ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠯᠭ᠎ᠠ ᠡᠬᠢᠯᠡᠬᠦ ᠠᠩᠬᠠᠨ ᠤ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2023/2/21
    ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠰᠤᠷᠭᠠᠭᠤᠯᠢ ᠡᠬᠢᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 6 ᠤ ᠡᠳᠦᠷ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ ᠡᠴᠠ‌‍ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠮᠤᠷ ᠲᠦᠪᠰᠢᠨ ᠵᠡᠷᠭᠡ ᠰᠠᠯᠠᠭ᠎ᠠ ᠲᠠᠰᠤᠭ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠠᠴᠠ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠬᠢᠯᠡᠬᠦ ᠦᠶ᠎ᠡ ᠶᠢᠨ ᠠᠵᠢᠯ ᠢ ᠪᠥᠬᠦ ᠲᠠᠯ᠎ᠠ ᠪᠠᠷ ᠪᠠᠶᠢᠴᠠᠭᠠᠨ ᠵᠢᠯᠤᠭᠤᠳᠪᠠ᠃
     ᠪᠠᠶᠢᠴᠠᠭᠠᠬᠤ ᠳᠤᠭᠤᠶᠢᠯᠠᠩ ᠤᠨ ᠬᠢᠨ ᠠᠷᠠᠳ ᠠᠴᠠ ᠡᠷᠭᠢᠯᠡᠭᠰᠡᠨ ᠬᠡᠣᠬᠡᠳ ᠤᠨ ᠴᠡᠴᠡᠷᠯᠢᠭ ᠢᠶᠠᠷ ᠭᠦᠨᠵᠡᠭᠡᠶᠢᠷᠡᠵᠦ᠂ ᠴᠡᠴᠡᠷᠯᠢᠭ ᠤᠨ ᠣᠷᠴᠢᠨ ᠠᠬᠤᠢ ᠰᠣᠶᠣᠯ ᠤᠨ ᠪᠠᠶᠢᠭᠤᠯᠤᠯᠲᠠ᠂ ᠠᠮᠤᠷ ᠲᠦᠪᠰᠢᠨ ᠤ ᠠᠵᠢᠯ᠂ ᠡᠩ ᠤᠨ ᠬᠠᠮᠢᠶᠠᠷᠤᠯᠲᠠ᠂ ᠪᠠᠭᠰᠢ ᠶᠢᠨ ᠲᠣᠬᠢᠷᠠᠭᠤᠯᠤᠯᠲᠠ᠂ ᠠᠮᠤᠷ ᠢ ᠬᠠᠮᠠᠭᠠᠯᠠᠬᠤ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠨᠠᠶᠢᠳᠠᠪᠤᠷᠢᠵᠢᠭᠤᠯᠤᠯᠳᠠ ᠶᠢ ᠪᠥᠬᠦ ᠲᠠᠯ᠎ᠠ ᠪᠠᠷ ᠪᠠᠶᠢᠴᠠᠭᠠᠨ ᠵᠢᠯᠤᠭᠤᠳᠴᠠᠢ᠃
    ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠮᠠᠨ ᠤ ᠬᠤᠰᠢᠭᠤᠨ ᠤ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠤᠶᠢᠰᠢᠳᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠵᠢᠭᠠᠵᠤ ᠥᠭᠭᠦᠭᠰᠡᠨ ᠪᠥᠭᠡᠳ ᠪᠥᠬᠦ ᠬᠤᠰᠢᠭᠤᠨ ᠤ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠵᠢᠷᠤᠮᠵᠢᠭᠰᠠᠨ ᠬᠥᠭᠵᠢᠯᠲᠡ ᠳᠤ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠤ ᠠᠯᠪᠠᠨ ᠨᠡᠶᠢᠲᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号