ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2023/2/10
     2 ᠰᠠᠷ᠎ᠠ ᠶᠢᠨ 8 ᠤ ᠡᠳᠦᠷ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠤᠷᠭᠠᠭᠤᠯᠢ ᠡᠬᠢᠯᠡᠬᠦ ᠦᠶ᠎ᠡ ᠶᠢᠨ ᠠᠮᠤᠷ ᠲᠦᠪᠰᠢᠨ ᠢ ᠪᠠᠳᠤᠯᠠᠵᠠᠢ᠃
     ᠪᠤᠯᠭᠠᠨᠬᠤᠸᠠ ᠰᠤᠮᠤᠨ ᠤ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠬᠠᠮᠳᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠤᠷᠤᠨ ᠳᠠᠬᠢ ᠭᠤᠣᠯ ᠰᠤᠷᠭᠠᠭᠤᠯᠢ ᠵᠢᠴᠢ ᠡᠷᠬᠢᠨ ᠲᠣᠭᠤᠷᠢᠨ ᠤ ᠬᠤᠳᠠᠯᠳᠤᠭᠠᠴᠢᠨ ᠡᠷᠤᠭᠡ ᠪᠠᠷ ᠠᠮᠤᠷ ᠲᠦᠪᠰᠢᠨ ᠤ ᠪᠠᠶᠢᠴᠠᠭᠠᠯᠲᠠ ᠬᠢᠵᠦ ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ᠂ ᠴᠠᠬᠢᠯᠭᠠᠨ ᠬᠡᠢ ᠬᠡᠷᠡᠭᠯᠡᠬᠦ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ ᠵᠢᠴᠢ ᠪᠤᠰᠤᠳ ᠠᠶᠤᠯᠭᠦᠢ ᠦᠢᠯᠡᠳᠪᠦᠷᠢᠯᠡᠯ ᠤᠨ ᠠᠵᠢᠯ ᠢ ᠪᠥᠬᠦ ᠲᠠᠯ᠎ᠠ ᠪᠠᠷ ᠪᠠᠶᠢᠴᠠᠭᠠᠵᠠᠢ᠃
     ᠪᠠᠶᠢᠴᠠᠭᠠᠬᠤ ᠳᠤᠭᠤᠶᠢᠯᠠᠩ ᠠᠴᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯᠣᠨ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠲᠤᠬᠠᠢ ᠦᠵᠡᠯ ᠰᠠᠨᠠᠭ᠎ᠠ ᠲᠠᠨᠢᠯᠲᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠤᠨ᠂ ᠤᠬᠠᠭᠤᠯᠭ᠎ᠠ ᠬᠥᠮᠦᠵᠢᠯ ᠢ ᠴᠢᠩᠭᠠᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠪᠠᠶᠢᠭᠤᠯᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠠᠢ᠃       ᠲᠣᠰ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠠᠷ ᠲᠠᠮᠵᠢᠨ ᠠᠷᠠᠳ ᠤᠯᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠮᠤᠷ ᠲᠦᠪᠰᠢᠨ ᠢ ᠬᠠᠮᠠᠭᠠᠯᠠᠬᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠤᠷᠴᠢᠨ ᠲᠤᠭᠤᠷᠢᠨ ᠢ ᠪᠤᠢ ᠪᠤᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃
 
ᠢᠷᠡᠯᠲᠡ᠄ ᠪᠤᠯᠭᠠᠨᠬᠤᠸᠠ ᠰᠤᠮᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠨᠡᠶᠢᠲᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号