ᠵᠠᠯᠠᠭᠤ ᠳ᠋ᠣᠺᠲ᠋ᠣᠷ ᠰᠢᠤᠢ ᠰᠢᠩ ᠵᠢᠶᠠᠨ ᠤ ᠦᠯᠢᠭᠡᠷ
ᠨᠡᠶᠢᠲᠡᠯᠡᠭᠰᠡᠨ ᠴᠠᠭ᠄
2023/12/7
     ᠰᠢᠤᠢ ᠰᠢᠩ ᠵᠢᠶᠠᠨ ᠪᠣᠯ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠪᠤᠯᠬᠤ ᠵᠠᠯᠠᠶᠢᠳ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠳᠠᠷᠤᠭ᠎ᠠ ᠪᠣᠯᠤᠨ᠎ᠠ᠃ ᠡᠭᠦᠨ ᠤ ᠬᠠᠮᠲᠤ ᠲᠡᠷᠡ ᠪᠠᠰᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠤᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠲᠤᠲᠤᠷᠭ᠎ᠠ ᠶᠢᠨ ᠠᠵᠤ ᠦᠢᠯᠡᠰ ᠤᠨ ᠳᠤᠭᠤᠶᠢᠯᠠᠩ ᠤᠨ ᠳᠠᠷᠤᠭ᠎ᠠ ᠪᠣᠯᠤᠨ᠎ᠠ᠃ ᠡᠨᠡᠬᠦ ᠪᠡᠭᠡᠵᠢᠩ ᠶᠡᠭᠡ ᠰᠤᠷᠭᠠᠭᠤᠯᠢ ᠶᠢᠨ ᠵᠠᠯᠠᠭᠤ ᠠᠬᠠᠯᠠᠬᠴᠢ ᠳ᠋ᠣᠺᠲ᠋ᠣᠷ ᠪᠣᠯ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠪᠦᠯᠦᠭ ᠤᠨ ︽ᠲᠠᠯ᠎ᠠ ᠨᠤᠲᠤᠭ ᠤᠨ ᠴᠢᠳᠠᠪᠤᠷᠢᠲᠠᠨ︾᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠤ ᠱᠠᠩᠨᠠᠯ ᠬᠦᠷᠲᠡᠭᠴᠢ ᠮᠥᠨ᠂ 2022 ᠣᠨ ᠤ ᠥᠪᠥᠷ ᠮᠣᠩᠭᠤᠯ ᠤᠨ ︽ᠬᠠᠮᠤᠭ ᠤᠨ ᠭᠤᠶᠣ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ︾ ᠮᠥᠨ᠃    2007 ᠣᠨ ᠤ 6 ᠰᠠᠷ᠎ᠠ ᠳᠤ᠂ ᠰᠢᠤᠢ ᠰᠢᠩ ᠵᠢᠶᠠᠨ ᠬᠤᠸᠠ ᠵᠦᠩ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠮᠢᠳᠤ ᠪᠣᠳᠠᠰ ᠤᠨ ᠢᠨᠵᠧᠨᠧᠷᠢᠩ ᠤᠨ ᠲᠤᠰᠬᠠᠢ ᠮᠡᠷᠭᠡᠵᠢᠯ ᠠᠴᠠ ᠲᠡᠭᠦᠰᠴᠦ᠂ ᠢᠨᠵᠧᠨᠧᠷᠢᠩ ᠤᠨ ᠤᠬᠠᠭᠠᠨ ᠤ ᠣᠶᠤᠲᠠᠨ ᠴᠣᠯᠠ ᠬᠠᠮᠠᠭᠠᠯᠠᠵᠤ᠂ ᠲᠤᠰ ᠵᠢᠯ ᠳᠤ ᠪᠠᠨ ᠦᠷᠭᠦᠯᠵᠢᠯᠡᠨ ᠬᠤᠸᠠ ᠵᠦᠩ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠤᠷᠤᠯᠴᠠᠵᠤ᠂ 2012 ᠣᠨ ᠤ 6 ᠰᠠᠷ᠎ᠠ ᠳᠤ ᠳ᠋ᠣᠺᠲ᠋ᠣᠷ ᠴᠣᠯᠠ ᠬᠠᠮᠠᠭᠠᠯᠠᠪᠠ᠃ ᠥᠩᠭᠡᠷᠡᠭᠰᠡᠨ ᠬᠡᠳᠦᠨ ᠵᠢᠯ ᠳᠤ᠂ ᠲᠡᠷᠡ ᠠᠷᠪᠠ ᠭᠠᠷᠤᠶ ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠡᠷᠬᠢᠯᠡᠨ ᠰᠤᠳᠤᠯᠤᠬᠰᠠᠨ ᠪᠤᠶᠤ ᠣᠷᠣᠯᠴᠠᠵᠤ᠂ 40 ᠬᠤᠪᠢ SCI ᠥᠭᠦᠯᠡᠯ ᠢ ᠨᠡᠶᠢᠲᠡᠯᠡᠵᠦ᠂ 5 ᠵᠦᠢᠯ ᠤᠨ ᠡᠭᠦᠳᠦᠯᠲᠡ ᠶᠢᠨ ᠲᠤᠰᠬᠠᠶ ᠠᠰᠢᠭ ᠤᠨ ᠡᠷᠬᠡ ᠶᠢ ᠣᠯᠵᠠᠶ᠃ ᠡᠳᠡᠭᠡᠷ ᠠᠮᠵᠢᠯᠲᠠ ᠪᠦᠲᠦᠮᠵᠢ ᠪᠠᠷ ᠢᠶᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃
 ᠰᠢᠤᠢ ᠰᠢᠩ ᠵᠢᠶᠠᠨ ᠵᠠᠯᠠᠶᠢᠳ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠳᠠᠷᠤᠭ᠎ᠠ ᠪᠣᠯᠤᠭᠰᠠᠨ ᠤ ᠬᠤᠪᠢ ᠳᠤ᠂ ᠡᠨᠡ ᠬᠤᠶᠠᠷ ᠵᠢᠯ ᠲᠡᠷᠡ ᠪᠦᠯᠬᠦᠮ ᠢᠶᠠᠨ ᠳᠠᠭᠠᠭᠤᠯᠤᠨ ︽ᠭᠤᠷᠪᠠ ᠶᠢ ᠪᠦᠷᠬᠦᠭᠦᠯᠬᠦ᠂ ᠬᠤᠶᠠᠷ ᠢ ᠠᠬᠢᠭᠤᠯᠬᠤ᠂ ᠳᠥᠷᠪᠡ ᠶᠢ ᠢᠯᠡᠳᠲᠡ ᠳᠡᠭᠡᠭᠰᠢᠯᠡᠭᠦᠯᠬᠦ︾ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠪᠣᠳᠠᠲᠠᠶ ᠳᠤ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠬᠦᠴᠦᠯᠡᠨ ᠰᠢᠢᠳᠪᠦᠷᠢᠯᠡᠪᠡ᠃    ᠵᠠᠯᠠᠶᠢᠳ ᠬᠤᠰᠢᠭᠤ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠪᠣᠯᠬᠤ ᠪᠥᠭᠡᠳ ᠤᠷᠲᠤ ᠤᠳᠠᠭᠠᠨ ᠬᠤᠭᠤᠴᠠᠭᠠᠨ ᠤ ᠤᠰᠤᠨ ᠲᠤᠲᠤᠷᠭ᠎ᠠ ᠳᠠᠷᠢᠭᠰᠠᠨ ᠲᠡᠦᠬᠡ ᠲᠠᠢ ᠶᠤᠮ᠃ ᠨᠢᠭᠡ ᠤᠳᠠᠭ᠎ᠠ᠂ ᠰᠢᠤᠢ ᠰᠢᠩ ᠵᠢᠶᠠᠨ ᠳᠤᠭᠤᠷᠢᠨ ᠪᠠᠶᠢᠴᠠᠭᠠᠬᠤ ᠶᠠᠪᠤᠴᠠ ᠳᠠᠭᠠᠨ ᠡᠰᠢ ᠰᠦᠷᠡᠯ ᠨᠢ ᠳᠠᠷᠠᠭᠠᠴᠢ ᠶᠢᠨ ᠤᠰᠤᠨ ᠲᠤᠲᠤᠷᠭ᠎ᠠ ᠶᠢᠨ ᠴᠢᠬᠢ ᠶᠢ ᠰᠠᠭᠤᠯᠭᠠᠬᠤ ᠶᠢ ᠨᠥᠯᠥᠭᠡᠯᠡᠭᠰᠡᠨ ᠪᠠᠶᠢᠬᠤ ᠶᠢ ᠣᠯᠵᠤ ᠮᠡᠳᠡᠭᠰᠡᠨ ᠤ ᠳᠠᠷᠠᠭ᠎ᠠ᠂ ᠤᠯᠤᠰ ᠤᠨ ᠤᠰᠤᠨ ᠲᠤᠲᠤᠷᠭ᠎ᠠ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠲᠠᠪᠴᠠᠩ ᠳᠤ ᠲᠦᠰᠢᠭᠯᠡᠨ᠂ ᠳᠤᠮᠳᠠᠳᠤ ᠤᠯᠤᠰ ᠤᠨ ᠤᠰᠤᠨ ᠲᠤᠲᠤᠷᠭ᠎ᠠ ᠶᠢᠨ ᠰᠤᠳᠤᠯᠭᠠᠨ ᠤ ᠭᠠᠵᠠᠷ ᠲᠠᠢ ᠬᠠᠮᠲᠤᠷᠠᠨ ᠤᠰᠤᠨ ᠲᠤᠲᠤᠷᠭ᠎ᠠ ᠶᠢᠨ ᠡᠰᠢ ᠰᠦᠷᠡᠯ ᠢ ᠰᠶᠢᠤᠡᠪᠦᠷᠢᠯᠡᠬᠦ ᠮᠡᠷᠭᠡᠵᠢᠯ ᠢ ᠰᠤᠳᠤᠯᠤᠨ ᠦᠢᠯᠡᠳᠴᠦ᠂ ᠵᠠᠯᠠᠶᠢᠳ ᠬᠤᠰᠢᠭᠤᠨ ᠤ ᠸᠧᠶ ᠵᠢᠶᠠ ᠠᠮᠤ ᠪᠤᠳᠠᠭᠠᠨ ᠤ ᠦᠢᠯᠡᠰ᠂ ᠮᠧᠩ ᠶᠤᠸᠠᠨ ᠠᠮᠤ ᠪᠤᠳᠠᠭᠠᠨ ᠤ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠵᠢᠩ ᠰᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠰᠬᠠᠶ ᠬᠤᠷᠰᠢᠶ᠎ᠠ ᠳᠤ 3000 ᠭᠠᠷᠤᠶ ᠮᠥ ᠳᠠᠷᠢᠶᠠᠨ ᠳᠤ ᠲᠤᠷᠰᠢᠯᠲᠠ ᠬᠢᠵᠦ ᠵᠢᠱᠢᠶ᠎ᠡ ᠦᠵᠡᠭᠦᠯᠬᠦ ᠶᠢᠨ ᠬᠠᠮᠲᠤ ᠪᠥᠬᠦ ᠶᠠᠪᠤᠴᠠ ᠶᠢ ᠮᠥᠷᠳᠡᠨ ᠵᠢᠯᠣᠭᠤᠳᠪᠠ᠃    ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠬᠠᠰᠠᠨ ᠪᠦᠯᠬᠦᠮ ᠨᠢ ᠪᠢᠳᠡᠨ ᠤ ᠤᠰᠤᠨ ᠲᠤᠳᠤᠷᠭ᠎ᠠ ᠶᠢᠨ ᠡᠰᠢ ᠰᠦᠷᠡᠯ ᠢ ᠰᠠᠯᠭᠠᠬᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠪᠠᠰᠠ ᠭᠠᠵᠠᠷ ᠰᠢᠷᠣᠶ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ ᠨᠡᠮᠡᠭᠳᠡᠭᠦᠯᠵᠦ᠂ ᠲᠤᠲᠤᠷᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠪᠡ︾ ᠭᠡᠵᠦ ᠵᠠᠯᠠᠶᠢᠳ ᠬᠤᠰᠢᠭᠤᠨ ᠤ ᠮᠧᠩ ᠶᠤᠸᠠᠨ ᠠᠮᠤ ᠪᠤᠳᠠᠭᠠᠨ ᠤ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠪᠠᠢ ᠭᠠᠩ ᠬᠡᠯᠡᠪᠡ᠃    ᠤᠰᠤᠨ ᠲᠤᠲᠤᠷᠭ᠎ᠠ ᠶᠢᠨ ᠡᠰᠢ ᠰᠦᠷᠡᠯ ᠢ ᠰᠢᠰᠲ᠋ᠧᠮ ᠲᠠᠢ ᠪᠠᠷ ᠶᠡᠷᠦᠩᠬᠡᠶᠢᠯᠡᠨ ᠰᠢᠢᠳᠪᠦᠷᠢᠯᠡᠵᠦ᠂ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠲᠠᠷᠢᠮᠠᠯ ᠤᠨ ᠥᠪᠡᠷ ᠤᠨ ᠥᠷᠲᠡᠭ ᠢ ᠪᠠᠭᠠᠰᠬᠠᠭᠰᠠᠨ ᠢᠶᠠᠷ ᠪᠠᠷᠠᠬᠤ ᠦᠭᠡᠶ᠂ ᠠᠮᠤ ᠪᠤᠳᠠᠭᠠᠨ ᠤ ᠶᠡᠷᠦᠩᠬᠡᠶ ᠴᠢᠨᠠᠷ ᠴᠢᠨᠰᠠᠭ᠎ᠠ ᠶᠢ ᠴᠤ ᠳᠡᠭᠡᠭᠰᠢᠯᠡᠭᠦᠯᠦᠭᠰᠡᠨ ᠪᠠᠶᠢᠨ᠎ᠠ᠃ ᠡᠨᠡ ᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠳᠡᠮᠵᠢᠯᠭᠡ ᠪᠠᠷ ᠵᠠᠯᠠᠶᠢᠳ ᠬᠤᠰᠢᠭᠤᠨ ᠤ ᠤᠰᠤᠨ ᠲᠤᠲᠤᠷᠭ᠎ᠠ ᠶᠢᠨ ᠡᠰᠢ ᠰᠦᠷᠡᠯ ᠢ ᠰᠢᠰᠲ᠋ᠧᠮ ᠲᠠᠢ ᠪᠠᠷ ᠶᠡᠷᠦᠩᠬᠡᠶᠢᠯᠡᠨ ᠰᠢᠢᠳᠪᠦᠷᠢᠯᠡᠭᠰᠡᠨ ᠲᠠᠷᠢᠶᠠᠨ ᠭᠠᠵᠠᠷ ᠤᠨ ᠮᠥ ᠪᠦᠷᠢ ᠶᠢᠨ ᠳᠤᠮᠳᠠᠴᠢ ᠤᠨᠠᠯᠲᠠ ᠨᠢ 608.9 ᠺᠢᠯᠣᠭ᠍ᠷᠠᠮ ᠳᠤ ᠬᠦᠷᠴᠦ ᠂ ᠦᠩᠭᠡᠷᠡᠭᠰᠡᠨ ᠤ ᠬᠢ ᠲᠠᠢ ᠪᠠᠨ ᠠᠳᠠᠯᠢᠤᠡᠬᠠᠪᠠᠯ ᠮᠥ ᠪᠦᠷᠢ ᠶᠢᠨ ᠤᠨᠠᠯᠲᠠ ᠶᠢ 58.9 ᠺᠢᠯᠣᠭ᠍ᠷᠠᠮ ᠨᠡᠮᠡᠭᠳᠡᠭᠦᠯᠪᠡ᠃ ᠡᠨᠡ ᠬᠦ ᠮᠡᠷᠭᠡᠵᠢᠯ ᠨᠢ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠬᠠᠷ᠎ᠠ ᠬᠥᠷᠥᠰᠥ ᠶᠢ ᠬᠠᠮᠠᠭᠠᠯᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠡᠶ᠃
    ᠰᠢᠤᠢ ᠰᠢᠩ ᠵᠢᠶᠠᠨ᠄ ︽ᠲᠤᠲᠤᠷᠭ᠎ᠠ ᠶᠢᠨ ᠭᠤᠤᠷᠰᠤ ᠪᠠ ᠬᠤᠨᠢᠨ ᠪᠤᠷᠳᠤᠭᠤᠷ ᠢ ᠬᠤᠯᠢᠵᠤ ᠢᠰᠭᠡᠭᠡᠳ ᠣᠷᠭᠠᠨᠢᠭ ᠪᠣᠷᠲᠣᠭᠤᠷ ᠪᠣᠯᠭᠠᠵᠤ᠂ ᠬᠠᠶᠠᠭᠳᠠᠮᠠᠯ ᠢ ᠡᠷᠳᠡᠨᠢ ᠪᠣᠯᠭᠠᠬᠤ ᠨᠢ ᠪᠠᠰᠠ ᠬᠥᠷᠥᠰᠥ ᠰᠢᠷᠣᠶ ᠶᠢ ᠰᠠᠶᠢᠵᠢᠷᠠᠭᠤᠯᠬᠤ ᠦᠢᠯᠡᠳᠦᠯ ᠲᠠᠢ ᠶᠤᠮ᠂ ᠡᠨᠡ ᠬᠦ ᠲᠥᠰᠦᠯ ᠢ ᠳᠡᠯᠭᠡᠷᠡᠭᠦᠯᠬᠦ ᠴᠢᠬᠤᠯᠠ ᠲᠠᠢ ᠶᠤᠮ︾ ᠭᠡᠵᠡᠶ᠃ ᠲᠡᠷᠡ ᠦᠷᠭᠦᠯᠵᠢ ᠠᠶᠢᠯ ᠡᠷᠦᠬᠡ ᠪᠠᠷ ᠶᠠᠪᠤᠵᠤ᠂ ᠲᠠᠷᠢᠶᠠᠨ ᠭᠠᠵᠠᠷ ᠲᠤ ᠬᠦᠷᠴᠦ ᠲᠠᠷᠢᠶᠠᠴᠢᠳ ᠲᠤ ᠰᠢᠨ᠎ᠡ ᠲᠦᠷᠦᠯ ᠵᠦᠢᠯ ᠤᠨ ᠳᠠᠪᠠᠭᠤᠯᠢᠭ᠂ ᠰᠢᠨ᠎ᠡ ᠮᠡᠷᠭᠡᠵᠢᠯ ᠤᠨ ᠳᠠᠪᠠᠭᠤᠯᠢᠭ ᠢ ᠲᠠᠶᠢᠯᠪᠤᠷᠢᠯᠠᠨ ᠥᠭᠳᠡᠭ ᠠᠴᠠ ᠠᠷᠠᠤᠨ ᠤᠯᠠᠨ ︽ᠰᠢᠦᠢ ᠰᠢᠩ ᠵᠢᠶᠠᠨ ᠲᠤᠰᠬᠠᠢ ᠮᠡᠷᠭᠡᠵᠢᠯᠲᠡᠨ ᠢ ᠲᠠᠭᠠᠵᠤ ᠤᠰᠤᠨ ᠲᠤᠲᠤᠷᠭ᠎ᠠ ᠲᠠᠷᠢᠪᠠᠯ ᠣᠷᠣᠯᠭ᠎ᠠ ᠪᠠᠨ ᠨᠡᠮᠡᠭᠳᠡᠭᠦᠯᠵᠦ ᠲᠡᠶᠢᠯᠤᠨ᠎ᠠ︾ ᠭᠡᠵᠦ ᠦᠷᠭᠦᠯᠵᠢ ᠶᠠᠷᠢᠳᠠᠭ ᠪᠣᠯᠵᠠᠢ᠃ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠤᠮᠢᠯᠬᠠᠰᠠᠨ ᠪᠦᠯᠬᠦᠮ ᠤᠨ ᠲᠠᠶᠢᠯᠪᠤᠷᠢᠯᠠᠵᠤ ᠥᠭᠭᠦᠭᠰᠡᠨ ᠳᠠᠷᠢᠵᠤ ᠲᠡᠵᠢᠭᠡᠬᠦ ᠲᠤᠬᠠᠶ ᠮᠡᠳᠡᠯᠭᠡ ᠨᠢ ᠴᠥᠮ ᠣᠨᠴᠠᠭᠠᠶ ᠬᠡᠷᠡᠭᠴᠡᠭᠡ ᠲᠠᠢ ᠪᠠᠶᠢᠵᠤ᠂ ᠮᠠᠨ ᠤ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠳᠤ ᠮᠠᠰᠢ ᠶᠡᠭᠡ ᠦᠢᠯᠡᠳᠦᠯ ᠦᠵᠡᠭᠦᠯᠦᠭᠰᠡᠨ ᠪᠠᠶᠢᠨ᠎ᠠ︾ ᠭᠡᠵᠦ ᠵᠠᠯᠠᠶᠢᠳ ᠬᠤᠰᠢᠭᠤᠨ ᠤ ᠢᠨᠳᠡᠷ ᠪᠠᠯᠭᠠᠰᠤ ᠶᠢᠨ ᠢ ᠰᠢᠨ ᠲᠣᠰᠬᠤᠨ ᠤ ᠨᠠᠮ ᠤᠨ ᠡᠭᠦᠷ ᠤᠨ ᠱᠦᠵᠢ ᠲᠧᠩ ᠯᠢ ᠲᠤᠤ ᠬᠡᠯᠡᠪᠡ᠃     ᠣᠲᠣ ᠪᠣᠯᠲᠠᠯ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠬᠠᠰᠠᠨ ᠪᠦᠯᠬᠦᠮ ᠵᠠᠯᠠᠶᠢᠳ ᠬᠤᠰᠢᠭᠤᠨ ᠳᠤ ᠨᠢᠭᠡᠨᠲᠡ 29 ᠣᠷᠣᠨ ᠨᠤᠲᠤᠭ ᠤᠨ ᠮᠡᠷᠭᠡᠵᠢᠯ ᠤᠨ ᠠᠵᠢᠯᠲᠠᠨ ᠢ ᠬᠥᠮᠦᠵᠢᠭᠦᠯᠵᠦ᠂ 109 ᠤᠳᠠᠭᠠᠨ ᠤ ᠰᠦᠯᠵᠢᠶᠡᠨ ᠳᠡᠭᠡᠷᠡᠬᠢ ᠪᠣᠯᠪᠠᠰᠤᠷᠠᠯ ᠪᠠ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠥᠷᠨᠢᠭᠦᠯᠵᠦ᠂ ᠨᠡᠶᠢᠲᠡ 5700 ᠭᠠᠷᠤᠶ ᠮᠠᠯᠴᠢᠨ ᠲᠠᠷᠢᠶᠠᠴᠢᠨ ᠢ ᠪᠣᠯᠪᠠᠰᠤᠷᠠᠭᠤᠯᠵᠠᠶ᠃ ᠲᠡᠳᠡ ᠪᠠᠰᠠ 8 ᠵᠦᠢᠯ ᠤᠨ ᠰᠢᠨ᠎ᠡ ᠮᠡᠷᠭᠡᠵᠢᠯ ᠢ ᠳᠡᠯᠭᠡᠷᠡᠭᠦᠯᠵᠦ᠂ 57 ᠰᠢᠨ᠎ᠡ ᠡᠭᠦᠯᠳᠡᠷ ᠢ ᠣᠷᠣᠭᠤᠯᠤᠨ ᠰᠠᠶᠢᠵᠢᠷᠠᠭᠤᠯᠬᠤ ᠶᠢᠨ ᠬᠠᠮᠲᠤ 11 ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠵᠢᠯᠣᠭᠤᠳᠤᠨ ᠪᠠᠶᠢᠭᠤᠯᠪᠠ᠃ ᠡᠭᠦᠨ ᠳᠤ᠂ ︽ᠵᠠᠯᠠᠶᠢᠳ ᠬᠤᠰᠢᠭᠤᠨ ᠤ ᠳᠠᠪᠠᠭᠤᠯᠢᠭ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ︾ ᠲᠥᠷᠥᠯ ᠵᠦᠢᠯ ᠨᠢ ᠶᠠᠮᠤᠨ ᠮᠤᠵᠢ ᠶᠢᠨ ᠬᠠᠮᠲᠤᠷᠠᠨ ᠬᠥᠳᠡᠯᠦᠯᠴᠡᠬᠦ ᠲᠥᠷᠥᠯ ᠵᠦᠢᠯ ᠤᠨ ᠳᠡᠮᠵᠢᠯᠭᠡ ᠳᠤ ᠰᠣᠩᠭᠤᠭᠳᠠᠨ ᠣᠷᠣᠵᠤ᠂ ᠰᠤᠳᠤᠯᠤᠨ ᠨᠡᠭᠡᠭᠡᠬᠦ ᠪᠠᠯᠠ ᠮᠥᠩᠭᠦ ᠶᠢᠨ ᠳᠡᠮᠵᠢᠯᠭᠡ ᠶᠢ ᠣᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠡᠳᠡᠭᠡᠷ ᠴᠢᠷᠮᠠᠶᠢᠯᠭ᠎ᠠ ᠪᠠᠷ ᠠᠵᠤ ᠠᠬᠤᠶᠢᠯᠠᠯ ᠤᠨ ᠣᠷᠣᠯᠭ᠎ᠠ ᠶᠢ ᠰᠢᠭᠤᠳ 500 ᠲᠦᠮᠡᠨ ᠲᠥᠭᠦᠷᠢᠭ ᠨᠡᠮᠡᠭᠳᠡᠭᠦᠯᠵᠦ ᠂ ᠪᠦᠬᠦ ᠨᠡᠶᠢᠭᠡᠮ ᠤᠨ ᠣᠷᠣᠯᠭ᠎ᠠ ᠶᠢ 1000 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠶᠢ ᠪᠡᠶᠡᠯᠡᠭᠦᠯᠦᠭᠰᠡᠨ ᠪᠠᠶᠢᠨ᠎ᠠ᠃     ︽ᠪᠢᠳᠠ ᠦᠷᠭᠦᠯᠵᠢᠯᠡᠨ ᠤᠭ ᠰᠠᠨᠠᠭ᠎ᠠ ᠪᠠᠨ ᠪᠠᠷᠢᠮᠲᠠᠯᠠᠵᠤ᠂ ᠦᠨᠳᠦᠰᠦᠨ ᠱᠠᠲᠤᠨ ᠳᠤ ᠦᠨᠳᠦᠰᠦᠯᠡᠵᠦ᠂ ᠬᠡᠷᠡᠭᠴᠡᠭᠡ ᠶᠢᠨ ᠳᠤᠮᠳᠠ ᠠᠴᠠ ᠢᠷᠡᠵᠤ᠂ ᠬᠡᠷᠡᠭᠴᠡᠭᠡ ᠶᠢᠨ ᠳᠤᠮᠳᠠ ᠬᠦᠷᠴᠦ᠂ ᠴᠢᠳᠠᠪᠤᠷᠢᠲᠠᠨ ᠢ ᠳᠣᠷᠣᠭᠰᠢ ᠪᠠᠭᠤᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠵᠤ᠂ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠳᠤ ᠦᠢᠯᠡᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ ᠭᠡᠵᠦ ᠰᠢᠤᠢ ᠰᠢᠩ ᠵᠢᠶᠠᠨ ᠬᠡᠯᠡᠪᠡ᠃                      ᠡᠦ  ᠭᠧᠨ ᠰᠢᠶᠦ᠋ᠩ   ᠴᠡᠩᠭᠡᠯ  ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号