ᠪᠣᠷᠳᠣᠭᠤᠷ ᠤᠰᠤ ᠶᠢᠨ ᠬᠠᠮᠢᠶᠠᠷᠤᠯᠲᠠ ᠪᠣᠯᠤᠨ ᠨᠡᠷᠡᠨ ᠬᠤᠸᠠᠷ ᠤᠨ ᠲᠣᠰᠣᠨ ᠤ ᠪᠦᠷᠢᠯᠳᠦᠯ ᠪᠠ ᠬᠤᠷᠠᠮᠳᠤᠯ
ᠨᠡᠶᠢᠲᠡᠯᠡᠭᠰᠡᠨ ᠴᠠᠭ᠄
2023/12/29
    ᠨᠡᠷᠡᠨ ᠬᠤᠸᠠᠷ ᠪᠣᠯ ᠮᠠᠨ ᠤ ᠤᠯᠤᠰ ᠤᠨ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ᠂ ᠵᠡᠭᠦᠨ ᠬᠤᠶᠢᠲᠤ ᠣᠷᠣᠨ ᠤ ᠬᠠᠭᠠᠰ ᠭᠠᠩ ᠬᠠᠭᠤᠷᠠᠢ᠂ ᠭᠠᠩ ᠬᠠᠭᠤᠷᠠᠢ ᠣᠷᠣᠨ ᠳᠤ ᠳᠠᠷᠢᠬᠤ ᠭᠤᠣᠯ ᠪᠣᠯᠬᠤ ᠲᠣᠰᠣᠯᠢᠭ ᠲᠠᠷᠢᠮᠠᠯ ᠪᠣᠯᠣᠨ᠎ᠠ᠂ ᠮᠦᠨ ᠴᠤ ᠡᠳᠡᠭᠡᠷ ᠣᠷᠣᠨ ᠤ ᠬᠥᠩᠭᠡᠨ ᠬᠡᠮᠵᠢᠶᠡᠨ ᠤ ᠬᠤᠵᠢᠷᠯᠢᠭ ᠭᠠᠵᠠᠷ ᠢ ᠰᠠᠶᠢᠵᠢᠷᠠᠭᠤᠯᠬᠤ ᠶᠢᠨ ᠬᠠᠮᠤᠭ ᠲᠡᠷᠢᠭᠦᠨ ᠳᠤ ᠰᠣᠩᠭᠤᠬᠤ ᠲᠠᠷᠢᠮᠠᠯ ᠪᠣᠯᠣᠨ᠎ᠠ᠃ ᠤᠰᠤ ᠪᠣᠯ ᠥᠭᠡᠬᠦ ᠲᠣᠰᠣᠨ ᠤ ᠪᠦᠷᠢᠯᠳᠦᠬᠦ ᠶᠢᠨ ᠭᠤᠣᠯ ᠡᠯᠧᠮᠧᠨ᠋ᠲ ᠮᠥᠨ᠃ ᠤᠰᠤ ᠳᠤᠲᠠᠭᠳᠠᠬᠤ ᠨᠢ ᠲᠣᠰᠣᠨ ᠤ ᠠᠭᠤᠯᠤᠭᠳᠠᠴᠠ ᠶᠢ ᠪᠠᠭᠤᠷᠠᠭᠤᠯᠬᠤ ᠪᠠᠷ ᠪᠠᠷᠠᠬᠤ ᠦᠭᠡᠢ ᠲᠣᠰᠣᠨ ᠤ ᠪᠦᠷᠢᠯᠳᠦᠭᠦᠨ ᠢ ᠴᠦ ᠬᠤᠪᠢᠷᠠᠭᠤᠯᠵᠤ᠂ ᠳᠤᠲᠠᠭᠤ ᠲᠣᠰᠣᠨ ᠬᠦᠴᠢᠯ ᠤᠨ ᠠᠭᠤᠯᠤᠭᠳᠠᠴᠠ ᠶᠢ ᠪᠠᠭᠠᠰᠬᠠᠨ᠂ ᠲᠣᠰᠣᠨ ᠬᠦᠴᠢᠯ ᠤᠨ ᠠᠭᠤᠯᠤᠭᠳᠠᠴᠠ ᠶᠢ ᠨᠡᠮᠡᠭᠳᠡᠭᠦᠯᠵᠦ᠂ ᠲᠣᠰᠣᠨ ᠤ ᠰᠢᠮ᠎ᠡ ᠲᠡᠵᠢᠭᠡᠯ ᠤᠨ ᠥᠷᠲᠡᠭ ᠢ ᠪᠠᠭᠤᠷᠠᠭᠤᠯᠳᠠᠭ︔ ᠤᠰᠤ ᠭᠦᠢᠴᠡᠳ ᠪᠠᠶᠢᠪᠠᠯ ᠬᠡᠪᠰᠢᠮᠡᠬᠡᠢ ᠪᠣᠳᠠᠰ ᠢ ᠲᠣᠰᠣ ᠪᠣᠯᠭᠠᠨ ᠬᠤᠪᠢᠷᠠᠭᠠᠬᠤ ᠶᠢ ᠠᠬᠢᠭᠤᠯᠵᠤ᠂ ᠤᠭᠤᠷᠠᠭ ᠪᠣᠯᠭᠠᠨ ᠬᠤᠪᠢᠷᠠᠭᠠᠬᠤ ᠳᠤ ᠠᠰᠢᠭ ᠦᠭᠡᠢ᠂ ᠡᠭᠦᠨ ᠤ ᠤᠯᠠᠮ ᠠᠴᠠ ᠲᠣᠰᠣᠨ ᠤ ᠠᠭᠤᠯᠤᠭᠳᠠᠴᠠ ᠶᠢ ᠳᠡᠭᠡᠭᠰᠢᠯᠡᠭᠦᠯᠳᠡᠭ᠃ ᠢᠳᠡᠭᠡ ᠬᠤᠷᠠᠬᠤ ᠮᠥᠬᠦᠯᠢᠭ ᠤᠨ ᠬᠤᠭᠤᠴᠠᠭᠠᠨ ᠳᠤ ᠬᠥᠷᠥᠰᠥᠨ ᠤ ᠴᠢᠭᠢᠭ ᠤᠨ ᠬᠡᠮᠵᠢᠶ᠎ᠡ ᠶᠢ ᠪᠠᠲᠤᠯᠠᠬᠤ ᠨᠢ ᠲᠣᠰᠣᠨ ᠤ ᠠᠭᠤᠯᠤᠭᠳᠠᠴᠠ ᠶᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠪᠠᠶᠢᠳᠠᠭ᠃ ᠪᠣᠷᠳᠣᠭᠤᠷ ᠤᠨ ᠲᠥᠷᠥᠯ ᠵᠦᠢᠯ᠂ ᠲᠤᠭ᠎ᠠ ᠬᠡᠮᠵᠢᠶ᠎ᠡ ᠨᠢ ᠲᠣᠰᠣᠨ ᠤ ᠪᠦᠷᠢᠯᠳᠦᠬᠦ ᠳᠤ ᠪᠠᠰᠠ ᠰᠢᠭᠤᠳ ᠨᠥᠯᠥᠭᠡ ᠦᠵᠡᠭᠦᠯᠳᠡᠭ᠃ ᠠᠽᠣᠲ ᠪᠣᠯ ᠤᠭᠤᠷᠠᠭ ᠢ ᠪᠦᠷᠢᠯᠳᠦᠭᠦᠯᠬᠦ ᠭᠤᠣᠯ ᠪᠦᠷᠢᠯᠳᠦᠭᠦᠨ ᠤ ᠨᠢᠭᠡ ᠪᠣᠯᠣᠨ᠎ᠠ᠂ ᠠᠽᠣᠲ ᠪᠣᠷᠳᠣᠭᠤᠷ ᠬᠡᠳᠦ ᠠᠷᠪᠢᠨ᠂ ᠢᠯᠠᠩᠭᠤᠶ᠎ᠠ ᠦᠷᠡᠵᠢᠯ ᠤᠨ ᠰᠡᠭᠦᠯᠴᠢ ᠶᠢᠨ ᠬᠤᠭᠤᠴᠠᠭᠠᠨ ᠤ ᠠᠽᠣᠲ ᠪᠣᠷᠳᠣᠭᠤᠷ ᠤᠯᠠᠨ ᠪᠣᠯᠬᠤ ᠦᠶ᠎ᠡ ᠳᠤ᠂ ᠬᠡᠪᠰᠢᠮᠡᠬᠡᠢ ᠪᠣᠳᠠᠰ ᠬᠤᠪᠢᠷᠠᠭᠠᠳ ᠤᠭᠤᠷᠠᠭ ᠪᠣᠯᠬᠤ ᠨᠢ ᠬᠠᠷᠢᠴᠠᠩᠭᠤᠢ ᠪᠠᠷ ᠨᠡᠮᠡᠭᠳᠡᠵᠦ᠂ ᠬᠠᠷᠢᠨ ᠦᠷ᠎ᠡ ᠶᠢᠨ ᠳᠤᠰᠤᠨ ᠤ ᠠᠭᠤᠯᠤᠭᠳᠠᠴᠠ ᠬᠠᠷᠢᠴᠠᠩᠭᠤᠢ ᠪᠠᠷ ᠪᠠᠭᠠᠰᠳᠠᠭ᠃ ᠹᠣᠰᠹᠣᠷ ᠪᠣᠯ ᠰᠢᠬᠢᠷ ᠤᠨ ᠲᠦᠷᠦᠯ ᠢ ᠥᠭᠡᠬᠦ ᠲᠤᠰᠤᠨ ᠤ ᠵᠠᠪᠰᠠᠷ ᠤᠨ ᠪᠦᠲᠦᠭᠡᠭᠳᠡᠬᠦᠨ ᠪᠣᠯᠭᠠᠨ ᠬᠤᠪᠢᠷᠠᠭᠤᠯᠬᠤ ᠳᠤ ᠬᠡᠷᠡᠭᠰᠡᠬᠦ ᠵᠦᠢᠯ ᠪᠣᠯᠣᠨ᠎ᠠ᠂ ᠹᠣᠰᠹᠣᠷ ᠪᠣᠷᠳᠣᠭᠤᠷ ᠨᠡᠮᠡᠵᠦ ᠣᠷᠣᠭᠤᠯᠪᠠᠯ ᠦᠷ᠎ᠡ ᠶᠢᠨ ᠳᠤᠰᠤᠨ ᠤ ᠠᠭᠤᠯᠤᠭᠳᠠᠴᠠ ᠶᠢ ᠳᠡᠭᠡᠭᠰᠢᠯᠡᠭᠦᠯᠵᠦ ᠪᠣᠯᠣᠨ᠎ᠠ᠃     ᠨᠡᠷᠡᠨ ᠬᠤᠸᠠᠷ ᠤᠨ ᠦᠷ᠎ᠡ ᠶᠢᠨ ᠲᠣᠰᠣᠨ ᠤ ᠠᠭᠤᠯᠤᠭᠳᠠᠴᠠ ᠶᠢ ᠳᠡᠭᠡᠭᠰᠢᠯᠡᠭᠦᠯᠬᠦ ᠳᠤ ᠪᠣᠷᠳᠣᠭᠤᠷ ᠤᠰᠤᠨ ᠤ ᠬᠠᠮᠢᠶᠠᠷᠤᠯᠲᠠ ᠶᠢ ᠠᠩᠬᠠᠷᠬᠤ ᠬᠡᠷᠡᠭᠲᠡᠢ᠃ ᠬᠥᠮᠥᠨ ᠤ ᠬᠦᠴᠦ ᠪᠠᠷ ᠤᠰᠤᠯᠠᠬᠤ ᠪᠠ ᠪᠠᠶᠢᠭᠠᠯᠢ ᠶᠢᠨ ᠬᠤᠷ᠎ᠠ ᠲᠤᠨᠳᠠᠰᠤ ᠶᠢ ᠬᠠᠷᠢᠯᠴᠠᠨ ᠤᠶᠠᠯᠳᠤᠭᠤᠯᠵᠤ᠂ ᠨᠡᠷᠡᠨ ᠬᠤᠸᠠᠷ ᠤᠨ ᠦᠷᠡᠵᠢᠯ ᠤᠨ ᠬᠤᠭᠤᠴᠠᠭᠠᠨ ᠤ ᠤᠰᠤ ᠬᠡᠷᠡᠭᠰᠡᠬᠦ ᠬᠡᠮᠵᠢᠶ᠎ᠡ ᠶᠢ ᠪᠠᠲᠤᠯᠠᠬᠤ ᠨᠢ ᠬᠤᠭᠤᠰᠤᠨ ᠬᠠᠯᠢᠰᠤ ᠶᠢᠨ ᠨᠣᠷᠮ᠎ᠠ ᠶᠢ ᠳᠣᠷᠣᠭᠰᠢᠯᠠᠭᠤᠯᠬᠤ ᠪᠦᠲᠦᠮᠵᠢᠲᠡᠶ ᠠᠷᠭ᠎ᠠ ᠵᠠᠮ ᠪᠣᠯᠣᠨ᠎ᠠ᠃ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠪᠣᠯ ᠪᠠᠰᠠ ᠴᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃ ᠪᠣᠷᠳᠣᠭᠤᠷ ᠬᠦᠷᠦᠯᠴᠡᠬᠦ ᠦᠭᠡᠢ ᠨᠢ ᠤᠷᠭᠤᠮᠠᠯ ᠤᠨ ᠪᠤᠶᠢᠵᠢᠯᠲᠠ ᠳᠤ ᠠᠰᠢᠭ ᠦᠭᠡᠢ ᠮᠥᠷᠲᠡᠭᠡᠨ ᠴᠡᠴᠡᠭ ᠤᠨ ᠡᠷᠬᠡᠲᠡᠨ ᠤ ᠪᠣᠢ ᠪᠣᠯᠬᠤ ᠪᠠ ᠪᠤᠶᠢᠵᠢᠬᠤ ᠳᠤ ᠰᠢᠭᠤᠳ ᠨᠥᠯᠥᠭᠡ ᠦᠵᠡᠭᠦᠯᠵᠦ᠂ ᠴᠡᠴᠡᠭ ᠤᠨ ᠲᠠᠪᠠᠭ ᠤᠨ ᠲᠥᠪ ᠬᠡᠰᠡᠭ ᠤᠨ ᠬᠤᠭᠤᠰᠤᠨ ᠮᠥᠬᠦᠯᠢᠭ ᠢ ᠨᠡᠮᠡᠭᠳᠡᠭᠦᠯᠳᠡᠭ᠃    
 
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号