ᠦᠰᠦᠭ ᠪᠢᠴᠢᠭ ᠢᠶᠠᠷ ᠥᠭᠦᠯᠡᠬᠦᠢ᠄ ︽ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/2/3
   ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠᠬᠢ ᠬᠥᠬᠡᠬᠤᠲᠠ ᠶᠢᠨ ᠣᠷᠣᠨ ᠤ ᠲᠥᠪ ᠪᠣᠯᠬᠤ ᠡᠭᠦᠷᠭᠡ ᠴᠢᠳᠠᠪᠤᠷᠢ ᠪᠠᠨ ᠨᠠᠩ ᠰᠠᠶᠢᠲᠤᠷ ᠡᠭᠦᠷᠭᠡᠯᠡᠵᠦ᠂ ᠣᠷᠣᠨ ᠤ ᠲᠥᠪ ᠤᠨ ᠦᠢᠯᠡᠳᠦᠯ ᠢᠶᠠᠨ ᠪᠠᠳᠠᠷᠠᠭᠤᠯᠤᠨ᠂ ᠣᠷᠣᠨ ᠤ ᠲᠥᠪ ᠤᠨ ᠦᠶ᠋ᠯᠡ ᠠᠵᠢᠯᠯᠠᠭ᠎ᠠ ᠪᠠᠨ ᠬᠠᠷᠠᠭᠤᠯᠬᠤ ᠶᠢ ᠳᠡᠮᠵᠢᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ ︹2023︺ 1 ᠳ᠋ᠦ᠋ᠭᠡᠷ ᠲᠣᠭᠠᠲᠤ᠂ ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃     ᠨᠢᠭᠡ᠂ ︽ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ     ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠣᠷᠣᠨ ᠤ ᠲᠥᠪ ᠬᠤᠳᠠ ᠶᠢᠨ ᠴᠢᠳᠠᠮᠵᠢ ᠶᠢ ᠳᠡᠭᠡᠭᠰᠢᠯᠡᠭᠦᠯᠬᠦ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠤᠷᠢᠳ ᠢᠶᠠᠷ ᠪᠡᠶᠡᠯᠡᠭᠦᠯᠬᠦ ᠶᠢ ᠳᠡᠮᠵᠢᠬᠦ︾ ᠪᠠᠷ ᠳᠤᠷᠠᠳᠴᠤ᠂ 2022 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠬᠥᠬᠡᠬᠤᠲᠠ ᠶᠢᠨ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠬᠦ︾ ᠪᠠᠷ ᠳᠤᠷᠠᠳᠴᠠᠢ᠃     ᠬᠤᠶᠠᠷ᠂ ︽ᠰᠠᠨᠠᠯ︾ ᠤᠨ ᠭᠤᠣᠯ ᠠᠭᠤᠯᠭ᠎ᠠ     ︽ᠰᠠᠨᠠᠯ︾ ᠳᠤ ᠶᠡᠷᠦᠩᠬᠡᠢ ᠱᠠᠭᠠᠷᠳᠠᠯᠭ᠎ᠠ᠂ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠬᠦ᠂ ᠣᠷᠣᠨ ᠤ ᠲᠥᠪ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠶᠢ ᠲᠦᠷᠭᠡᠳᠬᠡᠨ ᠪᠠᠶᠢᠭᠤᠯᠬᠤ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠦᠷᠭᠡᠳᠬᠡᠨ ᠠᠬᠢᠭᠤᠯᠬᠤ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠰᠠᠶᠢᠵᠢᠷᠠᠭᠤᠯᠤᠨ ᠳᠡᠭᠡᠭᠰᠢᠯᠡᠭᠦᠯᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠭᠡᠬᠦ 8 ᠬᠡᠰᠡᠭ ᠪᠠᠭᠲᠠᠵᠤ ᠪᠣᠶ᠃     ᠨᠢᠭᠡᠳᠦᠭᠡᠷ ᠬᠡᠰᠡᠭ ᠨᠢ ᠶᠡᠷᠦᠩᠬᠡᠢ ᠱᠠᠭᠠᠷᠳᠠᠯᠭ᠎ᠠ ᠪᠣᠯᠣᠨ᠎ᠠ᠃ ᠣᠷᠣᠨ ᠤ ᠲᠥᠪ ᠤᠨ ᠡᠬᠢ ᠪᠠᠶᠠᠯᠢᠭ ᠤᠨ ᠰᠤᠷᠪᠤᠯᠵᠢ᠂ ᠳᠠᠪᠠᠭᠤᠯᠢᠭ ᠳᠠᠯᠳᠠ ᠬᠦᠴᠦᠨ ᠪᠠ ᠳᠤᠲᠠᠭᠤᠳᠠᠯ ᠪᠠᠭᠤᠷᠠᠢ ᠵᠦᠢᠯ ᠳᠤ ᠰᠠᠭᠤᠷᠢᠯᠠᠵᠤ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠵᠦ᠂ ᠬᠥᠭᠵᠢᠯᠲᠡ ᠶᠢᠨ ᠴᠢᠳᠠᠪᠤᠷᠢ ᠶᠢᠨ ᠲᠠᠰ ᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ︽ᠪᠣᠳᠠᠲᠤ ᠬᠦᠴᠦᠨ ᠪᠦᠬᠦᠢ ᠬᠤᠲᠠ︾ ᠶᠢ ᠴᠣᠭᠴᠠᠯᠠᠨ ᠪᠠᠶᠢᠭᠤᠯᠬᠤ᠂ ᠠᠵᠤ ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠢᠶᠠᠷ ᠲᠣᠪᠤᠶᠢᠮ᠎ᠠ ︽ᠬᠥᠭᠵᠢᠯᠲᠡ ᠶᠢᠨ ᠬᠤᠲᠠ︾ ᠶᠢ ᠴᠣᠭᠴᠠᠯᠠᠨ ᠪᠠᠶᠢᠭᠤᠯᠬᠤ᠂ ᠬᠤᠲᠠ ᠶᠢᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠭᠰᠡᠨ ︽ᠦᠵᠡᠰᠬᠦᠯᠡᠩᠲᠦ ᠰᠠᠶᠢᠬᠠᠨ ᠬᠤᠲᠠ︾ ᠶᠢ ᠴᠣᠭᠴᠠᠯᠠᠨ ᠪᠠᠶᠢᠭᠤᠯᠬᠤ᠂ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠥᠷᠨᠢᠭᠦᠨ ᠨᠡᠮᠡᠭᠳᠡᠭᠰᠡᠨ ︽ᠠᠮᠢᠵᠢᠷᠠᠯ ᠤᠨ ᠬᠦᠴᠦᠨ ᠤ ᠬᠤᠲᠠ︾  ᠶᠢ ᠴᠣᠭᠴᠠᠯᠠᠨ ᠪᠠᠶᠢᠭᠤᠯᠬᠤ᠂ ᠵᠠᠯᠠᠭᠤᠴᠤᠳ ᠤᠨ ᠬᠦᠰᠡᠨ ᠮᠥᠷᠥᠭᠡᠳᠦᠭᠰᠡᠨ ᠂ ᠨᠠᠰᠤᠲᠠᠶᠢᠴᠤᠳ ᠤᠨ ᠠᠮᠤᠷ ᠠᠮᠤᠭᠤᠯᠠᠩ ︽ᠵᠣᠯ ᠵᠢᠷᠭᠠᠯᠲᠤ ᠬᠤᠲᠠ︾ ᠶᠢ ᠴᠣᠭᠴᠠᠯᠠᠨ ᠪᠠᠶᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠳᠤᠷᠠᠳᠤᠨ ᠭᠠᠷᠭᠠᠪᠠ᠃     ᠬᠤᠶᠠᠳᠤᠭᠠᠷ ᠬᠡᠰᠡᠭ ᠨᠢ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠳᠡᠯᠡᠬᠡᠢ ᠶᠢᠨ ᠰᠦ ᠶᠢᠨ ᠬᠤᠲᠠ ᠶᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠡᠭᠦᠯᠡᠨ ᠬᠥᠨᠳᠡᠢ ᠶᠢ ᠴᠣᠭᠴᠠᠯᠠᠬᠤ᠂ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠪᠤᠶᠢᠵᠢᠭᠤᠯᠬᠤ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ᠃     ᠭᠤᠷᠪᠠᠳᠤᠭᠠᠷ ᠬᠡᠰᠡᠭ ᠨᠢ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠦᠨ᠎ᠠ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠦᠢᠯᠡᠳᠦᠯᠴᠡᠬᠦ ᠶᠢ ᠲᠦᠯᠬᠢᠨ ᠠᠬᠢᠭᠤᠯᠬᠤ᠂ ᠶᠡᠷᠦᠩᠬᠡᠢ ᠬᠡᠯᠲᠡᠰ ᠤᠨ ᠠᠵᠤ ᠠᠬᠤᠢ ᠶᠢ ᠬᠥᠭᠵᠢᠭᠦᠯᠬᠦ᠂ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡ ᠶᠢ ᠳᠡᠭᠡᠭᠰᠢᠯᠡᠭᠦᠯᠬᠦ 3 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ᠃     ᠳᠥᠷᠪᠡᠳᠦᠭᠡᠷ ᠬᠡᠰᠡᠭ ᠨᠢ ᠣᠷᠣᠨ ᠤ ᠲᠥᠪ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠨᠳᠥᠷ ᠬᠤᠷᠳᠤᠴᠠᠲᠤ ᠲᠡᠮᠦᠷ ᠵᠠᠮ ᠤᠨ ᠬᠦᠢᠰᠦ ᠬᠤᠲᠠ ᠶᠢ ᠪᠦᠲᠦᠭᠡᠨ ᠪᠠᠶᠢᠭᠤᠯᠬᠤ᠂ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ ᠪᠠᠶᠢᠭᠤᠯᠬᠤ᠂ ᠥᠨᠳᠥᠷ ᠬᠤᠷᠳᠤᠴᠠᠲᠤ ᠵᠠᠰᠠᠮᠠᠯ ᠵᠠᠮ ᠤᠨ ᠲᠣᠣᠷ ᠢ ᠪᠠᠶᠢᠭᠤᠯᠬᠤ᠂ ᠬᠤᠲᠠ ᠶᠢᠨ ᠰᠠᠭᠤᠷᠢ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠬᠤ ᠵᠡᠷᠭᠡ 4 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ᠃     ᠲᠠᠪᠤᠳᠤᠭᠠᠷ ᠬᠡᠰᠡᠭ ᠨᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠬᠤᠲᠠ ᠶᠢᠨ ᠲᠥᠯᠦᠪᠵᠢᠭᠦᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠬᠦ᠂ ᠴᠢᠨᠠᠷ ᠰᠠᠶᠢᠲᠠᠢ ᠡᠮᠴᠢᠯᠡᠭᠡ ᠪᠠ ᠰᠤᠷᠭᠠᠨ ᠬᠥᠮᠦᠵᠢᠯ ᠢ ᠬᠥᠭᠵᠢᠭᠦᠯᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠵᠡᠷᠭᠡ 4 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠢ ᠲᠣᠭᠲᠠᠭᠠᠪᠠ᠃     ᠵᠢᠷᠭᠤᠳᠤᠭᠠᠷ ᠬᠡᠰᠡᠭ ᠨᠢ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠦᠷᠭᠡᠳᠬᠡᠨ ᠠᠬᠢᠭᠤᠯᠤᠨ᠎ᠠ᠃ ᠭᠠᠳᠠᠭᠠᠳᠤ ᠨᠡᠭᠡᠭᠡᠯᠲᠡ ᠶᠢᠨ ᠲᠠᠪᠴᠠᠩ ᠢ ᠪᠤᠵᠠᠭᠠᠶᠢᠷᠠᠭᠤᠯᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ 2 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ᠃     ᠳᠣᠯᠣᠳᠤᠭᠠᠷ ᠬᠡᠰᠡᠭ ᠨᠢ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠰᠠᠶᠢᠵᠢᠷᠠᠭᠤᠯᠤᠨ ᠳᠡᠭᠡᠭᠰᠢᠯᠡᠭᠦᠯᠦᠨ᠎ᠠ᠃ ᠠᠵᠤ ᠠᠬᠤᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠳᠣᠷᠣᠭᠰᠢ ᠪᠠᠭᠤᠯᠭᠠᠬᠤ᠂ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠬᠤ᠂ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ᠂ ᠴᠠᠬᠢᠯᠭᠠᠨ ᠬᠡᠷᠡᠭᠯᠡᠬᠦ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡᠨ ᠤ ᠪᠠᠲᠤᠯᠠᠭ᠎ᠠ ᠶᠢ ᠴᠢᠩᠭᠠᠳᠬᠠᠬᠤ ᠵᠡᠷᠭᠡ 5 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ᠃     ᠨᠠᠢᠮᠠᠳᠤᠭᠠᠷ ᠬᠡᠰᠡᠭ ᠨᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠬᠤ᠂ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠵᠡᠷᠭᠡ 3 ᠲᠠᠯ᠎ᠠ ᠶᠢᠨ ᠲᠣᠭᠤᠷᠢᠨ ᠳᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃     ᠡᠭᠦᠨ ᠤ ᠬᠠᠮᠲᠤ᠂ ︽ᠰᠠᠨᠠᠯ︾ ᠳᠤ ᠳᠤᠷᠠᠳᠤᠭᠰᠠᠨ ᠳᠡᠮᠵᠢᠯᠬᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠭᠤᠣᠯ ᠠᠭᠤᠯᠭ᠎ᠠ ᠶᠢᠨ ᠲᠣᠭᠤᠷᠢᠨ ᠳᠤ ᠪᠣᠳᠠᠲᠠᠢ ᠪᠠᠷ ᠳᠡᠮᠵᠢᠬᠦ 60 ᠵᠦᠢᠯᠡᠰ ᠢ ᠳᠤᠷᠠᠳᠴᠤ᠂ ︽ᠭᠤᠣᠯᠳᠠᠯᠭ᠎ᠠ ᠲᠠᠢ ᠳᠡᠮᠵᠢᠬᠦ ᠵᠦᠢᠯᠡᠰ ᠤᠨ ᠨᠠᠷᠢᠨ ᠬᠠᠭᠤᠳᠠᠰᠤ︾ ᠶᠢ ᠪᠣᠶ ᠪᠣᠯᠭᠠᠭᠰᠠᠨ ᠪᠥᠭᠡᠳ ᠬᠠᠷᠢᠭᠤᠴᠠᠬᠤ ᠨᠢᠭᠡᠴᠢ ᠶᠢ ᠲᠣᠳᠣᠷᠬᠠᠶᠢᠯᠠᠭᠰᠠᠨ ᠪᠠᠶᠢᠨ᠎ᠠ᠃     ᠭᠤᠷᠪᠠ᠂ ︽ᠰᠠᠨᠠᠯ︾ ᠤᠨ ᠲᠣᠪᠤᠶᠢᠮ᠎ᠠ ᠣᠨᠴᠠᠯᠢᠭ     ︽ᠰᠠᠨᠠᠯ︾ ᠳᠤ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠠᠢ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ︽ᠭᠤᠷᠪᠠ ᠶᠢ ᠳᠣᠪᠤᠶᠢᠯᠭᠠᠬᠤ︾ ᠶᠢ ᠭᠤᠣᠯᠳᠠᠯᠭ᠎ᠠ ᠲᠠᠢ ᠬᠠᠷᠠᠭᠤᠯᠪᠠ᠃     ᠨᠢᠭᠡ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠳᠡᠮᠵᠢᠯᠭᠡ ᠶᠢ ᠳᠣᠪᠤᠶᠢᠯᠭᠠᠨ᠎ᠠ᠃ ᠬᠥᠬᠡᠬᠤᠲᠠ ᠶᠢᠨ ᠨᠢᠭᠡᠨᠲᠡ ᠵᠣᠬᠢᠬᠤ ᠬᠡᠮᠵᠢᠶᠡᠨ ᠤ ᠳᠠᠪᠠᠭᠤᠯᠢᠭ ᠲᠠᠢ ᠪᠣᠯᠤᠭᠰᠠᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠣᠭᠤᠷᠢᠨ ᠳᠤ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠥᠨᠳᠥᠷ ᠪᠠᠷᠢᠮᠵᠢᠶ᠎ᠠ ᠲᠠᠢ ᠪᠠᠷ ᠪᠠᠶᠢᠭᠤᠯᠬᠤ᠂ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠤᠳᠤᠬᠤ ᠬᠦᠴᠦᠨ ᠤ ᠲᠣᠣᠷ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠢ ᠪᠠᠶᠢᠭᠤᠯᠬᠤ᠂ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠮᠠᠲ᠋ᠧᠷᠢᠶᠠᠯ ᠤᠨ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠬᠤ ᠪᠠ ᠤᠯᠤᠰ ᠤᠨ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠵᠡᠷᠭᠡ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢᠨ ᠲᠣᠭᠤᠷᠢᠨ ᠳᠤ ᠣᠷᠳᠣ ᠴᠠᠭᠠᠨ ᠬᠡᠷᠡᠮ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠵᠡᠷᠭᠡ ᠰᠣᠶᠣᠯ ᠢ ᠤᠯᠠᠮᠵᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠬᠦ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠤᠪᠢᠳᠠᠭᠰᠠᠨ ᠡᠳ᠋ ᠤᠨ ᠬᠦᠴᠦᠨ ᠢᠶᠠᠷ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ ᠳᠡᠮᠵᠢᠯᠭᠡ ᠦᠵᠡᠭᠦᠯᠬᠦ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠠᠶᠢᠭᠤᠯᠬᠤ ᠵᠡᠷᠭᠡ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠦᠯᠬᠢᠨ ᠠᠬᠢᠭᠤᠯᠬᠤ ᠶᠢᠨ ᠲᠣᠭᠤᠷᠢᠨ ᠳᠤ᠂ ᠤᠯᠤᠰ ᠠᠴᠠ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠢ ᠡᠭᠦᠳᠦᠨ ᠪᠠᠶᠢᠭᠤᠯᠬᠤ᠂ ᠨᠡᠭᠦᠳᠡᠯ ᠤᠨ ᠰᠢᠪᠠᠭᠤ ᠮᠠᠶ᠋ᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠬᠤ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃     ᠬᠤᠶᠠᠷ ᠲᠤ᠂ ᠭᠤᠣᠯᠳᠠᠯᠭ᠎ᠠ ᠲᠠᠢ ᠲᠥᠷᠥᠯ ᠵᠦᠢᠯ ᠤᠨ ᠳᠡᠮᠵᠢᠯᠭᠡ ᠶᠢ ᠳᠣᠪᠤᠶᠢᠯᠭᠠᠨ᠎ᠠ᠃ ᠣᠷᠣᠨ ᠤ ᠲᠥᠪ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠥᠨᠳᠥᠷ ᠬᠤᠷᠳᠤᠴᠠᠲᠤ ᠲᠡᠮᠦᠷ ᠵᠠᠮ ᠤᠨ ᠬᠦᠢᠰᠦ ᠶᠢ ᠪᠦᠲᠦᠭᠡᠨ ᠪᠠᠶᠢᠭᠤᠯᠬᠤ᠂ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ ᠪᠠᠶᠢᠭᠤᠯᠬᠤ᠂ ᠥᠨᠳᠥᠷ ᠬᠤᠷᠳᠤᠴᠠᠲᠤ ᠵᠠᠰᠠᠮᠠᠯ ᠵᠠᠮ ᠤᠨ ᠲᠣᠣᠷ ᠢ ᠪᠠᠶᠢᠭᠤᠯᠬᠤ᠂ ᠮᠧᠲᠷᠣ᠋ ᠶᠢᠨ ᠱᠤᠭᠤᠮ ᠲᠣᠣᠷ ᠢ ᠰᠢᠯᠢᠳᠡᠭᠵᠢᠭᠦᠯᠬᠦ᠂ ᠬᠤᠲᠠ ᠶᠢᠨ ᠭᠦᠦᠷᠯᠢᠭ ᠲᠦᠷᠭᠡᠨ ᠬᠤᠷᠳᠤ ᠶᠢᠨ ᠵᠠᠮ ᠤᠨ ᠲᠣᠣᠷ ᠢ ᠪᠦᠲᠦᠭᠡᠨ ᠪᠠᠶᠢᠭᠤᠯᠬᠤ᠂ ᠬᠠᠲᠤᠨ ᠭᠤᠣᠯ ᠤᠨ ᠤᠰᠤ ᠶᠢ ᠲᠠᠲᠠᠨ ᠬᠥᠬᠡᠬᠤᠲᠠ ᠳᠤ ᠣᠷᠣᠭᠤᠯᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠲᠥᠷᠥᠯ ᠵᠦᠢᠯ ᠳᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠣᠷᠣᠨ ᠤ ᠲᠥᠪ ᠬᠤᠲᠠ ᠶᠢᠨ ᠲᠥᠯᠦᠪᠵᠢᠭᠦᠯᠭᠡ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃     ᠭᠤᠷᠪᠠ ᠳᠤ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠳᠡᠮᠵᠢᠯᠭᠡ ᠶᠢ ᠲᠤᠪᠤᠶᠢᠯᠭᠠᠨ᠎ᠠ᠃ ᠠᠵᠤ ᠠᠬᠤᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠳᠣᠷᠣᠭᠰᠢ ᠪᠠᠭᠤᠯᠭᠠᠬᠤ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠠᠤᠯᠢ ᠲᠣᠭᠲᠠᠭᠠᠯ ᠶᠣᠰᠣᠭᠠᠷ ᠨᠠᠶᠢᠳᠠᠬᠤ ᠪᠤᠶᠤ ᠬᠥᠬᠡᠬᠤᠲᠠ ᠳᠤ ᠪᠠᠭᠤᠯᠭᠠᠵᠤ ᠬᠡᠷᠡᠭᠵᠢᠭᠦᠯᠬᠦ ᠵᠡᠷᠭᠡ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠪᠠ᠃ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠬᠤ ᠶᠢᠨ ᠲᠣᠭᠤᠷᠢᠨ ᠳᠤ᠂ ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ᠂ ︽ᠨᠢᠭᠡ ᠲᠥᠪ ᠣᠯᠠᠨ ᠴᠡᠭ︾ ︽ᠬᠦᠴᠦᠷᠬᠡᠭ ᠲᠥᠪ ᠠᠮᠢᠳᠤᠯᠢᠭ ᠴᠡᠭ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠬᠥᠬᠡᠬᠤᠲᠠ ᠶᠢᠨ ᠣᠯᠠᠨ ᠠᠷᠭ᠎ᠠ ᠵᠠᠮ ᠢᠶᠠᠷ ᠣᠷᠣᠨ ᠤ ᠭᠠᠳᠠᠨ᠎ᠠ ᠠᠴᠠ ᠰᠢᠯᠢᠳᠡᠭ ᠺᠠᠳ᠋ᠷ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠬᠦ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ ᠶᠢᠨ ᠲᠣᠭᠤᠷᠢᠨ ᠳᠤ᠂ ︽ᠭᠠᠵᠠᠷ ᠰᠢᠷᠣᠢ ᠶᠢᠨ ᠴᠢᠬᠤᠯᠠ ᠬᠦᠴᠦᠨ ᠵᠦᠢᠯ ᠨᠢ ᠲᠥᠷᠥᠯ ᠵᠦᠢᠯ ᠢᠶᠠᠨ ᠳᠠᠭᠠᠬᠤ︾ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠴᠠᠬᠢᠯᠭᠠᠨ ᠬᠡᠷᠡᠭᠯᠡᠬᠦ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ ᠶᠢᠨ ᠲᠣᠭᠤᠷᠢᠨ ᠳᠤ᠂ ᠬᠥᠬᠡᠬᠤᠲᠠ ᠶᠢᠨ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠡᠷᠡᠭᠯᠡᠬᠦ ᠳᠠᠭᠠᠭᠠᠴᠠ ᠶᠢ ᠡᠷᠬᠢᠨ ᠲᠣᠭᠤᠷᠢᠨ ᠤ ᠠᠶᠢᠮᠠᠭ ᠬᠤᠲᠠ ᠳᠤ ᠭᠠᠵᠠᠷ ᠰᠣᠩᠭᠤᠨ ᠰᠢᠨ᠎ᠡ ᠡᠨᠧᠷᠭᠢ ᠶᠢᠨ ᠲᠥᠷᠥᠯ ᠵᠦᠢᠯ ᠪᠠᠶᠢᠭᠤᠯᠬᠤ ᠶᠢ ᠳᠡᠮᠵᠢᠬᠦ ᠵᠡᠷᠭᠡ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠪᠠ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡᠨ ᠤ ᠪᠠᠲᠤᠯᠠᠭ᠎ᠠ ᠶᠢ ᠴᠢᠩᠭᠠᠳᠬᠠᠬᠤ ᠶᠢᠨ ᠲᠣᠭᠤᠷᠢᠨ ᠳᠤ᠂ ︽ᠪᠡᠯᠡ ᠮᠦᠩᠬᠦ ᠨᠢ ᠬᠥᠮᠥᠨ ᠢᠶᠠᠨ ᠳᠠᠭᠠᠬᠤ︾ ᠶᠢ ᠬᠤᠯᠪᠣᠯᠳᠤᠭᠤᠯᠬᠤ ᠲᠣᠭᠲᠠᠴᠠ ᠶᠢ ᠳᠤᠷᠠᠳᠤᠨ ᠭᠠᠷᠭᠠᠵᠤ᠂ ᠬᠤᠶᠢᠰᠢᠳᠠ ᠶᠢᠨ 5 ᠵᠢᠯ ᠳᠤ ᠵᠢᠯ ᠪᠦᠷᠢ 30 ᠳ᠋ᠦᠩᠰᠢᠭᠤᠷ ᠲᠥᠭᠦᠷᠢᠭ ᠤᠨ ᠡᠳ᠋ ᠤᠨ ᠬᠦᠴᠦᠨ ᠤ ᠴᠢᠨᠠᠷᠲᠠᠢ ᠨᠥᠬᠦᠪᠦᠷᠢ ᠮᠥᠩᠭᠦ ᠶᠢ ᠰᠢᠨ᠎ᠡ ᠪᠠᠷ ᠨᠡᠮᠡᠭᠳᠡᠭᠦᠯᠦᠨ ᠬᠤᠳᠠ ᠶᠢᠨ ᠰᠠᠭᠤᠷᠢ ᠪᠡᠯᠡᠳᠬᠡᠮᠵᠢ ᠶᠢ ᠴᠢᠩᠭᠠᠳᠬᠠᠨ ᠰᠠᠶᠢᠵᠢᠷᠠᠭᠤᠯᠬᠤ ᠳᠤ ᠬᠡᠷᠡᠭᠯᠡᠬᠦ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号