ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠣᠷᠣᠨ ᠤ ᠲᠡᠰ ᠤᠨ ᠢᠷᠠᠭᠤ ᠠᠯᠳᠠᠷ ᠢ ᠬᠦᠷᠳᠡᠪᠡ
ᠨᠡᠶᠢᠲᠡᠯᠡᠭᠰᠡᠨ ᠴᠠᠭ᠄
2023/12/27
    ᠣᠶᠢᠷ᠎ᠠ ᠳᠤ᠂ ᠥᠪᠥᠷ ᠮᠣᠩᠭᠤᠯ ᠤᠨ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠨᠡᠶᠢᠭᠡᠮᠯᠢᠭ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠠᠵᠢᠯ ᠢᠶᠠᠷ ᠲᠣᠪᠣᠶᠢᠮ᠎ᠠ 116 ᠨᠢᠭᠡᠴᠢ ᠪᠠ 83 ᠬᠤᠪᠢ ᠬᠥᠮᠥᠨ ᠢ ᠮᠡᠳᠡᠭᠳᠡᠨ ᠰᠠᠶᠢᠰᠢᠶᠠᠭᠰᠠᠨ ᠪᠠᠶᠢᠨ᠎ᠠ᠃ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠡᠭᠦᠨ ᠳᠤ ᠵᠢᠭᠰᠠᠭᠠᠭᠳᠠᠵᠤ᠂ 2022 ᠣᠨ ᠤ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠲᠡᠷᠢᠭᠦᠨ ᠤ ᠨᠢᠭᠡᠴᠢ ᠶᠢᠨ ᠢᠷᠠᠭᠤ ᠠᠯᠳᠠᠷ ᠢ ᠭᠥᠷᠳᠡᠪᠡ᠃      ᠣᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠵᠢᠯ ᠢᠶᠠᠨ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠡᠢ᠃ 2023 ᠣᠨ ᠳᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠳᠣᠯᠠᠭ᠎ᠠ ᠶᠢᠨ ᠠᠵᠢᠯᠯᠠᠭ᠎ᠠ ᠶᠢᠨ ᠡᠪᠯᠡᠯ ᠳᠤ ᠣᠷᠣᠭᠰᠠᠨ ᠨᠢᠭᠡᠴᠢ 201᠂ ᠡᠪᠯᠡᠯ ᠳᠤ ᠣᠷᠣᠭᠰᠠᠨ ᠬᠥᠮᠥᠨ ᠤ ᠲᠤᠭ᠎ᠠ 12887 ᠭᠠᠷᠤᠢ ᠪᠠᠶᠢᠵᠤ᠂ ᠡᠮᠡᠭᠲᠡᠢ ᠶᠢᠨ ᠰᠢᠨ ᠺᠠᠩ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠡᠪᠯᠡᠯ ᠳᠤ ᠣᠷᠣᠭᠰᠠᠨ ᠨᠢᠭᠡᠴᠢ 138᠂ ᠭᠡᠰᠢᠭᠦᠨ 4655 ᠬᠥᠮᠥᠨ ᠪᠠᠶᠢᠵᠤ᠂ ᠠᠶᠢᠮᠠᠭ ᠤᠨ ᠠᠵᠢᠯᠴᠢᠨ ᠤ ᠡᠪᠯᠡᠯ ᠠᠴᠠ ᠪᠠᠭᠤᠯᠭᠠᠭᠰᠠᠨ ᠡᠪᠯᠡᠯ ᠳᠤ ᠣᠷᠣᠬᠤ ᠬᠠᠷᠠᠯᠲᠠ ᠶᠢ 153% ᠪᠠᠷ ᠪᠡᠶᠡᠯᠡᠭᠦᠯᠵᠡᠢ᠃ ᠣᠲᠣ ᠪᠣᠯᠲᠠᠯ᠎ᠠ᠂ 2023 ᠣᠨ ᠳᠤ  ᠭᠤᠶᠤᠴᠢᠯᠠᠭᠰᠠᠨ ᠨᠢᠭᠡᠴᠢ 153᠂ ᠭᠤᠶᠤᠴᠢᠯᠠᠨ ᠠᠪᠤᠭᠰᠠᠨ ᠶᠡᠷᠦᠩᠬᠡᠢ ᠬᠥᠮᠥᠨ 1347᠂ ᠭᠤᠶᠤᠴᠢᠯᠠᠨ ᠠᠪᠤᠭᠰᠠᠨ ᠪᠥᠬᠦ ᠵᠣᠭᠤᠰᠤᠨ ᠲᠤᠭ᠎ᠠ 201.3 ᠲᠦᠮᠡ ᠭᠠᠷᠤᠢ ᠲᠥᠭᠦᠷᠢᠭ ᠲᠤ ᠬᠦᠷᠴᠡᠢ᠂ ᠡᠭᠦᠨ ᠳᠤ ᠡᠮᠡᠭᠲᠡᠢ ᠶᠢᠨ ᠰᠢᠨ ᠺᠠᠩ ᠶᠢ ᠭᠤᠶᠤᠴᠢᠯᠠᠨ ᠠᠪᠤᠭᠰᠠᠨ 16 ᠬᠥᠮᠥᠨ᠂ ᠭᠤᠶᠤᠴᠢᠯᠠᠨ ᠠᠪᠤᠭᠰᠠᠨ ᠨᠥᠬᠦᠪᠦᠷᠢ 29.05 ᠲᠦᠮᠡᠨ ᠲᠥᠭᠦᠷᠢᠭ ᠲᠤ ᠬᠦᠷᠴᠡᠢ᠃ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠨᠢ ᠨᠢᠭᠡᠨᠲᠡ ᠠᠵᠢᠯᠴᠢᠨ ᠤ ᠡᠪᠯᠡᠯ ᠤᠨ ᠦᠨᠡᠨ ᠰᠡᠳᠬᠢᠯ ᠠᠴᠠ ᠪᠠᠨ ᠠᠵᠢᠯᠲᠠᠨ ᠠᠵᠢᠯᠴᠢᠨ ᠤ ᠠᠰᠢᠭ ᠲᠤᠰᠠ ᠳᠤ ᠦᠢᠯᠡᠴᠢᠯᠡᠬᠦ ᠶᠢᠨ ᠬᠠᠮᠲᠤ ᠲᠡᠭᠦᠨ ᠢ ᠬᠠᠮᠠᠭᠠᠯᠠᠬᠤ ᠪᠠᠰᠠ ᠨᠢᠭᠡᠨ ᠴᠢᠬᠤᠯᠠ ᠭᠠᠷᠳᠠᠴᠠ ᠪᠣᠯᠵᠤ᠂ ᠠᠵᠢᠯᠲᠠᠨ ᠠᠵᠢᠯᠴᠢᠨ ᠤ ᠡᠪᠡᠳᠴᠢᠨ ᠦᠵᠡᠭᠦᠯᠬᠦ ᠳᠠᠷᠤᠯᠲᠠ ᠶᠢ ᠲᠤᠶᠢᠯ ᠤᠨ ᠶᠡᠭᠡ ᠪᠠᠷ ᠬᠥᠩᠭᠡᠷᠡᠭᠦᠯᠵᠦ᠂ ᠡᠪᠡᠳᠴᠢᠯᠡᠭᠰᠡᠨ ᠠᠵᠢᠯᠲᠠᠨ ᠠᠵᠢᠯᠴᠢᠨ ᠢ ᠬᠠᠮᠠᠭᠠᠯᠠᠨ᠂ ᠡᠮᠴᠢᠯᠡᠭᠡᠨ ᠤ ᠲᠦᠰᠢᠭ ᠬᠠᠩᠭᠠᠭᠰᠠᠨ ᠪᠠᠶᠢᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号