᠦᠷᠡᠯ ᠪᠤᠭᠤᠳᠠᠯᠯᠠᠬᠤ ᠮᠠᠰᠢᠨ ᠬᠤᠳᠠᠯᠳᠤᠨ ᠠᠪᠴᠤ᠂ ᠬᠡᠮᠬᠡᠯᠡᠭᠰᠡᠨ ᠡᠰᠢ ᠰᠦᠷᠡᠯ ᠢ ᠲᠡᠵᠢᠭᠡᠯ ᠪᠤᠷᠳᠤᠭ᠎ᠠ ᠲᠠᠢ ᠬᠤᠯᠢᠵᠤ ᠮᠠᠯ ᠢᠶᠠᠨ ᠲᠡᠵᠢᠭᠡᠵᠤ ᠪᠤᠢ᠃ ᠡ᠊ᠨᠠ ᠵᠢᠯ ᠤᠨ ᠨᠠᠮᠤᠷ ᠤᠨ ᠬᠤᠷᠢᠶᠠᠯᠳᠠ ᠪᠤᠯᠤᠮᠠᠬᠴᠠ ᠲᠡᠷᠠ ᠡᠰᠢ ᠰᠦᠷᠡᠯ ᠢᠶᠠᠨ ᠪᠤᠭᠤᠳᠠᠯᠯᠠᠵᠤ᠂ ᠮᠢᠬᠠᠨ ᠦᠬᠡᠷ ᠤᠨ ᠢᠶᠠᠨ ᠡᠪᠤᠯᠵᠢᠬᠦ ᠪᠤᠷᠳᠤᠭ᠎ᠠ ᠪᠤᠯᠭᠠᠯ᠎ᠠ᠃ ︽ᠮᠠᠨ ᠤ ᠬᠢᠨ 80 ᠮᠠᠯ ᠲᠡᠵᠢᠭᠡᠵᠤ ᠪᠠᠶᠢᠬᠤ ᠪᠤᠯᠬᠤᠷ ᠡᠪᠡᠰᠤ ᠪᠤᠷᠳᠤᠭ᠎ᠠ ᠠᠷᠪᠢᠨ ᠬᠡᠷᠡᠭᠰᠡᠨ᠎ᠠ᠂ ᠡᠳᠡᠭᠡᠷ ᠬᠡᠮᠬᠡᠯᠡᠭᠰᠡᠨ ᠡᠰᠢ ᠰᠦᠷᠡᠯ ᠢ ᠲᠡᠵᠢᠭᠡᠯ ᠪᠤᠷᠳᠤᠭ᠎ᠠ ᠲᠠᠢ ᠬᠤᠯᠢᠵᠤ ᠪᠠᠶᠢᠭᠠᠳ ᠮᠠᠯ ᠢᠶᠠᠨ ᠲᠡᠵᠢᠭᠡᠪᠡᠯ ᠮᠠᠯ ᠤᠨ ᠦᠰᠤᠯᠳᠠ ᠶᠢ ᠲᠦᠷᠭᠡᠳᠭᠡᠬᠦ ᠪᠠᠷ ᠪᠠᠷᠠᠬᠤ ᠦᠭᠡᠢ ᠡᠪᠡᠳᠴᠢᠨ ᠢ ᠨᠢ ᠰᠡᠷᠭᠡᠶᠢᠯᠡᠵᠦ᠂ ᠵᠢᠯ ᠪᠦᠷᠢ ᠨᠢᠭᠡ ᠮᠠᠯ ᠲᠡᠭᠡᠷ᠎ᠠ ᠠᠴᠠ 1500 ᠲᠦᠬᠦᠷᠢᠭ ᠠᠷᠪᠢᠯᠠᠨ᠎ᠠ︾ ᠭᠡᠵᠤ ᠳ᠋ᠦᠩ ᠲᠢᠩ ᠲᠢᠩ ᠡᠰᠢ ᠰᠦᠷᠡᠯ ᠢ ᠪᠤᠭᠤᠳᠠᠯᠯᠠᠭᠰᠠᠨ ᠠᠵᠤ ᠠᠬᠤᠢ ᠶᠢᠨ ᠲᠠᠩᠰᠠ ᠪᠠᠨ ᠪᠤᠳᠤᠭᠠᠳ ᠪᠠᠶᠠᠷᠯᠠᠨ᠎ᠠ᠃     ᠡᠰᠢ ᠰᠦᠷᠡᠯ ᠢ ᠪᠤᠭᠤᠳᠠᠯᠯᠠᠨ ᠲᠠᠷᠢᠶᠠᠨ ᠠᠴᠠ ᠰᠢᠯᠵᠢᠬᠦᠯᠬᠦ ᠨᠢ ᠡᠰᠢ ᠰᠦᠷᠠᠯ ᠢ ᠰᠶᠢᠳᠪᠤᠷᠢᠯᠡᠬᠦ ᠬᠦᠴᠢᠷ ᠠᠰᠠᠭᠤᠳᠠᠯ ᠢ ᠰᠶᠢᠳᠪᠤᠷᠢᠯᠡᠭᠰᠡᠨ ᠢᠶᠠᠷ ᠪᠠᠷᠠᠬᠤ ᠦᠭᠡᠢ ᠲᠡᠵᠢᠭᠡᠪᠦᠷᠢ ᠶᠢᠨ ᠡᠷᠤᠬᠡ ᠶᠢᠨ ᠪᠤᠷᠳᠤᠭᠠᠨ ᠤ ᠠᠰᠠᠭᠤᠳᠠᠯ ᠢ ᠰᠶᠢᠳᠪᠤᠷᠢᠯᠡᠵᠤ᠂ ᠠᠵᠤ ᠦᠢᠯᠡᠰ ᠢ ᠬᠦᠭᠵᠢᠬᠦᠯᠤᠨ᠂ ᠲᠤᠰᠬᠤᠨ ᠤ ᠠᠷᠠᠳ ᠢ ᠪᠠᠶᠠᠵᠢᠭᠤᠯᠵᠤ᠂ ᠤᠷᠴᠢᠨ ᠲᠤᠭᠤᠷᠢᠨ ᠢ ᠭᠤᠶᠤᠯᠢᠭᠵᠢᠭᠤᠯᠤᠨ᠂ ︽ᠠᠮᠢ ᠠᠬᠤᠢ ᠶᠢᠨ ᠲᠠᠷᠤᠭᠠᠰᠤ︾ ᠶᠢ ︽ᠪᠤᠬᠢᠷᠳᠤᠯ ᠦᠭᠡᠢ ᠡᠳ᠋ ᠬᠦᠷᠤᠩᠭᠡ ︾ ᠪᠤᠯᠭᠠᠪᠠ᠃ ᠪᠠᠳᠠᠷᠠᠬᠤ ᠮᠠᠯᠵᠢᠯ ᠤᠨ ᠲᠠᠯᠠᠪᠠᠢ ᠶᠢᠨ ᠦᠢᠯᠡᠳᠪᠤᠷᠢᠯᠡᠯ ᠤᠨ ᠲᠠᠰᠤᠭ ᠤᠨ ᠲᠠᠷᠤᠭ᠎ᠠ ᠳ᠋ᠦᠩ ᠰᠢᠶᠤᠤ ᠢᠥᠢ᠄ ︽ᠮᠠᠯᠵᠢᠯ ᠤᠨ ᠲᠠᠯᠠᠪᠠᠢ ᠶᠢᠨ ᠬᠢᠨ ᠡᠰᠢ ᠰᠦᠷᠡᠯ ᠢ ᠢᠯᠴᠢ ᠬᠦᠴᠤᠨ ᠤ ᠺᠤᠮᠫᠠᠨᠢ ᠳᠤ ᠬᠤᠳᠠᠯᠳᠤᠨ ᠦᠭᠬᠦ ᠪᠠ ᠲᠡᠵᠢᠭᠡᠪᠦᠷᠢ ᠲᠡᠵᠢᠭᠡᠬᠦ ᠶᠢ ᠤᠶᠠᠯᠳᠤᠭᠤᠯᠬᠤ ᠲᠤᠬᠠᠢ ᠲᠠᠷᠢᠶᠠᠴᠢᠳ ᠢ ᠵᠤᠷᠢᠭᠵᠢᠭᠤᠯᠤᠭᠰᠠᠨ ᠠᠴᠠ ᠡᠰᠢ ᠰᠦᠷᠠᠯ ᠢ ᠦᠨᠳᠤᠷ ᠪᠦᠳᠤᠮᠵᠢᠳᠠᠢ ᠠᠰᠢᠭᠯᠠᠵᠤ᠂ ᠮᠠᠯᠵᠢᠯ ᠤᠨ ᠲᠠᠯᠠᠪᠠᠢ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠦᠭᠰᠡᠨ ᠢᠶᠠᠷ ᠪᠠᠷᠠᠬᠤ ᠦᠭᠡᠢ ᠠᠵᠢᠯᠳᠠᠨ ᠤ ᠤᠷᠤᠯᠭ᠎ᠠ ᠶᠢ ᠨᠡᠮᠡᠭᠳᠡᠬᠦᠯᠦᠯ᠎ᠡ︾ ᠭᠡᠵᠤ ᠲᠠᠨᠢᠯᠴᠠᠭᠤᠯᠤᠨ᠎ᠠ     ᠤᠶᠢᠯᠠᠭᠠᠭᠰᠠᠨ ᠢᠶᠠᠷ᠂ ᠪᠠᠳᠠᠷᠠᠬᠤ ᠮᠠᠯᠵᠢᠯ ᠤᠨ ᠲᠠᠯᠠᠪᠠᠢ ᠡ᠊ᠨᠠ ᠵᠢᠯ 50000 ᠭᠠᠷᠤᠢ ᠮᠤ᠋ ᠡᠷᠳᠡᠨᠢ ᠰᠢᠰᠢ ᠲᠠᠷᠢᠵᠤ᠂ 95% ᠶᠢᠨ ᠡᠷᠳᠡᠨᠢ ᠰᠢᠰᠢ ᠶᠢᠨ ᠡᠰᠢ ᠰᠦᠷᠡᠯ ᠢ ᠲᠠᠷᠢᠶᠠᠨ ᠠᠴᠠ ᠰᠢᠯᠵᠢᠭᠦᠯᠵᠦ᠂ ᠠᠵᠢᠯᠳᠠᠳ ᠤᠨ ᠤᠷᠤᠯᠭ᠎ᠠ ᠶᠢ 90 ᠭᠠᠷᠤᠢ ᠲᠦᠮᠡᠨ ᠲᠦᠬᠦᠷᠢᠭ ᠲᠤ ᠬᠦᠷᠭᠡᠵᠦ᠂ ᠭᠠᠭᠴᠠᠬᠦ ᠡᠰᠢ ᠰᠦᠷᠠᠯ ᠢ ᠬᠤᠷᠢᠶᠠᠭᠠᠳ ᠤᠯᠤᠬᠰᠠᠨ ᠤᠷᠤᠯᠭ᠎ᠠ ᠶᠢ 270 ᠭᠠᠷᠤᠢ ᠲᠦᠮᠡᠨ ᠲᠦᠬᠦᠷᠢᠭ ᠲᠤ ᠬᠦᠷᠭᠡᠭᠰᠡᠨ ᠪᠠᠶᠢᠨ᠎ᠠ᠃                                              · ᠴᠤᠯᠮᠤᠨ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号