| ᠣᠢᠢᠷ᠎ᠠ ᠳᠤ᠂ ᠵᠠᠷᠢᠮ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠬᠢᠴᠢᠶᠡᠯ ᠤᠨ | ᠵᠠᠪᠰᠠᠷᠯᠠᠭ᠎ᠠ ᠶᠢᠨ 10 ᠮᠢᠨᠦ᠋ᠲ ᠤᠨ ᠬᠦᠳᠡᠯᠭᠡᠭᠡᠨ ᠨᠢ ᠬᠢᠵᠠᠭᠠᠷᠯᠠᠭᠳᠠᠭᠰᠠᠨ︾ ᠠᠰᠠᠭᠤᠳᠠᠯ ᠨᠡᠶᠢᠭᠡᠮ ᠨᠡᠶᠢᠲᠡ ᠶᠢᠨ | ᠠᠩᠬᠠᠷᠤᠯ ᠢ ᠥᠷᠭᠡᠨ ᠢᠶᠠᠷ ᠲᠠᠲᠠᠵᠤ᠂ ᠰᠢᠨᠬᠤᠸᠠ ᠬᠤᠷᠢᠶᠠᠨ ᠤ ︽ᠰᠢᠨᠬᠤᠸᠠ ᠬᠠᠷᠠᠭᠠᠨ ᠴᠡᠭ︾ ᠤᠨ | ᠰᠤᠷᠪᠤᠯᠵᠢᠯᠠᠭᠴᠢ ᠡᠭᠦᠨ ᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ | ᠨᠥᠬᠦᠳ ᠢ ᠰᠤᠷᠪᠤᠯᠵᠢᠯᠠᠪᠠ᠃ | ᠲᠤᠰ ᠬᠠᠷᠢᠭᠤᠴᠠᠯᠭᠠᠲᠠᠨ᠂ ᠳᠤᠮᠳᠠᠳᠤ ᠪᠠᠭ᠎ᠠ ᠰᠤᠷᠭᠠᠭᠤᠯᠢ ᠳᠤ ᠬᠢᠴᠢᠶᠡᠯ ᠤᠨ ᠵᠠᠪᠰᠠᠷᠯᠠᠭ᠎ᠠ | ᠲᠣᠬᠢᠷᠠᠭᠤᠯᠬᠤ ᠨᠢ ᠮᠠᠰᠢ ᠴᠢᠬᠤᠯᠠ ᠪᠥᠭᠡᠳ ᠰᠤᠷᠤᠭᠴᠢᠳ ᠤᠨ ᠤᠷᠮ᠎ᠠ ᠰᠡᠳᠬᠢᠯᠭᠡ ᠪᠠᠨ ᠲᠣᠬᠢᠷᠠᠭᠤᠯᠬᠤ᠂ ᠪᠡᠶ᠎ᠡ | ᠰᠡᠳᠬᠢᠯ ᠢᠶᠠᠨ ᠲᠠᠶᠢᠪᠤᠰᠢᠷᠠᠭᠤᠯᠬᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠣᠢᠢᠷ᠎ᠠ ᠬᠠᠷᠠᠭ᠎ᠠ ᠶᠢ | ᠰᠡᠷᠭᠡᠶᠢᠯᠡᠨ ᠡᠵᠡᠮᠳᠡᠬᠦ ᠳᠤ ᠠᠰᠢᠭᠲᠠᠶ ᠶᠤᠮ᠃ ᠰᠤᠷᠭᠠᠨ ᠬᠥᠮᠦᠵᠢᠯ ᠤᠨ ᠶᠠᠮᠤᠨ ᠰᠤᠷᠤᠭᠴᠢᠳ ᠤᠨ ᠬᠢᠴᠢᠶᠡᠯ ᠤᠨ | ᠵᠠᠪᠰᠠᠷᠯᠠᠭ᠎ᠠ ᠶᠢᠨ ᠴᠠᠭ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2021 ᠣᠨ ᠤ 9 ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠨᠠᠰᠤᠨ ᠳᠤ ᠥᠯᠥ ᠬᠦᠷᠦᠭᠰᠡᠳ ᠤᠨ ᠰᠤᠷᠭᠠᠭᠤᠯᠢ ᠳᠠᠬᠢ | ᠬᠠᠮᠠᠭᠠᠯᠠᠯᠲᠠ ᠶᠢᠨ ᠲᠣᠭᠲᠠᠭᠠᠯ︾ ︵ᠰᠤᠷᠭᠠᠨ ᠬᠥᠮᠦᠵᠢᠯ ᠤᠨ ᠶᠠᠮᠤᠨ ᠤ ᠵᠠᠷᠯᠢᠭ 50 ᠳ᠋ᠤᠭᠠᠷ ᠲᠣᠭᠠᠲᠤ︶ ᠳᠤ᠂ | ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠵᠢᠴᠢ ᠪᠤᠰᠤᠳ ᠵᠢᠭᠠᠨ ᠰᠤᠷᠭᠠᠯᠲᠠ ᠶᠢᠨ ᠪᠤᠰᠤ ᠴᠠᠭ ᠤᠨ ᠵᠦᠶ | ᠶᠣᠰᠣᠨ ᠤ ᠰᠣᠯᠢᠯᠴᠠᠭ᠎ᠠ᠂ ᠲᠣᠭᠯᠠᠭᠠᠮ᠂ ᠬᠢᠴᠢᠶᠡᠯ ᠤᠨ ᠬᠡᠷ ᠠᠴᠠ ᠭᠠᠷᠴᠤ ᠬᠦᠳᠡᠯᠭᠡᠭᠡᠨ ᠬᠢᠬᠦ ᠵᠡᠷᠭᠡ ᠦᠭᠡ ᠶᠠᠷᠢᠶ᠎ᠠ | ᠦᠢᠯᠡ ᠠᠵᠢᠯᠯᠠᠭ᠎ᠠ ᠳᠤ ᠴᠢᠬᠤᠯᠠ ᠪᠤᠰᠤ ᠬᠢᠵᠠᠭᠠᠷᠯᠠᠯ ᠭᠠᠷᠭᠠᠵᠤ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠪᠠ᠃ | ᠪᠣᠳᠠᠲᠠᠶ ᠠᠵᠢᠯ ᠤᠨ ᠳᠤᠮᠳᠠ᠂ ᠳᠤᠮᠳᠠᠳᠤ ᠪᠠᠭ᠎ᠠ ᠰᠤᠷᠭᠠᠭᠤᠯᠢ ᠡᠳᠦᠷ ᠪᠦᠷᠢ 30 ᠮᠢᠨᠦ᠋ᠲ ᠤᠨ ᠬᠢᠴᠢᠶᠡᠯ ᠤᠨ | ᠵᠠᠪᠰᠠᠷᠯᠠᠭ᠎ᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠨᠢᠭᠡᠳᠦᠯᠲᠡᠶ ᠲᠣᠬᠢᠷᠠᠭᠤᠯᠵᠤ᠂ ᠬᠢᠴᠢᠶᠡᠯ ᠤᠨ ᠵᠠᠪᠰᠠᠷᠯᠠᠭ᠎ᠠ | ᠪᠦᠷᠢ ᠳᠤ ᠰᠤᠷᠤᠭᠴᠢᠳ ᠤᠨ ᠬᠢᠴᠢᠶᠡᠯ ᠤᠨ ᠭᠡᠷ ᠠᠴᠠ ᠭᠠᠷᠴᠤ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ ᠪᠠ ᠪᠡᠶ᠎ᠡ | ᠰᠡᠳᠬᠢᠯ ᠢᠶᠠᠨ ᠠᠮᠠᠷᠠᠭᠤᠯᠬᠤ ᠶᠢ ᠱᠠᠭᠠᠷᠳᠠᠪᠠ ᠭᠡᠵᠡᠢ᠃ | ᠲᠣᠰ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠶᠠᠮᠤᠨ ᠣᠷᠣᠨ ᠨᠤᠲᠤᠭ ᠪᠠ ᠰᠤᠷᠭᠠᠭᠤᠯᠢ ᠶᠢ ᠤᠯᠠᠮ | ᠴᠢᠨᠠᠬᠰᠢᠲᠠ ᠱᠠᠯᠠᠪᠳᠠᠭᠤᠯᠤᠨ ᠱᠠᠭᠠᠷᠳᠠᠵᠤ ᠪᠠᠶᠢᠭᠠᠳ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠰᠤᠷᠤᠭᠴᠢᠳ ᠤᠨ ᠪᠡᠶ᠎ᠡ ᠰᠡᠳᠬᠢᠯ ᠤᠨ | ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ︽ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ︾ | ᠪᠠᠷ ᠰᠤᠷᠤᠭᠴᠢᠳ ᠤᠨ ᠴᠢᠬᠤᠯᠠ ᠪᠥᠬᠦᠶ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ ᠪᠠ ᠬᠦᠳᠡᠯᠭᠡᠭᠡᠨ ᠢ | ᠬᠢᠵᠠᠭᠠᠷᠯᠠᠬᠤ ᠠᠷᠭ᠎ᠠ ᠬᠢᠳᠡᠯ ᠢ ᠡᠷᠡᠰ ᠵᠠᠯᠠᠷᠠᠭᠤᠯᠤᠨ᠎ᠠ᠃ ᠣᠷᠣᠨ ᠨᠤᠲᠤᠭ ᠪᠠ ᠰᠤᠷᠭᠠᠭᠤᠯᠢ ᠶᠢ ᠵᠢᠯᠣᠭᠤᠳᠴᠤ | ᠪᠠᠶᠢᠭᠠᠳ ᠬᠠᠮᠢᠶᠠᠷᠤᠯᠲᠠ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠢᠨᠵᠢᠯᠡᠬᠦ | ᠤᠬᠠᠭᠠᠨᠴᠢ ᠪᠠᠷ ᠬᠡᠷᠡᠭᠵᠢᠭᠦᠯᠵᠦ᠂ ᠬᠡᠷ ᠤᠨ ᠭᠠᠳᠠᠨᠠᠬᠢ ᠲᠠᠯᠠᠪᠤᠷ ᠭᠠᠵᠠᠷ ᠢ ᠳᠠᠷᠠᠭᠠᠯᠠᠨ ᠪᠠᠶᠢᠴᠠᠭᠠᠬᠤ ᠪᠠ | ᠬᠥᠮᠦᠰ ᠤᠨ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠤ ᠶᠡᠷᠦ ᠶᠢᠨ | ᠮᠡᠳᠡᠯᠭᠡ ᠶᠢᠨ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠡ᠊ᠨᠳᠡᠯ ᠤᠨ ᠠᠶᠤᠯ ᠲᠦᠭᠰᠢᠭᠦᠷᠢ ᠶᠢ ᠬᠠᠮᠤᠭ ᠤᠨ | ᠳᠤᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠬᠡᠦᠬᠡᠳ ᠤᠳ ᠢ ᠪᠠᠶᠠᠷ ᠬᠥᠷ ᠲᠠᠢ ᠰᠠᠨᠠᠭ᠎ᠠ ᠠᠮᠤᠷ | ᠬᠥᠳᠡᠯᠭᠡᠭᠡᠨ ᠬᠢᠯᠭᠡᠬᠦ ᠬᠡᠷᠡᠭᠲᠡᠢ᠃ ᠡᠭᠦᠨ ᠤ ᠬᠠᠮᠲᠤ᠂ ᠰᠤᠷᠭᠠᠭᠤᠯᠢ ᠠᠴᠠ ᠬᠡᠷ ᠪᠦᠯᠢ ᠰᠤᠷᠭᠠᠭᠤᠯᠢ ᠨᠡᠶᠢᠭᠡᠮ ᠤᠨ | ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠡᠷ ᠤᠨ ᠠᠬᠠᠮᠠᠳ ᠤᠨ ᠣᠢᠢᠯᠠᠭᠠᠯᠲᠠ ᠪᠠ ᠨᠡᠶᠢᠭᠡᠮ ᠤᠨ ᠳᠡᠮᠵᠢᠯᠭᠡ ᠶᠢ | ᠴᠢᠷᠮᠠᠶᠢᠨ ᠣᠯᠵᠤ᠂ ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠬᠡᠪ ᠤᠨ ᠬᠦᠳᠡᠯᠭᠡᠭᠡᠨ ᠢ ᠬᠠᠮᠲᠤ ᠪᠠᠷ | ᠴᠢᠷᠮᠠᠶᠢᠨ ᠪᠠᠲᠤᠯᠠᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠪᠠ ᠪᠥᠬᠦ ᠲᠠᠯ᠎ᠠ ᠪᠠᠷ ᠬᠥᠭᠵᠢᠬᠦ ᠶᠢ | ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ︵︽ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ︾ ᠠᠴᠠ︶ ᠰᠢᠯᠢᠵᠢᠭᠦᠯᠪᠠ |